| | ᠮᠤᠩᠭᠤᠯᠴᠤᠳ ᠡᠷᠳᠡ ᠲᠡᠭᠡᠳᠦ ᠠᠴᠠ ᠪᠠᠨ ᠠᠪᠤᠭᠠᠳ ᠦᠪᠡᠷ ᠤᠨ ᠡᠷᠬᠢᠯᠡᠨ ᠡᠵᠡᠮᠰᠢᠭᠰᠡᠨ ᠮᠠᠯ ᠰᠦᠷᠦᠭ ᠢᠶᠠᠨ | ᠲᠠᠨᠢᠨ ᠪᠦᠷᠢᠳᠭᠡᠬᠦ ᠳᠡᠭᠡᠨ ᠮᠠᠯ ᠤᠨ ᠦᠩᠭᠡ ᠵᠢᠰᠦᠮ᠂ ᠨᠠᠰᠦ ᠰᠢᠳᠦ᠂ ᠲᠦᠷᠰᠦ ᠶᠠᠩᠵᠦ ᠪᠠᠶᠢᠳᠠᠯ ᠵᠡᠷᠭᠡ ᠪᠠᠷ ᠨᠢ | ᠵᠢᠰᠤᠯᠠᠨ ᠢᠯᠭᠠᠪᠤᠷᠢᠯᠠᠬᠤ ᠠᠷᠭ᠎ᠠ ᠴᠢᠳᠠᠪᠤᠷᠢ ᠶᠢ ᠪᠤᠯᠪᠠᠰᠤᠷᠠᠭᠤᠯᠤᠭᠰᠠᠨ ᠠᠴᠠ ᠭᠠᠳᠠᠨ᠎ᠠ ᠪᠠᠰᠠ ᠨᠢᠭᠡ ᠴᠢᠬᠤᠯᠠ | ᠪᠠᠷᠢᠮᠳᠠ ᠲᠡᠮᠳᠡᠭ ᠊᠊᠊᠊ ᠲᠠᠮᠠᠭ᠎ᠠ ᠶᠢ ᠡᠭᠦᠳᠦᠨ ᠪᠦᠳᠦᠭᠡᠭᠰᠡᠨ ᠶᠤᠮ᠃ ᠵᠢᠯ ᠪᠦᠷᠢ ᠶᠢᠨ ᠬᠠᠪᠤᠷ ᠤᠨ ᠰᠡᠬᠦᠯᠴᠢ ᠵᠤᠨ ᠤ | ᠡᠬᠢ ᠪᠠᠷ ᠵᠠᠷᠤᠳ ᠬᠤᠰᠢᠭᠤᠨ ᠤ ᠮᠠᠯᠵᠢᠬᠤ ᠰᠤᠮᠤ ᠨᠢ ᠭᠠᠴᠠᠭ᠎ᠠ ᠪᠠᠷ ᠨᠢᠭᠡᠴᠢ ᠪᠣᠯᠭᠠᠨ ᠠᠳᠤᠭᠤᠨ ᠰᠤᠶᠤᠯ ᠤᠨ | ᠦᠪᠡᠳᠡᠭᠰᠢ ᠴᠤᠭᠯᠠᠭᠠᠨ ᠬᠢᠳᠡᠭ᠃ ᠡᠶᠢᠮᠦᠷᠬᠦᠤ ᠰᠠᠶᠢᠬᠠᠨ ᠪᠤᠶᠠᠨ ᠬᠡᠰᠢᠭ ᠲᠡᠯᠭᠡᠷᠡᠵᠦ᠂ ᠢᠷᠦᠬᠡᠯ ᠵᠦᠩᠨᠡᠯ | ᠤᠨᠳᠤᠷᠤᠭᠰᠠᠨ ᠠᠳᠤᠭᠤᠨ ᠰᠤᠶᠤᠯ ᠤᠨ ᠴᠤᠭᠯᠠᠭᠠᠨ ᠳᠤ ᠭᠤᠣᠯᠳᠠᠭᠤ ᠦᠷᠢᠶ᠎ᠡ ᠬᠠᠭᠠᠷᠢᠬᠤ᠂ ᠠᠳᠤᠭᠤ ᠲᠠᠮᠠᠭᠠᠯᠠᠬᠤ | ᠂ ᠠᠳᠤᠭᠤ ᠲᠡᠯᠯᠡᠬᠦ᠂ ᠡᠮᠨᠢᠭ ᠰᠤᠷᠭᠠᠬᠤ᠂ ᠮᠤᠷᠢᠨ ᠮᠡᠷᠭᠡᠵᠢᠯ ᠤᠨ ᠦᠵᠡᠬᠦᠯᠬᠡ ᠵᠡᠷᠬᠡ ᠠᠵᠢᠯᠯᠠᠭ᠎ᠠ ᠶᠠᠪᠤᠭᠳᠠᠭᠤᠯᠳᠠᠭ | ᠃ ᠡᠬᠦᠨ ᠢᠶᠠᠷ ᠳᠠᠮᠵᠢᠵᠦ ᠵᠠᠯᠠᠭᠤ ᠬᠥᠮᠦᠨ ᠤ ᠮᠤᠷᠢ ᠤᠷᠭᠠᠯᠠᠬᠤ ᠮᠡᠷᠭᠡᠵᠢᠯ ᠪᠠ ᠡᠮᠨᠢᠭ ᠰᠤᠷᠭᠠᠬᠤ ᠴᠢᠳᠠᠪᠤᠷᠢ ᠶᠢ | ᠪᠤᠯᠪᠠᠰᠤᠷᠠᠭᠤᠯᠳᠠᠭ ᠢᠶᠠᠷ ᠪᠠᠷᠠᠬᠤ ᠦᠭᠡᠢ᠂ ᠮᠠᠯᠴᠢᠳ ᠥᠪᠡᠷ ᠥᠪᠡᠷ ᠤᠨ ᠮᠤᠷᠢᠨ ᠤ ᠡᠳ᠋ᠯᠡᠯ ᠪᠠ ᠤᠷᠭ᠎ᠠ ᠶᠢᠨ ᠢᠶᠠᠨ | ᠤᠷᠳᠤ ᠤᠬᠤᠷ ᠤᠶᠠᠨ ᠵᠦᠭᠡᠯᠡᠨ ᠢ ᠭᠠᠶᠢᠬᠠᠭᠤᠯᠳᠠᠭ᠃ | | | | | | | | | ᠮᠤᠩᠭᠤᠯᠴᠤᠳ ᠤᠨ ᠠᠳᠤᠭᠤᠨ ᠰᠣᠶᠣᠯ ᠤᠨ ᠨᠠᠭᠠᠳᠤᠮ ᠨᠢ ᠲᠠᠯ᠎ᠠ ᠨᠤᠲᠤᠭ ᠤᠨ ᠡᠷᠡᠭᠲᠡᠶᠢᠴᠦᠳ ᠤᠨ ᠡᠷ᠎ᠡ | ᠬᠦᠴᠦ ᠪᠤᠯᠤᠨ ᠡᠷᠡᠮᠡᠭ ᠤᠬᠠᠭᠠᠨ ᠢ ᠰᠢᠯᠭᠠᠬᠤ ᠮᠥᠷᠦ᠋ᠢᠴᠡᠭᠡᠨ ᠶᠤᠮ᠂ ᠮᠥᠨ ᠴᠦ ᠲᠠᠯ᠎ᠠ ᠨᠤᠲᠤᠭ ᠤᠨ | ᠡᠮᠡᠭᠲᠡᠶᠢᠴᠦᠳ ᠤᠨ ᠭᠠᠷ ᠤᠷᠠᠨ ᠢ ᠭᠠᠶᠢᠬᠠᠭᠤᠯᠬᠤ ᠲᠠᠪᠴᠠᠩ ᠪᠤᠯᠬᠤ ᠶᠤᠮ᠃ ᠡᠷᠳᠡᠨᠢᠰᠠᠩ ᠤᠨ ᠬᠢᠨ ᠪᠣᠯ ᠵᠠᠷᠤᠳ | ᠬᠤᠰᠢᠭᠤᠨ ᠤ ᠤᠯᠠᠭᠠᠨᠬᠠᠳᠠ ᠰᠤᠮᠤᠨ ᠤ ᠬᠤᠩᠬᠠᠳᠦ ᠭᠠᠴᠠᠭ᠎ᠠ ᠶᠢᠨ ᠠᠳᠤᠭᠤ ᠲᠡᠵᠢᠬᠡᠬᠦ ᠲᠣᠮᠣ ᠡᠷᠦᠬᠡ ᠪᠣᠯᠤᠨ᠎ᠠ᠃ | ᠳᠡᠳᠡᠨ ᠤ ᠬᠢᠨ 100 ᠭᠠᠷᠤᠶ ᠮᠣᠩᠭᠤᠯ ᠮᠣᠷᠢ ᠲᠡᠵᠢᠬᠡᠨ᠂ ᠬᠡᠬᠦᠤ ᠰᠠᠭᠠᠵᠦ ᠴᠡᠭᠡ ᠪᠤᠷᠤᠯᠠᠭᠤᠯᠬᠤ ᠪᠠ ᠤᠨᠠᠭ᠎ᠠ | ᠬᠤᠳᠠᠯᠳᠤᠵᠦ ᠵᠢᠯ ᠳᠤ 20 ᠲᠦᠮᠡᠨ ᠲᠥᠭᠦᠷᠢᠭ ᠤᠨ ᠤᠷᠤᠯᠭ᠎ᠠ ᠤᠯᠳᠠᠭ ᠪᠠᠶᠢᠨ᠎ᠠ᠃ ᠡᠷᠳᠡᠨᠢᠰᠠᠩ ᠪᠠᠰᠠ | ᠤᠯᠠᠮᠵᠢᠯᠠᠯᠲᠤ ᠠᠳᠤᠭᠤᠨ ᠰᠣᠶᠣᠯ ᠤᠨ ᠲᠤᠭᠤᠷᠢᠨ ᠳᠤ ᠴᠡᠭᠡ ᠪᠠ ᠰᠠᠭᠠᠯᠢ ᠶᠢᠨ ᠠᠷᠢᠬᠢ ᠬᠢᠬᠦ ᠤᠯᠠᠮᠵᠢᠯᠠᠯᠳᠦ ᠤᠷ᠎ᠠ | ᠮᠡᠷᠭᠡᠵᠢᠯ ᠢ ᠦᠪᠯᠡᠨ ᠵᠠᠯᠭᠠᠮᠵᠢᠯᠠᠵᠦ᠂ ᠠᠳᠤᠭᠤᠨ ᠤ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠠᠳᠤᠭᠤᠨ ᠰᠣᠶᠣᠯ ᠤᠨ ᠬᠥᠭᠵᠢᠯᠲᠡ ᠶᠢ ᠠᠬᠢᠭᠤᠯᠵᠦ ᠪᠤᠢ᠃ 7 ᠰᠠᠷ᠎ᠠ ᠶᠢᠨ 1 ᠤ ᠡᠳᠦᠷ᠂ ᠡᠷᠳᠡᠨᠢᠰᠠᠩ ᠤᠶᠢᠷ᠎ᠠ | ᠬᠠᠪᠢ ᠶᠢᠨ ᠮᠠᠯᠴᠢᠳ ᠢᠶᠠᠨ ᠵᠣᠬᠢᠶᠠᠨ ᠪᠠᠶᠢᠭᠤᠯᠤᠨ ᠠᠳᠤᠭᠤ ᠳᠠᠮᠠᠭᠠᠯᠠᠬᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | ᠬᠦᠯᠦᠭ ᠤᠨ ᠨᠢᠷᠦᠭᠤᠨ ᠳᠤ ᠬᠡᠶᠢᠮᠦᠷᠢ ᠰᠡᠷᠬᠦᠭᠡᠵᠦ ᠶᠠᠪᠤᠭᠰᠠᠨ ᠬᠠᠰᠢᠷ ᠠᠳᠤᠭᠤᠴᠢᠳ ᠤᠷᠭ᠎ᠠ ᠰᠤᠭᠰᠤᠯᠵᠠᠭᠤᠯᠤᠨ | ᠠᠳᠤᠭᠤ ᠤᠷᠭᠠᠯᠠᠨ᠂ ᠠᠳᠤᠭᠤ ᠤᠨᠠᠭᠠᠵᠦ ᠡᠷ᠎ᠠ ᠬᠦᠴᠦ ᠪᠠᠨ ᠰᠢᠯᠭᠠᠯᠴᠠᠨ᠂ ᠬᠦᠮᠦᠰ ᠤᠨ ᠬᠠᠰᠬᠢᠷᠤᠯᠳᠤᠬᠤ | ᠳᠠᠭᠤᠨ᠂ ᠠᠳᠤᠭᠤ ᠢᠨᠴᠠᠭᠠᠬᠤ ᠳᠠᠭᠤᠨ᠂ ᠮᠤᠷᠢᠨ ᠳᠤᠭᠤᠷᠠᠢ ᠶᠢᠨ ᠳᠦᠪᠡᠷᠬᠡᠨ ᠠᠭᠱᠠᠨ ᠵᠠᠭᠤᠷ᠎ᠠ ᠳᠡᠯ᠎ᠠ ᠨᠤᠳᠤᠭ ᠢ | ᠬᠦᠷ ᠬᠦᠭᠵᠢᠶᠡᠨ ᠢᠶᠠᠷ ᠪᠢᠯᠬᠠᠭᠤᠯᠪᠠ᠂ ᠬᠡᠳᠦᠨ ᠵᠠᠯᠠᠭᠤ ᠤᠷᠭᠠᠯᠠᠭᠰᠠᠨ ᠮᠣᠷᠢ ᠪᠠᠨ ᠭᠠᠵᠠᠷ ᠤᠨᠠᠭᠠᠵᠦ᠂ | ᠤᠯᠠᠶᠢᠭᠰᠠᠨ ᠲᠠᠮᠠᠭ᠎ᠠ ᠪᠠᠨ ᠪᠠᠷᠢᠵᠦ ᠠᠳᠤᠭᠤᠨ ᠲᠠᠰᠢᠶ᠎ᠠ ᠳᠤ ᠲᠠᠮᠠᠭᠠᠯᠠᠨ᠎ᠠ᠃ | |