| | ᠣᠳᠣᠬᠠᠨ᠎ᠠ ᠵᠢᠭᠤᠯᠴᠢᠯᠠᠯ ᠤᠨ ᠣᠶᠢᠢᠯᠡᠰ ᠨᠢ ᠬᠦᠮᠦᠰ ᠤᠨ ᠰᠤᠶᠤᠯ ᠤᠨ ᠠᠮᠢᠳᠤᠷᠠᠯ ᠤᠨ ᠴᠢᠬᠤᠯᠠ ᠨᠢᠭᠡᠨ | ᠠᠭᠤᠯᠭ᠎ᠠ ᠪᠤᠯᠵᠦ᠂ ᠡᠳ᠋ ᠪᠤᠳᠠᠰ ᠤᠨ ᠪᠤᠯᠪᠠᠰᠤᠨ ᠢ ᠨᠦᠬᠦᠪᠦᠷᠢᠯᠡᠬᠦ ᠤᠶᠤᠨ ᠰᠠᠨᠠᠭᠠᠨ ᠤ ᠬᠦᠮᠦᠵᠢᠯ ᠪᠠ | ᠬᠦᠷᠲᠡᠭᠡᠯ ᠤᠨ ᠦᠪᠡᠷᠮᠢᠴᠡ ᠬᠡᠯᠪᠡᠷᠢ ᠶᠢ ᠪᠦᠷᠢᠯᠳᠦᠭᠦᠯᠦᠭᠰᠡᠨ ᠪᠠᠶᠢᠨ᠎ᠠ᠃ ᠵᠢᠭᠤᠯᠴᠢᠯᠠᠯ ᠨᠢ ᠵᠢᠭᠤᠯᠴᠢᠯᠠᠭᠴᠢᠳ ᠲᠤ | ᠪᠠᠶᠢᠭᠠᠯᠢ ᠠᠬᠤᠢ ᠶᠢᠨ ᠦᠩᠭᠡ ᠦᠵᠡᠮᠵᠢ᠂ ᠬᠦᠮᠦᠨ ᠠᠷᠠᠳ ᠤᠨ ᠰᠤᠶᠤᠯ ᠲᠡᠦᠬᠡ᠂ ᠤᠷᠤᠨ ᠪᠦᠰᠡ ᠶᠢᠨ ᠠᠵᠦ | ᠠᠬᠤᠢ ᠡᠳ᠋ ᠠᠭᠤᠷᠰᠤᠨ ᠤ ᠪᠠᠶᠠᠯᠢᠭ ᠢ ᠰᠤᠨᠢᠷᠬᠠᠭᠤᠯᠵᠦ᠂ ᠦᠪᠡᠷᠮᠢᠴᠠ ᠰᠣᠨᠢᠨ ᠭᠠᠶᠢᠬᠠᠮᠰᠢᠭ ᠢᠶᠠᠷ ᠤᠶᠤᠨ | ᠰᠠᠨᠠᠭ᠎ᠠ ᠴᠤᠭ ᠰᠦᠯᠳᠡ ᠪᠠᠨ ᠬᠦᠭᠵᠢᠭᠡᠵᠣ᠂ ᠤᠨᠲᠠᠷᠠᠰᠢ ᠦᠭᠡᠢ ᠬᠦᠰᠡᠯ ᠲᠡᠮᠡᠦᠯᠤᠯ᠂ ᠭᠤᠶᠤ ᠰᠠᠶᠢᠬᠠᠨ ᠤ | ᠬᠦᠷᠲᠡᠭᠡᠯ ᠤᠯᠳᠠᠭ ᠪᠦᠭᠡᠳ ᠵᠢᠭᠤᠯᠴᠢᠯᠠᠯ ᠤᠨ ᠤᠷᠤᠨ ᠤ ᠨᠡᠷ᠎ᠡ ᠲᠦᠷᠦ ᠶᠢ ᠮᠠᠨᠳᠤᠭᠤᠯᠵᠦ᠂ ᠠᠵᠦ ᠠᠬᠤᠢ ᠶᠢᠨ | ᠤᠷᠤᠯᠭ᠎ᠠ ᠶᠢ ᠨᠡᠮᠡᠭᠳᠡᠬᠦᠯᠳᠡᠭ᠃ ᠲᠡᠶᠢᠮᠦ ᠪᠤᠯᠬᠤᠷ ᠬᠦᠮᠦᠰ ᠵᠢᠭᠤᠯᠴᠢᠯᠠᠯ ᠤᠨ ᠣᠶᠢᠢᠯᠡᠰ ᠢ ︽ᠤᠲᠤᠭ᠎ᠠ ᠦᠭᠡᠢ | ᠦᠢᠯᠡᠳᠪᠦᠷᠢ︾ ᠭᠡᠵᠦ ᠡᠷᠬᠢᠮᠯᠡᠨ ᠴᠢᠬᠤᠯᠠᠴᠢᠯᠠᠬᠤ ᠪᠤᠯᠵᠦ᠂ ᠭᠠᠵᠠᠷ ᠪᠤᠯᠭᠠᠨ ᠳᠤ ︽ᠵᠢᠭᠤᠯᠴᠢᠯᠠᠯ ᠢᠶᠠᠷ | ᠬᠤᠰᠢᠭᠤ ᠪᠠᠨ ᠮᠠᠨᠳᠤᠭᠤᠯᠤᠨ᠎ᠠ︾᠂ ︽ᠵᠢᠭᠤᠯᠴᠢᠯᠠᠯ ᠢᠶᠠᠷ ᠡᠬᠡ ᠤᠷᠤᠨ ᠢᠶᠠᠨ ᠬᠦᠴᠦᠷᠬᠡᠭᠵᠢᠭᠦᠯᠦᠨ᠎ᠡ︾᠂ ︽ | ᠵᠢᠭᠤᠯᠴᠢᠯᠠᠯ ᠢᠶᠠᠷ ᠠᠷᠠᠳ ᠢᠶᠠᠨ ᠪᠠᠶᠠᠵᠢᠭᠤᠯᠤᠨ᠎ᠠ︾ ᠭᠡᠰᠡᠨ ᠤᠷᠢᠶᠠᠯᠠᠯ ᠬᠦᠭᠵᠢᠶᠡᠨ ᠲᠠᠢ ᠦᠷᠨᠢᠵᠦ᠂ ︽ᠠᠮᠢ | ᠠᠬᠤᠢ ᠶᠢᠨ ᠵᠢᠭᠤᠯᠴᠢᠯᠠᠯ ᠤᠨ ᠭᠠᠵᠠᠷ︾ ᠪᠠᠶᠢᠭᠤᠯᠬᠤ ᠶᠢ ᠣᠷᠤᠨ ᠨᠣᠳᠤᠭ ᠪᠣᠶᠣ ᠠᠷᠠᠳ ᠣᠯᠠᠨ ᠤ ᠤᠷᠤᠯᠭ᠎ᠠ ᠶᠢ | ᠨᠡᠮᠡᠭᠳᠡᠭᠦᠯᠬᠦ ᠴᠢᠬᠤᠯᠠ ᠠᠷᠭ᠎ᠠ ᠬᠡᠯᠪᠡᠷᠢ ᠪᠤᠯᠭᠠᠵᠦ᠂ ᠳᠡᠭᠡᠷ᠎ᠡ ᠠᠴᠠ ᠳᠤᠷᠤᠭᠰᠢ ᠡᠯ᠎ᠡ ᠵᠦᠢᠯ ᠤᠨ ᠲᠦᠷᠦ ᠶᠢᠨ | ᠪᠤᠳᠤᠯᠭ᠎ᠠ ᠶᠢᠨ ᠵᠢᠯᠤᠭᠤᠳᠤᠮᠵᠢ ᠬᠦᠲᠦᠯᠦᠮᠵᠢ ᠲᠠᠢ ᠪᠠᠷ ᠬᠢᠵᠦ ᠪᠠᠶᠢᠨ᠎ᠠ᠃ ᠭᠡᠪᠡᠴᠦ ᠵᠢᠭᠤᠯᠴᠢᠯᠠᠯ ᠭᠡᠭᠴᠢ ᠶᠠᠭᠤ | ᠪᠤᠯᠬᠤ ᠶᠢ ᠮᠡᠳᠡᠬᠦ ᠦᠭᠡᠢ᠂ ᠵᠢᠭᠤᠯᠴᠢᠯᠠᠯ ᠢ ᠦᠪᠡᠷ ᠤᠨ ᠭᠠᠵᠠᠷ ᠤᠷᠤᠨ ᠤ ᠪᠠᠨ ᠪᠤᠳᠠᠲᠤ ᠪᠠᠶᠢᠳᠠᠯ ᠳᠤ | ᠵᠤᠬᠢᠴᠠᠭᠤᠯᠤᠨ ᠤᠶᠠᠯᠳᠤᠭᠤᠯᠤᠭᠰᠠᠨ ᠢᠶᠠᠷ ᠬᠦᠷᠦᠯᠴᠡᠬᠦ ᠦᠭᠡᠢ᠂ ᠲᠤᠬᠠᠶᠢᠯᠠᠭᠰᠠᠨ ᠠᠵᠢᠯ ᠤᠨ ᠮᠡᠳᠡᠯᠭᠡ ᠪᠠ | ᠬᠦᠭᠵᠢᠯᠲᠡ ᠶᠢᠨ ᠲᠦᠰᠦᠪ ᠲᠦᠯᠦᠪᠯᠡᠭᠡ ᠦᠭᠡᠢ ᠵᠡᠷᠭᠡ ᠤᠯᠠᠨ ᠵᠦᠢᠯ ᠠᠴᠠ ᠰᠢᠯᠲᠠᠭᠠᠯᠠᠭᠳᠠᠨ ᠵᠢᠭᠤᠯᠴᠢᠯᠠᠯ ᠨᠢ | ᠠᠮᠢ ᠠᠬᠤᠢ ᠶᠢ ᠡᠪᠳᠡᠬᠦ᠂ ᠪᠤᠬᠢᠷᠳᠣᠭᠤᠯᠬᠤ ᠵᠡᠷᠭᠡ ᠰᠢᠨ᠎ᠡ ᠠᠷᠬᠠᠭ ᠭᠡᠮ ᠲᠠᠭᠠᠯᠳᠤᠨ ᠪᠤᠢ ᠪᠤᠯᠵᠤ ᠪᠠᠶᠢᠭ᠎ᠠ ᠶᠢ | ᠪᠢᠳᠡ ᠠᠩᠬᠠᠷᠤᠭᠤᠰᠢᠲᠠᠢ ᠪᠠᠶᠢᠨ᠎ᠠ᠃ | ᠠᠮᠢ ᠠᠬᠤᠢ ᠶᠢᠨ ᠵᠢᠭᠤᠯᠴᠢᠯᠠᠯ ᠭᠡᠵᠦ ᠶᠠᠭᠤ ᠪᠤᠢ | ᠤᠯᠠᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠤᠭᠠᠨ ︵IUCN︶ ᠤ ᠤᠨᠴᠠ ᠳᠡᠰ ᠤᠨ | ᠵᠦᠪᠯᠡᠭᠴᠢ᠂ ᠮᠤᠰᠢᠺᠦ ᠶᠢᠨ ᠬᠠ᠊ · ᠰᠤᠪᠠᠶᠢᠷᠰ · ᠯᠠᠰᠺᠦᠷᠢᠨ ᠭᠡᠳᠡᠭ ᠡᠷᠳᠡᠮᠲᠡᠨ 1983 ᠤᠨ ᠳᠤ ︽ᠠᠮᠢ | ᠠᠬᠤᠢ ᠶᠢᠨ ᠵᠢᠭᠤᠯᠴᠢᠯᠠᠯ ᠤᠨ ᠤᠬᠠᠬᠳᠠᠬᠤᠨ︾ ᠢ ᠠᠩᠬ᠎ᠠ ᠳᠤᠷᠠᠳᠬᠤ ᠳᠠᠭᠠᠨ ︽ᠪᠠᠶᠢᠭᠠᠯᠢᠯᠢᠭ ᠦᠩᠭᠡ | ᠦᠵᠡᠮᠵᠢ ᠶᠢ ᠰᠤᠨᠢᠷᠬᠠᠨ ᠦᠵᠡᠬᠦ ᠵᠢᠭᠤᠯᠴᠢᠯᠠᠯ ᠨᠢ ᠦᠵᠡᠵᠦ ᠰᠤᠨᠢᠷᠬᠠᠵᠦ ᠪᠠᠶᠢᠭ᠎ᠠ ᠵᠦᠢᠯ ᠳᠡᠭᠡᠨ ᠶᠠᠮᠠᠷᠴᠤ | ᠬᠤᠬᠢᠷᠠᠯ ᠤᠴᠠᠷᠠᠭᠤᠯᠬᠤ ᠦᠭᠡᠢ ᠪᠠᠶᠢᠬᠤ ᠠᠶᠠᠯᠠᠯ ᠵᠢᠭᠤᠯᠴᠢᠯᠠᠯ ᠢ ᠬᠡᠯᠡᠵᠦ ᠪᠠᠶᠢᠨ᠎ᠠ︾ ᠬᠡᠮᠡᠨ ᠵᠢᠭᠠᠵᠦ ᠭᠠᠷᠭᠠᠪᠠ᠃ | ᠡᠷᠳᠡᠮᠲᠡᠨ ᠴᠧᠨ ᠶᠢᠦ ᠵᠦᠡᠭ 1996 ᠤᠨ ᠳᠤ᠂ ︽ᠪᠠᠶᠢᠭᠠᠯᠢ ᠶᠢ ᠰᠡᠷᠡᠨ ᠮᠡᠳᠡᠷᠡᠵᠦ ᠬᠡᠰᠢᠭ ᠬᠦᠷᠲᠡᠭᠡᠯ ᠡᠳ᠋ᠯᠡᠬᠦ | ᠪᠠ ᠪᠠᠶᠢᠭᠠᠯᠢ ᠶᠢ ᠲᠠᠨᠢᠬᠤ ᠪᠤᠯᠤᠨ ᠰᠤᠳᠤᠯᠬᠤ ᠶᠢ ᠤᠶᠠᠯᠳᠤᠭᠤᠯᠬᠤ ᠵᠢᠴᠢ ᠪᠠᠶᠢᠭᠠᠯᠢ ᠶᠢ ᠬᠠᠮᠠᠭᠠᠯᠠᠬᠤ ᠪᠠ | ᠬᠦᠭᠵᠢᠭᠦᠯᠬᠦ ᠠᠵᠢᠯᠯᠠᠭ᠎ᠠ ᠶᠢᠨ ᠨᠢᠭᠡᠳᠦᠯᠲᠡᠢ ᠴᠤᠭᠴᠠ ᠶᠢ ᠠᠮᠢ ᠠᠬᠤᠢ ᠶᠢᠨ ᠵᠢᠭᠤᠯᠴᠢᠯᠠᠯ ᠭᠡᠨ᠎ᠡ︾ ᠬᠡᠮᠡᠨ | ᠳᠤᠷᠠᠳᠪᠠ᠃ 21 ᠳ᠋ᠤᠭᠡᠷ ᠵᠠᠭᠤᠨ ᠤ ᠡᠬᠢᠨ ᠳᠤ᠂ ᠳᠡᠯᠡᠬᠡᠢ ᠶᠢᠨ ᠵᠢᠭᠤᠯᠴᠢᠯᠠᠯ ᠤᠨ ᠦᠢᠯᠡᠰ ᠤᠨ ᠵᠤᠬᠢᠶᠠᠨ | ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠹᠷᠠᠩᠺᠠᠷᠢ ︽ᠠᠮᠢ ᠠᠬᠤᠢ ᠶᠢᠨ ᠵᠢᠭᠤᠯᠴᠢᠯᠠᠯ ᠪᠤᠯᠤᠨ | ᠦᠷᠭᠦᠯᠵᠢᠯᠡᠨ ᠬᠦᠭᠵᠢᠭᠦᠯᠬᠦ ᠨᠢ ᠲᠤᠯᠭᠠᠮ ᠪᠠᠴᠢᠮ ᠲᠡᠦᠬᠡᠲᠦ ᠡᠭᠦᠷᠭᠡ ᠪᠤᠯᠵᠦ᠂ ᠠᠵᠦ ᠠᠬᠤᠢ ᠶᠢᠨ ᠠᠵᠢᠯᠯᠠᠭ᠎ᠠ ᠶᠢ | ᠤᠷᠮᠠᠰᠢᠭᠤᠯᠵᠦ᠂ ᠶᠠᠳᠠᠭᠤᠷᠠᠯ ᠢ ᠪᠠᠭᠠᠰᠬᠠᠬᠤ᠂ ᠬᠠᠮᠤᠭ ᠤᠨ ᠶᠠᠳᠠᠭᠤ ᠪᠠᠭᠤᠷᠠᠢ ᠬᠦᠮᠦᠰ ᠲᠤ ᠠᠮᠢᠳᠤᠷᠠᠯ ᠤᠨ ᠵᠠᠮ | ᠤᠯᠭᠤᠬᠤ ᠠᠷᠭ᠎ᠠ ᠬᠡᠯᠪᠡᠷᠢ ᠪᠤᠯᠵᠦ ᠪᠠᠶᠢᠨ᠎ᠠ︾ ᠭᠡᠰᠡᠨ ᠪᠠᠶᠢᠨ᠎ᠠ᠃ | ᠦᠪᠦᠷ ᠮᠤᠩᠭᠤᠯ ᠤᠨ ᠠᠮᠢ ᠠᠬᠤᠢ ᠶᠢᠨ ᠵᠢᠭᠤᠯᠴᠢᠯᠠᠯ ᠶᠠᠮᠠᠷ ᠪᠤᠢ | ᠦᠨᠳᠦᠰᠦᠨ ᠤᠬᠠᠬᠳᠠᠬᠤᠨ ᠤ ᠲᠠᠯ᠎ᠠ ᠪᠠᠷ ᠲᠤᠳᠤᠷᠬᠠᠢ ᠵᠦᠪ ᠤᠶᠢᠯᠠᠭᠠᠯᠲᠠ ᠲᠠᠢ ᠪᠤᠯᠵᠦ ᠴᠢᠳᠠᠭ᠎ᠠ ᠦᠭᠡᠢ ᠠᠴᠠ | ᠤᠯᠠᠨ ᠠᠷᠪᠢᠨ ᠪᠠᠯᠠᠷᠬᠠᠢ ᠵᠦᠢᠯ ᠨᠢ ᠰᠠᠭᠠᠳ ᠲᠤᠳᠬᠠᠷ ᠪᠤᠯᠵᠦ ᠪᠠᠶᠢᠨ᠎ᠠ᠃ ᠦᠪᠡᠷ ᠤᠨ ᠪᠡᠶ᠎ᠡ ᠪᠠ ᠤᠷᠤᠰᠢᠨ | ᠪᠠᠶᠢᠭ᠎ᠠ ᠭᠠᠵᠠᠷ ᠤᠷᠤᠨ ᠤ ᠪᠠᠨ ︽ᠠᠮᠢ ᠠᠬᠤᠢ ᠶᠢᠨ ᠬᠠᠷᠢᠴᠠᠭ᠎ᠠ︾ ᠶᠢ ᠲᠤᠩ ᠢᠪᠴᠤᠤ ᠲᠠᠯ᠎ᠠ ᠠᠴᠠ ᠤᠶᠢᠯᠠᠭᠠᠵᠦ | ᠂ ᠵᠢᠭᠤᠯᠴᠢᠯᠠᠯ ᠤᠨ ᠦᠢᠯᠡᠰ ᠨᠢ ᠪᠦᠬᠦ ᠲᠠᠯ᠎ᠠ ᠳᠤ ᠶᠠᠭᠤ ᠪᠤᠯᠬᠤ ᠶᠢ ᠰᠡᠳᠭᠢᠨ ᠪᠤᠳᠤᠬᠤ ᠪᠠᠷ ᠲᠣᠳᠠᠮᠠᠭ ᠪᠠᠶᠢᠨ᠎ᠠ᠃ | ᠵᠦᠪᠬᠡᠨ ᠲᠠᠯ᠎ᠠ ᠨᠤᠲᠤᠭ ᠤᠨ ᠢᠶᠠᠨ ᠡᠪᠡᠰᠦ ᠤᠷᠭᠤᠮᠠᠯ ᠢ ᠯᠡ ᠠᠮᠢ ᠠᠬᠤᠢ ᠶᠢᠨ ᠵᠦᠢᠯ ᠢᠶᠠᠷ ᠦᠵᠡᠵᠦ᠂ ᠢᠷᠡᠬᠦ | ᠵᠤᠴᠢᠳ ᠢᠶᠠᠨ ᠠᠮᠢ ᠠᠬᠤᠢ ᠶᠢᠨ ᠬᠦᠷᠢᠶ᠎ᠡ ᠬᠡᠪᠴᠢᠶᠡᠨ ᠳᠤ ᠪᠠᠭᠲᠠᠭᠠᠬᠤ ᠦᠭᠡᠢ᠂ ᠵᠢᠭᠤᠯᠴᠢᠯᠠᠭᠴᠢᠳ ᠤᠨ ᠦᠢᠯᠡ | ᠬᠦᠳᠡᠯᠭᠡᠭᠡᠨ ᠢ ᠨᠢ ᠠᠮᠢ ᠠᠬᠤᠢ ᠶᠢᠨ ᠬᠠᠮᠠᠭᠠᠯᠠᠯᠲᠠ ᠲᠠᠢ ᠠᠮᠢᠳᠣᠯᠢᠭ ᠢᠶᠠᠷ ᠣᠶᠠᠯᠳᠣᠭᠤᠯᠬᠤ ᠶᠢ ᠪᠤᠳᠤᠯᠬᠢᠯᠠᠬᠤ | ᠦᠭᠡᠢ ᠪᠠᠶᠢᠨ᠎ᠠ᠃ ᠦᠪᠡᠷ ᠤᠨ ᠪᠡᠶᠡᠴᠢ ᠲᠠᠯ᠎ᠠ ᠶᠢ ᠴᠢᠬᠤᠯᠠᠴᠢᠯᠠᠵᠦ᠂ ᠠᠮᠢ ᠠᠬᠤᠢ ᠤᠷᠴᠢᠨ ᠲᠤᠭᠤᠷᠢᠨ ᠢᠶᠠᠨ | ᠵᠦᠪᠬᠡᠨ ᠦᠪᠡᠷ ᠤᠨ ᠤᠴᠢᠷ ᠶᠠᠪᠤᠳᠠᠯ ᠢᠶᠠᠷ ᠦᠵᠡᠵᠦ ᠪᠠᠶᠢᠨ᠎ᠠ᠃ ᠠᠵᠦ ᠠᠬᠤᠢ ᠶᠢᠨ ᠦᠷ᠎ᠡ ᠠᠰᠢᠭ ᠢ ᠬᠡᠲᠦ | ᠴᠢᠬᠤᠯᠠᠴᠢᠯᠠᠵᠦ᠂ ᠠᠮᠢ ᠠᠬᠤᠢ ᠪᠠ ᠤᠷᠴᠢᠨ ᠲᠤᠭᠤᠷᠢᠨ ᠤ ᠡᠪᠳᠡᠭᠳᠡᠯ ᠢ ᠠᠩᠬᠠᠷᠬᠤ ᠦᠭᠡᠢ ᠪᠠᠶᠢᠨ᠎ᠠ᠃ | ᠵᠢᠭᠤᠯᠴᠢᠯᠠᠬᠴᠢᠳ ᠢᠷᠡᠭᠰᠡᠨ ᠤ ᠲᠠᠷᠠᠭ᠎ᠠ ᠵᠦᠪᠬᠡᠨ ᠢᠳᠡᠭᠦᠯᠵᠣ ᠣᠣᠭᠤᠯᠭᠠᠬᠤ ᠪᠠᠷ ᠭᠤᠤᠯᠳᠠᠭᠤᠯᠵᠦ᠂ | ᠦᠢᠯᠡᠴᠢᠯᠡᠭᠡᠨ ᠤ ᠲᠠᠯ᠎ᠠ ᠪᠠᠷ ᠲᠣᠬᠠᠢ ᠶᠢᠨ ᠭᠠᠵᠠᠷ ᠣᠷᠣᠨ ᠤ ᠪᠠᠨ ᠲᠡᠦᠬᠡ ᠰᠤᠶᠤᠯ᠂ ᠵᠠᠩ ᠦᠢᠯᠡ᠂ ᠭᠤᠸ᠎ᠠ | ᠰᠠᠶᠢᠬᠠᠨ ᠢ ᠲᠠᠨᠢᠯᠴᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ᠃ ᠤᠷᠤᠨ ᠨᠤᠲᠤᠭ ᠤᠨ ᠦᠪᠡᠷᠮᠢᠴᠡ | ᠤᠨᠴᠠᠯᠢᠭᠲᠤ ᠵᠢᠭᠤᠯᠴᠢᠯᠠᠯ ᠤᠨ ᠦᠢᠯᠡᠴᠢᠯᠡᠭᠡ ᠲᠤᠲᠠᠭᠤ᠂ ᠪᠦᠷ ᠢᠵᠢᠯᠢ ᠨᠢᠭᠡᠨ ᠵᠠᠭᠪᠤᠷ ᠪᠣᠯᠵᠦ᠂ ᠤᠷᠤᠨ | ᠨᠤᠲᠤᠭ ᠤᠨ ᠦᠨᠳᠦᠰᠦᠲᠡᠨ ᠤ ᠤᠨᠴᠠᠯᠢᠭ ᠢᠶᠠᠨ ᠠᠯᠳᠠᠵᠣ ᠪᠠᠶᠢᠨ᠎ᠠ᠃ ᠤᠬᠠᠬᠳᠠᠬᠤᠨ ᠤ ᠲᠠᠯ᠎ᠠ ᠶᠢᠨ ᠪᠤᠷᠤᠭᠤ | ᠦᠵᠡᠯᠲᠡ ᠲᠠᠨᠢᠯᠲᠠ ᠠᠴᠠ ᠪᠤᠯᠵᠦ᠂ ᠦᠪᠦᠷ ᠮᠤᠩᠭᠤᠯ ᠤᠨ ᠲᠠᠯ᠎ᠠ ᠨᠤᠲᠤᠭ ᠤᠨ ᠠᠮᠢ ᠠᠬᠤᠢ ᠶᠢᠨ ᠨᠡᠭᠡᠭᠡᠨ | ᠬᠦᠭᠵᠢᠭᠦᠯᠦᠯᠲᠡ ᠶᠢᠨ ᠤᠳᠤᠬᠢ ᠪᠠᠶᠢᠳᠠᠯ ᠳᠤ ᠳᠤᠤᠷᠠᠬᠢ ᠮᠡᠳᠣ ᠠᠰᠠᠭᠤᠳᠠᠯ ᠮᠠᠰᠢ ᠲᠦᠪᠯᠡᠷᠡᠩᠭᠦᠢ ᠤᠷᠤᠰᠢᠵᠦ | ᠪᠠᠶᠢᠨ᠎ᠠ᠃ ᠴᠦᠯᠪᠡᠨ ᠳᠡᠭᠡᠷᠡᠮᠳᠡᠬᠦ ᠬᠡᠯᠪᠡᠷᠢ ᠪᠠᠷ ᠡᠵᠡᠩᠨᠡᠵᠦ ᠪᠠᠶᠢᠨ᠎ᠠ᠃ ᠮᠠᠯᠴᠢᠳ ᠤᠨ ᠨᠤᠲᠤᠭ ᠪᠡᠯᠴᠢᠭᠡᠷ ᠪᠣᠶᠣ | ᠤᠩᠭᠤᠨ ᠳᠠᠷᠬᠠᠨ ᠠᠭᠤᠯᠠ ᠤᠰᠤ ᠶᠢ ᠵᠢᠭᠤᠯᠴᠢᠯᠠᠯ ᠤᠨ ᠨᠡᠷ᠎ᠡ ᠪᠠᠷ ᠡᠵᠡᠯᠡᠨ ᠠᠪᠴᠤ᠂ ᠦᠵᠡᠮᠵᠢ ᠶᠢᠨ ᠤᠷᠤᠨ | ᠪᠤᠯᠭᠠᠬᠤ ᠨᠡᠷ᠎ᠡ ᠪᠠᠷ ᠪᠠᠶᠢᠭᠠᠯᠢᠯᠢᠭ ᠳᠦᠷᠰᠦ ᠪᠠᠶᠢᠳᠠᠯ ᠢ ᠨᠢ ᠬᠤᠪᠢᠷᠠᠭᠤᠯᠤᠨ᠂ ᠡᠳ᠋ ᠪᠤᠳᠠᠰ ᠢ ᠪᠦᠷᠢᠯᠭᠡᠨ | ᠰᠦᠢᠳᠭᠡᠵᠦ᠂ ᠦᠨᠳᠦᠰᠦᠲᠡᠨ ᠤ ᠲᠡᠦᠬᠡ ᠰᠤᠶᠤᠯ ᠢ ᠤᠰᠠᠳᠬᠠᠨ᠂ ᠠᠷᠠᠳ ᠤᠨ ᠵᠠᠩ ᠦᠢᠯᠡ ᠶᠢ ᠲᠠᠯᠬᠢᠬᠳᠠᠵᠦ | ᠪᠠᠶᠢᠨ᠎ᠠ᠃ ᠬᠦᠯᠦᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳᠠ ᠠᠭᠤᠯᠠ ᠪᠣᠯ ᠪᠠᠷᠭᠤ ᠲᠦᠮᠡᠨ ᠤ | ᠰᠦᠭ ᠰᠦᠯᠳᠡ ᠪᠤᠯᠤᠭᠰᠠᠨ ᠲᠡᠦᠬᠡᠨ ᠳᠤᠷᠠᠰᠬᠠᠯᠲᠤ ᠭᠠᠵᠠᠷ ᠪᠣᠯᠬᠤ ᠶᠤᠮ᠃ ᠤᠳᠤ ᠵᠢᠭᠤᠯᠴᠢᠯᠠᠯ ᠢ ᠬᠦᠭᠵᠢᠭᠦᠯᠬᠦ | ᠨᠡᠷ᠎ᠡ ᠪᠠᠷ ᠤᠩᠭᠤᠨ ᠳᠠᠷᠬᠠᠨ ᠪᠠᠶᠢᠭᠠᠯᠢᠯᠢᠭ ᠳᠦᠷᠰᠦ ᠪᠠᠶᠢᠳᠠᠯ ᠢ ᠨᠢ ᠡᠮᠣᠨ᠎ᠠ ᠤᠷᠣᠨ ᠤ ᠵᠢᠭᠤᠯᠴᠢᠯᠠᠯ ᠤᠨ ᠠᠭᠤᠯᠠ | ᠮᠡᠲᠦ ᠦᠭᠡᠷᠡᠴᠢᠯᠡᠨ ᠬᠤᠪᠢᠷᠠᠭᠤᠯᠵᠦ᠂ ᠱᠠᠲᠤ ᠳᠡᠪᠢᠰᠴᠦ ᠬᠦᠷᠢᠶ᠎ᠡ ᠲᠠᠲᠠᠭᠠᠳ᠂ ᠢᠵᠠᠭᠤᠷ ᠰᠤᠶᠤᠯ ᠢ ᠬᠠᠰᠢᠶᠠᠯᠠᠨ | ᠤᠰᠠᠳᠬᠠᠬᠤ ᠵᠠᠮ ᠳᠤ ᠰᠢᠬᠠᠨ ᠤᠷᠤᠭᠤᠯᠤᠭᠰᠠᠨ ᠪᠠᠶᠢᠨ᠎ᠠ᠃ ᠵᠦᠪᠬᠡᠨ ᠢᠳᠡᠵᠣ ᠤᠤᠭᠤᠬᠤ ᠲᠦᠭᠦᠭᠡᠷᠦᠮᠵᠢ ᠳᠡᠭᠡᠨ | ᠪᠡᠯᠡ ᠣᠷᠣᠭᠤᠯᠵᠣ᠂ ᠮᠤᠩᠭᠤᠯ ᠠᠮᠢᠳᠤᠷᠠᠯ ᠪᠠᠶᠢᠭᠠᠯᠢ ᠠᠬᠤᠢ ᠲᠠᠢ ᠪᠠᠨ ᠬᠡᠷᠬᠢᠨ ᠵᠤᠬᠢᠴᠠᠵᠦ ᠪᠠᠶᠢᠳᠠᠭ ᠢ | ᠤᠮᠳᠤᠭᠠᠶᠢᠯᠠᠵᠦ ᠪᠠᠶᠢᠨ᠎ᠠ᠃ | ᠠᠮᠢ ᠠᠬᠤᠢ ᠶᠢᠨ ᠵᠢᠭᠤᠯᠴᠢᠯᠠᠯ ᠤᠨ ᠨᠡᠷ᠎ᠡ ᠶᠢ ᠡᠷᠭᠦᠭᠡᠳ ᠠᠮᠢ ᠠᠬᠤᠢ ᠪᠠᠨ ᠡᠪᠳᠡᠬᠦ ᠠᠵᠢᠯᠯᠠᠭ᠎ᠠ ᠬᠢᠵᠦ ᠪᠠᠶᠢᠨ᠎ᠠ | ᠃ ᠵᠢᠱᠢᠶᠡᠯᠡᠪᠡᠯ ᠬᠢᠮᠡᠯ ᠤᠪᠤᠭ᠎ᠠ᠂ ᠬᠢᠮᠡᠯ ᠨᠠᠭᠤᠷ᠂ ᠬᠢᠮᠡᠯ ᠦᠵᠡᠮᠵᠢ ᠭᠠᠷᠭᠠᠵᠦ ᠪᠠᠶᠢᠭᠠᠯᠢᠯᠢᠭ ᠪᠠᠶᠢᠳᠠᠯ ᠢ ᠡᠪᠳᠡᠵᠦ | ᠪᠠᠶᠢᠨ᠎ᠠ᠃ ᠤᠯᠠᠩᠭᠢ ᠵᠢᠭᠤᠯᠴᠢᠯᠠᠯ ᠤᠨ ᠭᠠᠵᠠᠷ ᠢ ᠦᠨᠳᠦᠰᠦᠲᠡᠨ ᠤ ᠰᠤᠶᠤᠯ ᠲᠡᠦᠬᠡ ᠶᠢ ᠮᠡᠳᠡᠳᠡᠭ ᠪᠤᠶᠤ | ᠬᠦᠨᠳᠦᠳᠭᠡᠳᠡᠭ ᠬᠦᠮᠦᠨ ᠡᠷᠬᠢᠯᠡᠵᠦ ᠪᠠᠶᠢᠭ᠎ᠠ ᠪᠢᠰᠢ᠂ ᠬᠠᠷᠢᠨ ᠵᠤᠭᠤᠰ ᠤᠯᠬᠤ ᠵᠤᠷᠢᠯᠲᠠ ᠠᠴᠠ ᠡᠭᠦᠰᠦᠭᠰᠡᠨ | ᠬᠦᠮᠦᠰ ᠡᠷᠬᠢᠯᠡᠵᠦ᠂ ᠮᠤᠩᠭᠤᠯ ᠬᠦᠮᠦᠨ ᠮᠤᠩᠭᠤᠯ ᠭᠠᠵᠠᠷ ᠢ ᠲᠠᠨᠢᠯᠴᠠᠭᠤᠯᠬᠤ ᠪᠢᠰᠢ᠂ ᠬᠢᠲᠠᠳ ᠰᠤᠶᠤᠯ ᠢᠶᠠᠷ | ᠮᠤᠩᠭᠤᠯ ᠵᠠᠩ ᠦᠢᠯᠡ ᠲᠡᠦᠬᠡ ᠰᠤᠶᠤᠯ ᠢ ᠤᠷᠤᠯᠠᠭᠤᠯᠵᠦ᠂ ᠮᠤᠩᠭᠤᠯ ᠤᠨ ᠲᠡᠦᠬᠡᠲᠦ ᠬᠡᠷᠡᠭ ᠲᠡᠦᠬᠡᠲᠦ ᠬᠦᠮᠦᠨ | ᠪᠤᠯᠤᠨ ᠮᠤᠩᠭᠤᠯ ᠵᠠᠩ ᠦᠢᠯᠡ ᠶᠢ ᠭᠠᠵᠢᠭᠤᠳᠠᠭᠤᠯᠤᠨ ᠪᠤᠷᠤᠭᠤ ᠵᠦᠷᠢᠭᠦᠦ ᠶᠠᠷᠢᠵᠦ᠂ ᠬᠤᠳᠠᠯ ᠶᠠᠭᠤᠮ᠎ᠠ ᠪᠠᠷ | ᠵᠢᠭᠤᠯᠴᠢᠯᠠᠬᠴᠢᠳ ᠢ ᠮᠡᠬᠡᠯᠡᠨ᠂ ᠮᠤᠩᠭᠤᠯ ᠬᠦᠮᠦᠨ ᠤ ᠨᠡᠷ᠎ᠡ ᠲᠦᠷᠦ ᠶᠢ ᠭᠤᠲᠤᠭᠠᠨ᠂ ᠮᠤᠩᠭᠤᠯ ᠲᠡᠦᠬᠡ ᠰᠤᠶᠤᠯ ᠢ | ᠤᠰᠠᠳᠬᠠᠨ ᠰᠦᠢᠷᠡᠭᠦᠯᠬᠦ ᠳᠤ ᠬᠦᠷᠴᠦ ᠪᠠᠶᠢᠨ᠎ᠠ᠃ ᠮᠠᠯᠵᠢᠬᠤ ᠤᠷᠤᠨ ᠤ ᠠᠮᠢ ᠠᠬᠤᠢ ᠶᠢᠨ ᠵᠢᠭᠤᠯᠴᠢᠯᠠᠯ ᠤᠨ ᠡᠬᠢ | ᠪᠠᠶᠠᠯᠢᠭ ᠵᠢᠴᠢ ᠦᠨᠳᠦᠰᠦᠨ ᠤᠨᠴᠠᠯᠢᠭ ᠮᠣᠩᠭᠤᠯ ᠣᠷᠣᠨ ᠳᠤ ᠲᠠᠯ᠎ᠠ ᠨᠤᠲᠤᠭ᠂ ᠮᠠᠯ ᠰᠦᠷᠦᠭ᠂ ᠮᠠᠯᠴᠢᠨ ᠭᠤᠷᠪᠠ | ᠪᠠᠶᠢᠳᠠᠭ᠃ ᠠᠭᠤᠯᠠ ᠤᠰᠤ᠂ ᠡᠪᠡᠰᠦ ᠤᠷᠭᠤᠮᠠᠯ᠂ ᠨᠠᠷᠠ ᠰᠠᠯᠬᠢ ᠮᠡᠳᠣ ᠶᠢᠨ ᠪᠠᠶᠢᠭᠠᠯᠢ ᠳᠡᠯᠡᠬᠡᠢ ᠶᠢᠨ ᠤᠯᠠᠨ | ᠠᠷᠪᠢᠨ ᠦᠵᠡᠭᠳᠡᠯ ᠵᠢᠴᠢ ᠠᠮᠢᠲᠠᠨ ᠠᠷᠢᠶᠠᠲᠠᠨ ᠬᠢᠭᠡᠳ ᠲᠡᠳᠡᠨ ᠤ ᠤᠷᠤᠰᠢᠨ ᠠᠮᠢᠳᠤᠷᠠᠬᠤ ᠤᠷᠴᠢᠨ ᠠᠬᠤᠢ᠂ | ᠠᠮᠢᠳᠤᠷᠠᠬᠤ ᠤᠬᠠᠭᠠᠨ᠂ ᠠᠷᠭ᠎ᠠ ᠬᠡᠯᠪᠡᠷᠢ ᠠᠯᠢᠪᠠ ᠪᠦᠬᠦᠨ ᠨᠢ ᠲᠠᠯ᠎ᠠ ᠨᠤᠲᠤᠭ ᠭᠡᠳᠡᠭ ᠠᠷᠢᠭᠤᠨ ᠳᠠᠷᠬᠠᠨ | ᠤᠷᠤᠨ ᠤ ᠪᠦᠲᠦᠴᠡ ᠪᠦᠷᠢᠯᠳᠦᠬᠦᠨ ᠮᠥᠨ᠃ ᠡᠪᠡᠰᠦ ᠪᠡᠯᠴᠢᠭᠡᠷ᠂ ᠤᠰᠤ ᠴᠢᠭᠢᠭ᠂ ᠨᠠᠷᠠ ᠰᠠᠷ᠎ᠠ᠂ ᠤᠳᠤᠨ ᠭᠠᠷᠠᠭ | ᠂ ᠰᠠᠯᠬᠢ ᠵᠢᠪᠠᠷ᠂ ᠳᠠᠭᠤ ᠴᠢᠮᠡᠭᠡ ᠵᠡᠷᠭᠡ ᠪᠠᠶᠢᠭᠠᠯᠢ ᠠᠬᠤᠢ ᠠᠴᠠ ᠪᠠᠨ ᠰᠢᠮ᠎ᠡ ᠲᠡᠵᠢᠭᠡᠯ ᠬᠦᠷᠳᠡᠨ ᠬᠦᠴᠦ ᠲᠠᠷᠭᠤ | ᠠᠪᠴᠤ ᠣᠷᠴᠢᠨ ᠲᠣᠭᠤᠷᠢᠨ ᠲᠠᠢ ᠪᠠᠨ ᠵᠤᠬᠢᠴᠠᠨ ᠠᠮᠢᠳᠤᠷᠠᠵᠦ᠂ ᠦᠷᠡᠵᠢᠨ ᠲᠦᠯᠵᠢᠵᠣ᠂ ᠤᠯᠳᠠᠰᠢ ᠦᠭᠡᠢ | ᠬᠤᠪᠤᠷ ᠴᠤᠬᠠᠭ ᠡᠷᠳᠡᠨᠢᠰ ᠤᠨ ᠭᠠᠷᠤᠯᠲᠠ ᠪᠠ ᠠᠰᠢᠭ ᠰᠢᠮ᠎ᠡ ᠪᠠᠨ ᠬᠦᠮᠦᠨ ᠠᠷᠠᠳ ᠲᠤ ᠬᠠᠷᠠᠮ ᠦᠭᠡᠢ | ᠬᠠᠨᠳᠢᠪᠯᠠᠳᠠᠭ ᠲᠠᠪᠣᠨ ᠬᠤᠰᠢᠭᠤ ᠪᠣᠯ ᠮᠠᠨ ᠤ ᠬᠡᠯᠡᠳᠡᠭ ᠮᠠᠯ ᠰᠦᠷᠦᠭ ᠮᠥᠨ᠃ ᠪᠠᠶᠢᠭᠠᠯᠢ ᠠᠬᠤᠢ᠂ ᠭᠠᠵᠠᠷ ᠵᠦᠢ | ᠪᠣᠯᠣᠨ ᠠᠭᠤᠷ ᠠᠮᠢᠰᠬᠤᠯ ᠢᠶᠠᠨ ᠠᠯᠠᠭᠠᠨ ᠤ ᠪᠠᠨ ᠵᠢᠷᠤᠭᠠᠰᠤ ᠰᠢᠬ ᠣᠶᠢᠢᠯᠠᠭᠠᠵᠣ᠂ ᠮᠠᠯ ᠰᠦᠷᠦᠭ ᠤᠨ ᠢᠶᠠᠨ | ᠠᠭᠠᠰᠢ ᠠᠷᠠᠨᠰᠢᠨ᠂ ᠦᠰᠦᠯᠲᠡ ᠦᠷᠡᠵᠢᠯᠲᠡ ᠵᠡᠷᠭᠡ ᠶᠢ ᠪᠠᠶᠢᠭᠠᠯᠢ ᠳᠡᠯᠡᠬᠡᠢ ᠲᠠᠢ ᠪᠠᠨ ᠵᠤᠬᠢᠴᠠᠭᠤᠯᠵᠦ᠂ | ᠦᠪᠡᠷ ᠢ ᠪᠠᠨ ᠪᠠᠶᠢᠭᠠᠯᠢ ᠪᠠ ᠮᠠᠯ ᠤᠨ ᠵᠤᠬᠢᠴᠠᠯᠳᠤᠯ ᠳᠤ ᠴᠢᠳᠠᠮᠠᠭᠠᠢ ᠪᠠᠷ ᠦᠢᠯᠡᠴᠢᠯᠡᠭᠦᠯᠵᠦ ᠴᠢᠳᠠᠳᠠᠭ | ᠠᠳᠤᠭᠤᠴᠢᠨ᠂ ᠬᠤᠨᠢᠴᠢᠨ᠂ ᠦᠬᠡᠷᠴᠢᠨ᠂ ᠲᠡᠮᠡᠭᠡᠴᠢᠨ᠂ ᠠᠷᠭᠠᠯᠢᠴᠢᠨ᠂ ᠤᠰᠤᠴᠢᠨ ᠭᠡᠵᠣ ᠠᠵᠢᠯ ᠲᠦᠷᠦᠯ | ᠢᠯᠭᠠᠯ ᠦᠭᠡᠢ ᠬᠢᠵᠦ ᠭᠦᠢᠴᠡᠳᠭᠡᠵᠦ ᠪᠠᠶᠢᠳᠠᠭ ᠮᠠᠯ ᠮᠠᠯᠵᠢᠯ ᠳᠤ ᠴᠠᠭᠠᠷᠠᠭᠰᠠᠨ ᠮᠤᠩᠭᠤᠯ ᠮᠡᠷᠭᠡᠵᠢᠯᠲᠡᠨ ᠢ ᠮᠠᠯᠴᠢᠨ | ᠭᠡᠳᠡᠭ ᠶᠤᠮ᠃ ᠪᠠᠶᠢᠭᠠᠯᠢ᠂ ᠮᠠᠯᠴᠢᠨ᠂ ᠮᠠᠯ ᠭᠤᠷᠪᠠ ᠬᠠᠷᠢᠯᠴᠠᠨ ᠲᠦᠰᠢᠯᠴᠡᠵᠦ᠂ ᠬᠠᠷᠢᠯᠴᠠᠨ ᠦᠢᠯᠡᠴᠢᠯᠡᠵᠦ᠂ | ᠬᠠᠮᠲᠤ ᠪᠠᠷ ᠮᠤᠩᠭᠤᠯ ᠭᠠᠵᠠᠷ ᠤᠨ ᠬᠡᠶᠢᠮᠤᠷᠢ ᠰᠦᠯᠳᠡ ᠶᠢ ᠪᠤᠰᠬᠠᠬᠰᠠᠨ ᠶᠤᠮ᠃ ᠪᠠᠶᠢᠭᠠᠯᠢ ᠪᠠᠶᠢᠬᠤ ᠦᠬᠡᠢ ᠪᠣᠯ | ᠮᠠᠯ᠂ ᠮᠠᠯᠴᠢᠨ ᠪᠠᠶᠢᠵᠦ ᠴᠢᠳᠠᠬᠤ ᠦᠭᠡᠢ᠃ ᠮᠠᠯ ᠪᠠᠶᠢᠬᠤ ᠦᠭᠡᠢ ᠪᠣᠯ ᠪᠠᠶᠢᠭᠠᠯᠢᠯᠢᠭ ᠪᠡᠯᠴᠢᠭᠡᠷ ᠦᠩᠭᠡ ᠪᠠᠨ | ᠠᠯᠳᠠᠨ ᠡᠯᠡᠢ ᠬᠤᠯᠠᠢ ᠡᠭᠡᠷᠡᠮ᠎ᠡ ᠲᠠᠯ᠎ᠠ ᠪᠤᠯᠵᠦ᠂ ᠠᠮᠢᠵᠢᠷᠠᠯ ᠦᠭᠡᠢ ᠪᠤᠯᠤᠨ᠎ᠠ᠃ ᠮᠠᠯ ᠦᠭᠡᠢ ᠪᠣᠯ ᠮᠠᠯᠴᠢᠨ ᠭᠡᠵᠦ | ᠨᠡᠩ ᠪᠠᠶᠢᠬᠤ ᠦᠭᠡᠢ ᠪᠤᠯᠤᠨ᠎ᠠ᠃ ᠮᠠᠯᠴᠢᠨ ᠪᠠᠶᠢᠬᠤ ᠦᠭᠡᠢ ᠪᠣᠯ ᠮᠠᠯ ᠵᠡᠷᠯᠢᠭᠰᠢᠵᠦ᠂ ᠡᠷᠳᠡᠨᠢᠲᠦ ᠠᠰᠢᠭ ᠰᠢᠮ᠎ᠡ ᠨᠢ | ᠲᠠᠯᠠᠭᠠᠷ ᠰᠦᠢᠳᠬᠦ ᠪᠦᠭᠡᠳ ᠪᠠᠶᠢᠭᠠᠯᠢ ᠳᠡᠯᠡᠬᠡᠢ ᠶᠢᠨ ᠭᠠᠮᠰᠢᠭ ᠪᠤᠯᠬᠤ ᠶᠤᠮ᠃ ᠡᠶᠢᠨ ᠬᠦ ᠮᠤᠩᠭᠤᠯ ᠭᠠᠵᠠᠷ ᠤᠨ | ᠵᠢᠭᠤᠯᠴᠢᠯᠠᠯ ᠨᠢ ᠠᠮᠢ ᠠᠮᠢᠵᠢᠷᠠᠯ ᠲᠠᠢ ᠦᠭᠡᠳᠡᠷᠬᠡᠭ ᠪᠠᠶᠢᠶ᠎ᠠ ᠭᠡᠪᠡᠯ ᠪᠠᠶᠢᠭᠠᠯᠢ᠂ ᠮᠠᠯ᠂ ᠮᠠᠯᠴᠢᠨ ᠳᠤ ᠲᠦᠰᠢᠭᠰᠡᠨ | ᠮᠤᠩᠭᠤᠯ ᠦᠨᠦᠷ ᠠᠮᠲᠠ ᠦᠩᠭᠡ ᠪᠤᠳᠤᠭ ᠲᠠᠢ ᠪᠠᠶᠢᠪᠠᠯ ᠲᠠᠭᠠᠷᠠᠬᠤ ᠪᠢᠰᠢᠥ︕ ︽ᠵᠢᠭᠤᠯᠴᠢᠯᠠᠬᠴᠢᠳ ᠶᠠᠭᠤᠨ ᠳᠤ | ᠮᠤᠩᠭᠤᠯ ᠭᠠᠵᠠᠷ ᠢᠷᠡᠵᠦ ᠪᠠᠶᠢᠭ᠎ᠠ ᠪᠤᠢ︖ ᠲᠡᠳᠡ ᠵᠦᠪᠬᠡᠨ ᠮᠢᠬ᠎ᠠ ᠢᠳᠡᠨ᠂ ᠠᠷᠢᠬᠢ ᠤᠤᠭᠤᠵᠦ᠂ ᠳᠠᠭᠤᠤ | ᠰᠤᠨᠤᠰᠤᠨ᠂ ᠭᠡᠷᠡᠯ ᠵᠢᠷᠤᠭ ᠰᠡᠭᠦᠳᠡᠷᠯᠡᠬᠦ ᠭᠡᠵᠦ ᠯᠡ ᠮᠤᠩᠭᠤᠯ ᠭᠠᠵᠠᠷ ᠢᠷᠡᠵᠦ ᠪᠠᠶᠢᠭ᠎ᠠ ᠭᠡᠵᠦ ᠤᠤ︖ ᠪᠢᠰᠢ | ᠪᠠᠶᠢᠬ᠎ᠠ᠃ | ᠮᠤᠩᠭᠤᠯᠴᠤᠳ ᠬᠦᠳᠡᠭᠡ ᠬᠡᠬᠡᠷ᠎ᠡ ᠲᠠᠯ᠎ᠠ ᠭᠠᠵᠠᠷ ᠤᠨ ᠲᠡᠶᠢᠮᠦ ᠬᠠᠲᠠᠭᠤ ᠪᠡᠷᠬᠡ ᠤᠷᠴᠢᠨ ᠳᠤ ᠶᠠᠭᠠᠬᠢᠵᠣ ᠦᠶ᠎ᠡ | ᠤᠯᠠᠷᠢᠨ ᠠᠵᠦ ᠲᠦᠷᠦᠨ ᠠᠮᠢᠳᠤᠷᠠᠵᠦ᠂ ᠪᠠᠶᠢᠭᠠᠯᠢ ᠳᠡᠯᠡᠬᠡᠢ ᠪᠠᠨ ᠤᠩᠭᠤᠨ ᠳᠠᠷᠬᠠᠨ ᠪᠠᠶᠢᠯᠭᠠᠵᠦ ᠴᠢᠳᠠᠳᠠᠭ ᠤᠨ | ᠲᠣᠬᠠᠢ ᠪᠣᠶᠣ ᠦᠷᠭᠦᠯᠵᠢ ᠪᠠᠶᠠᠰᠤᠩᠭᠤᠢ᠂ ᠠᠭᠤᠵᠢᠮ ᠪᠠᠭᠲᠠᠭᠠᠮᠵᠢ ᠲᠠᠢ᠂ ᠦᠨᠡᠨᠴᠢ ᠨᠦᠬᠦᠷᠰᠡᠭ ᠪᠠᠶᠢᠳᠠᠭ ᠤᠨ | ᠲᠣᠬᠠᠢ᠂ ᠡᠰᠡᠬᠦᠯ᠎ᠠ ᠳᠡᠯᠡᠬᠡᠢ ᠶᠢᠨ ᠬᠠᠭᠠᠰ ᠢ ᠠᠭᠲᠠ ᠶᠢᠨ ᠲᠤᠭᠤᠷᠠᠢ ᠪᠠᠷ ᠲᠣᠷᠬᠢᠭᠤᠯᠣᠭᠰᠠᠨ ᠤᠳᠤᠮᠲᠤ | ᠮᠤᠩᠭᠤᠯᠴᠣᠳ ᠦᠨᠦᠳᠦᠷ ᠶᠠᠭᠠᠬᠢᠵᠦ ᠠᠵᠦ ᠲᠦᠷᠦᠵᠦ ᠠᠮᠢᠳᠤᠷᠠᠵᠦ ᠪᠠᠶᠢᠭ᠎ᠠ ᠲᠣᠬᠠᠢ ᠤᠶᠢᠯᠠᠭᠠᠬᠤ ᠪᠠᠷ ᠲᠠᠯ᠎ᠠ | ᠨᠤᠲᠤᠭ ᠲᠤ ᠵᠢᠭᠤᠯᠴᠢᠯᠠᠵᠦ ᠶᠠᠪᠤᠨ᠎ᠠ︾ ᠭᠡᠵᠣ ᠪᠢ ᠬᠤᠪᠢᠨ ᠳᠠᠭᠠᠨ ᠪᠣᠳᠣᠳᠠᠭ᠃ ᠬᠦᠯᠦᠨ ᠪᠤᠶᠢᠷ ᠤᠨ ᠰᠢᠨ᠎ᠡ | ᠪᠠᠷᠭᠤ ᠵᠡᠭᠦᠨ ᠬᠤᠰᠢᠭᠤᠨ ᠤ ᠦᠪᠦᠷᠪᠤᠯᠠᠭ ᠰᠤᠮᠤ ᠶᠢᠨ ᠳᠤᠯᠤᠭᠠᠳᠤ ᠳᠤ ︽ᠪᠠᠷᠭᠤ ᠵᠠᠩᠰᠢᠯ ᠤᠨ ᠠᠶᠢᠯ︾ | ᠨᠡᠷᠡᠮᠵᠢᠲᠦ ᠵᠢᠭᠤᠯᠴᠢᠯᠠᠯ ᠤᠨ ᠭᠠᠵᠠᠷ ᠪᠠᠶᠢᠳᠠᠭ᠃ ᠲᠡᠡᠳᠡ ᠢᠳᠡᠵᠦ ᠤᠤᠭᠤᠬᠤ᠂ ᠬᠤᠨᠤᠵᠦ ᠬᠡᠪᠳᠡᠭᠦ ᠪᠦᠷᠢᠨ | ᠲᠦᠬᠦᠭᠡᠷᠦᠮᠵᠢ ᠲᠠᠢ ᠪᠦᠭᠡᠳ ᠮᠤᠩᠭᠤᠯ ᠵᠠᠩ ᠵᠠᠩᠰᠢᠯ ᠪᠣᠯᠣᠨ ᠲᠡᠦᠬᠡ ᠰᠤᠶᠤᠯ ᠢᠶᠠᠨ ᠲᠠᠨᠢᠯᠴᠠᠭᠤᠯᠬᠤ ᠲᠠᠯ᠎ᠠ ᠪᠠᠷ | ᠨᠡᠯᠢᠶᠡᠳ ᠪᠦᠲᠦᠮᠵᠢᠲᠡᠢ ᠬᠢᠵᠦ ᠪᠠᠶᠢᠨ᠎ᠠ᠃ ᠦᠢᠯᠡᠴᠢᠯᠡᠭᠴᠢ ᠨᠢ ᠪᠦᠷ ᠮᠤᠩᠭᠤᠯ ᠬᠡᠯᠡ ᠪᠠᠷ ᠤᠷᠤᠰᠤᠮ᠎ᠠ ᠰᠠᠶᠢᠬᠠᠨ | ᠶᠠᠷᠢᠵᠦ᠂ ᠬᠤᠪᠴᠠᠰᠤ ᠬᠤᠨᠠᠷ ᠡᠮᠦᠰᠭᠡᠯ ᠵᠡᠭᠦᠯᠲᠡ ᠨᠢ ᠪᠦᠷ ᠪᠠᠷᠭᠤ ᠬᠡᠪ ᠢᠶᠠᠷ ᠢᠶᠠᠨ᠂ ᠴᠠᠢ ᠬᠤᠭᠤᠯᠠ᠂ | ᠵᠤᠴᠢᠯᠠᠯ ᠤᠨ ᠬᠡᠪ ᠨᠠᠮᠪᠠ ᠪᠠᠨ ᠪᠦᠷ ᠨᠤᠲᠤᠭ ᠤᠨ ᠵᠠᠩᠰᠢᠯ ᠢᠶᠠᠷ ᠢᠶᠠᠨ ᠶᠠᠪᠤᠭᠤᠯᠵᠦ᠂ ᠭᠠᠳᠠᠨ᠎ᠠ ᠶᠢᠨ ᠬᠦᠮᠦᠨ ᠳᠤ | ᠮᠠᠰᠢ ᠰᠤᠨᠢᠷᠬᠠᠯᠲᠠᠢ ᠲᠠᠭᠠᠯᠠᠭᠳᠠᠵᠦ᠂ ᠨᠡᠩ ᠴᠦ ᠮᠠᠯ ᠮᠠᠯᠵᠢᠯ ᠤᠨ ᠠᠮᠢᠳᠤᠷᠠᠯ ᠲᠠᠳᠬᠠᠯᠵᠢᠯ ᠤᠨ ᠠᠭᠤᠯᠭ᠎ᠠ ᠨᠢ | ᠵᠢᠭᠤᠯᠴᠢᠯᠠᠭᠴᠢᠳ ᠤᠨ ᠪᠠᠭ᠋ᠠᠷᠠᠯ ᠰᠣᠨᠢᠷᠬᠠᠯ ᠢ ᠶᠡᠬᠡᠳᠡ ᠲᠠᠳᠠᠵᠣ ᠪᠠᠶᠢᠨ᠎ᠠ᠃ ᠲᠡᠳᠡᠨ ᠤ ᠦᠢᠯᠡᠴᠢᠯᠡᠭᠡ ᠶᠢᠨ | ᠠᠭᠤᠯᠭ᠎ᠠ ᠬᠡᠯᠪᠡᠷᠢ ᠪᠠ ᠠᠷᠭ᠎ᠠ ᠪᠠᠷᠢᠯ ᠨᠢ ᠮᠤᠩᠭᠤᠯ ᠵᠠᠩ ᠦᠢᠯᠡ ᠶᠢᠨ ᠡᠬᠡ ᠪᠠᠶᠢᠭᠠᠯᠢ ᠪᠠᠨ ᠳᠡᠭᠡᠳᠦᠯᠡᠨ ᠰᠢᠲᠦᠭᠰᠡᠨ | ᠬᠦᠨᠳᠦᠳᠭᠡᠯ ᠤᠨ ᠠᠷᠢᠭᠤᠨ ᠳᠠᠷᠬᠠᠨ ᠢ ᠬᠠᠷᠠᠭᠤᠯᠵᠦ ᠪᠠᠶᠢᠳᠠᠭ᠃ | ᠪᠠᠷᠭᠤ ᠮᠤᠩᠭᠤᠯᠴᠤᠳ ︽ᠡᠴᠢᠭᠡ ᠲᠡᠭᠷᠢ ᠡᠬᠡ ᠳᠡᠯᠡᠬᠡᠢ︾ ᠭᠡᠵᠦ ᠠᠮᠢ ᠨᠠᠰᠤᠨ ᠤ ᠳᠠᠭᠠᠳᠬᠠᠯ ᠮᠦᠷᠭᠦᠯ | ᠬᠢᠬᠦ ᠳᠡᠭᠡᠨ ᠬᠢᠵᠠᠭᠠᠯᠠᠰᠢ ᠦᠭᠡᠢ ᠪᠢᠰᠢᠷᠡᠨ ᠬᠦᠨᠳᠦᠳᠭᠡᠭᠰᠡᠨ ᠬᠠᠶᠢᠷ᠎ᠠ ᠰᠡᠳᠭᠢᠯᠭᠡ ᠪᠠᠨ ᠨᠡᠪᠴᠢᠭᠡᠨ ᠰᠢᠩᠭᠡᠭᠡᠵᠦ᠂ | ᠤᠩᠭᠤᠨ ᠳᠠᠷᠬᠠᠨ ᠪᠠᠶᠢᠭᠠᠯᠢ ᠪᠠᠨ ᠠᠮᠢ ᠪᠡᠶ᠎ᠡ ᠲᠠᠢ ᠪᠠᠨ ᠬᠤᠯᠪᠤᠭᠰᠠᠨ ᠪᠠᠶᠢᠳᠠᠭ᠃ ᠡᠶᠢᠮᠦ ᠠᠴᠠ ᠮᠤᠩᠭᠤᠯ | ᠭᠠᠵᠠᠷ ᠤᠨ ᠤᠪᠤᠭ᠎ᠠ ᠨᠢ ᠳᠤᠷ᠎ᠠ ᠶᠢᠨ ᠨᠢᠭᠡᠨ ᠬᠦᠮᠦᠨ ᠤ ᠴᠢᠯᠠᠭᠤ ᠤᠪᠤᠭᠠᠯᠠᠨ ᠬᠠᠳᠠᠭ ᠤᠶᠠᠭᠠᠳ ᠯᠡ ᠪᠤᠯᠴᠢᠬᠠᠳᠠᠭ | ᠶᠠᠭᠤᠮ᠎ᠠ ᠪᠢᠰᠢ᠃ ᠬᠠᠷᠢᠨ ᠰᠡᠳᠭᠢᠯ ᠳᠤᠨᠢ ᠡᠭᠦᠷᠢᠳᠡ ᠬᠠᠳᠠᠩᠰᠢᠭᠰᠠᠨ ᠤᠳᠤᠮ ᠰᠤᠳᠤᠷ ᠤᠨ ᠨᠢᠭᠤᠴᠠᠬᠠᠢ ᠪᠠᠶᠢᠳᠠᠭ | ᠶᠤᠮ᠃ ᠵᠠᠷᠢᠮ ᠨᠢ ᠮᠤᠩᠭᠤᠯ ᠬᠦᠮᠦᠨ ᠠᠶᠤᠬᠤ ᠳᠠᠭᠠᠨ ᠲᠡᠭᠡᠵᠦ ᠪᠠᠶᠢᠭ᠎ᠠ ᠭᠡᠵᠦ ᠬᠡᠯᠡᠬᠦ ᠶᠤᠮ᠃ | ᠮᠤᠩᠭᠤᠯ ᠠᠮᠢᠳᠤᠷᠠᠯ ᠢ ᠮᠡᠳᠡᠬᠦ ᠦᠭᠡᠢ ᠬᠦᠮᠦᠨ ᠶᠠᠭᠤ ᠭᠡᠵᠦ ᠬᠡᠯᠡᠭᠰᠡᠨ ᠴᠦ ᠶᠠᠭᠠᠬᠢᠬᠤᠪ︕ ᠮᠤᠩᠭᠤᠯ | ᠬᠦᠮᠦᠨ ᠯᠡ ᠶᠤᠮ ᠪᠣᠯ ᠪᠠᠶᠢᠭᠠᠯᠢ ᠪᠠᠨ ᠲᠡᠭᠡᠳᠣᠯᠡᠵᠣ ᠬᠠᠶᠢᠷᠠᠯᠠᠵᠣ ᠶᠠᠪᠤᠳᠠᠭ ᠨᠢ ᠡᠨᠡ ᠦᠨᠳᠦᠰᠦᠲᠡᠨ ᠶᠠᠰᠤᠲᠠᠨ ᠤ | ᠶᠡᠭᠡ ᠪᠠᠶᠢᠭᠠᠯᠢ ᠲᠠᠢ ᠪᠠᠨ ᠵᠤᠬᠢᠴᠠᠵᠦ ᠢᠷᠡᠭᠰᠡᠨ ᠪᠠᠯᠠᠷᠠᠰᠢ ᠦᠭᠡᠢ ᠬᠦᠴᠦᠨ ᠴᠢᠳᠠᠯ ᠭᠡᠳᠡᠭ ᠢ ᠤᠶᠢᠯᠠᠭᠠᠬᠤ ᠶᠣᠮ᠃ | ᠮᠠᠯᠵᠢᠬᠤ ᠤᠷᠤᠨ ᠤ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠲᠤᠬᠠᠢ ᠵᠦᠪᠯᠡᠮᠵᠢ ᠮᠠᠯᠵᠢᠬᠤ | ᠤᠷᠤᠨ ᠪᠣᠯ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠬᠠᠮᠤᠭ ᠤᠨ ᠰᠢᠨᠵᠢᠯᠡᠬᠦ ᠤᠬᠠᠭᠠᠨᠴᠢ | ᠰᠤᠩᠭᠤᠯᠲᠠ ᠶᠢᠨ ᠭᠠᠵᠠᠷ ᠮᠥᠨ᠃ ᠤᠴᠢᠷ ᠨᠢ᠂ ᠮᠠᠯᠵᠢᠬᠤ ᠤᠷᠤᠨ ᠪᠣᠯ ᠬᠦᠮᠦᠨ ᠲᠦᠷᠦᠯᠬᠢᠲᠡᠨ ᠤ ᠠᠮᠢ | ᠠᠬᠤᠢ ᠶᠢᠨ ᠪᠤᠯᠪᠠᠰᠤᠨ ᠤ ᠦᠯᠦᠭᠡᠢ ᠪᠤᠯᠬᠤ ᠪᠦᠭᠡᠳ ᠠᠮᠢ ᠠᠬᠤᠢ ᠶᠢᠨ ᠪᠤᠯᠪᠠᠰᠤᠨ ᠢ ᠠᠮᠲᠠᠷᠬᠠᠨ | ᠰᠤᠨᠢᠷᠬᠠᠬᠴᠢᠳ ᠤᠨ ᠲᠠᠲᠤᠯᠭᠠᠵᠢᠯ ᠤᠨ ᠭᠠᠵᠠᠷ ᠪᠤᠯᠬᠤ ᠶᠤᠮ᠃ ᠮᠦᠨ ᠴᠦ ᠬᠦᠮᠦᠨ ᠲᠦᠷᠦᠯᠬᠢᠲᠡᠨ ᠤ ᠬᠠᠮᠤᠭ ᠤᠨ | ᠤᠬᠢ ᠰᠢᠯᠢᠳᠡᠭ ᠵᠠᠩ ᠠᠷᠠᠨᠰᠢᠨ ᠪᠤᠯᠬᠤ ᠡᠶ᠎ᠡ ᠵᠤᠬᠢᠴᠠᠯ ᠢ ᠡᠷᠬᠢᠮᠯᠡᠬᠦ ᠬᠡᠪ ᠰᠤᠷᠲᠠᠯ ᠡ᠊ᠨᠳᠡ ᠠᠴᠠ ᠡᠭᠦᠰᠦᠨ | ᠬᠦᠭᠵᠢᠵᠣ᠂ ᠠᠮᠢ ᠠᠬᠤᠢ ᠶᠢᠨ ᠤᠶᠤᠨ ᠮᠡᠳᠡᠯᠭᠡ ᠪᠤᠯᠤᠨ ᠦᠢᠯᠡᠳᠪᠦᠷᠢᠯᠡᠯ ᠤᠨ ᠮᠡᠷᠭᠡᠵᠢᠯ ᠤᠷᠭᠤᠨ ᠲᠦᠯᠵᠢᠭᠰᠡᠨ | ᠭᠠᠵᠠᠷ ᠮᠥᠨ᠃ ᠮᠠᠯᠵᠢᠬᠤ ᠤᠷᠤᠨ ᠤ ᠵᠢᠭᠤᠯᠴᠢᠯᠠᠯ ᠤᠨ ᠦᠢᠯᠡᠰ ᠢ ᠡᠷᠬᠢᠯᠡᠨ ᠬᠢᠬᠦ ᠭᠤᠤᠯ ᠴᠤᠭᠴᠠ ᠨᠢ ᠮᠠᠯᠴᠢᠳ | ᠦᠪᠡᠷ ᠢᠶᠠᠨ ᠪᠤᠶᠤ ᠮᠠᠯᠵᠢᠬᠤ ᠤᠷᠤᠨ ᠤ ᠰᠤᠶᠤᠯ ᠲᠡᠦᠬᠡ ᠶᠢ ᠰᠠᠶᠢᠨ ᠮᠡᠳᠡᠭᠰᠡᠨ ᠬᠦᠮᠦᠨ ᠪᠠᠶᠢᠬᠤ ᠬᠡᠷᠡᠭᠲᠡᠢ᠃ | ᠠᠮᠢ ᠠᠬᠤᠢ ᠶᠢᠨ ᠵᠢᠭᠤᠯᠴᠢᠯᠠᠯ ᠤᠨ ᠣᠶᠢᠢᠯᠡᠰ ᠢ ᠡᠷᠬᠢᠯᠡᠭᠴᠢᠳ ᠠᠰᠢᠭ ᠤᠷᠤᠯᠭ᠎ᠠ ᠪᠠᠨ ᠦᠨᠳᠦᠰᠦᠲᠡᠨ ᠤ | ᠲᠡᠦᠬᠡ ᠰᠣᠶᠣᠯ ᠢᠶᠠᠨ ᠬᠦᠭᠵᠢᠬᠦᠯᠦᠨ ᠮᠠᠨᠳᠣᠭᠤᠯᠬᠤ ᠲᠠᠢ ᠣᠶᠠᠯᠳᠣᠭᠤᠯᠬᠤ ᠬᠡᠷᠡᠭᠲᠡᠢ᠃ ᠠᠮᠢ ᠠᠬᠤᠢ ᠶᠢᠨ | ᠵᠢᠭᠤᠯᠴᠢᠯᠠᠯ ᠢ ᠡᠷᠬᠢᠯᠡᠬᠦ ᠳᠡᠭᠡᠨ ᠮᠠᠯᠵᠢᠬᠤ ᠡᠷᠦᠬᠡ ᠪᠠᠷ ᠦᠨᠳᠦᠰᠦᠨ ᠨᠢᠭᠡᠴᠢ ᠪᠤᠯᠭᠠᠵᠦ᠂ ᠮᠠᠯᠴᠢᠳ ᠤᠨ ᠠᠮᠢᠳᠤᠷᠠᠯ | ᠦᠢᠯᠡᠳᠪᠦᠷᠢᠯᠡᠯ ᠪᠠ ᠮᠠᠯ ᠠᠵᠣ ᠠᠬᠤᠢ ᠵᠢᠴᠢ ᠮᠠᠯᠴᠢᠨ ᠤ ᠡᠳᠦᠷ ᠲᠤᠲᠤᠮ ᠤᠨ ᠠᠮᠢᠳᠤᠷᠠᠯ ᠤᠨ ᠳᠠᠲᠤᠯᠭᠠᠵᠢᠯ ᠢᠶᠠᠷ | ᠠᠭᠤᠯᠭ᠎ᠠ ᠬᠡᠯᠪᠡᠷᠢ ᠪᠤᠯᠭᠠᠵᠦ ︽ᠨᠢᠭᠡ ᠡᠳᠦᠷ ᠤᠨ ᠮᠠᠯᠴᠢᠨ ᠤ ᠠᠮᠢᠳᠤᠷᠠᠯ︾ ᠪᠣᠶᠣ ︽ᠨᠢᠭᠡ ᠵᠦᠢᠯ ᠤᠨ ᠮᠠᠯᠵᠢᠬᠤ | ᠦᠢᠯᠡᠳᠪᠦᠷᠢᠯᠡᠯ ᠳᠤ ᠤᠷᠤᠯᠴᠠᠬᠤ︾ ᠵᠡᠷᠭᠡ ᠠᠮᠢᠳᠤ ᠪᠤᠳᠠᠲᠠᠢ ᠠᠭᠤᠯᠭ᠎ᠠ ᠬᠡᠯᠪᠡᠷᠢ ᠪᠠᠷ ᠵᠢᠭᠤᠯᠴᠢᠯᠠᠯ ᠢᠶᠠᠨ | ᠪᠠᠶᠠᠯᠢᠬᠵᠢᠭᠤᠯᠪᠠᠯ ᠵᠤᠬᠢᠨ᠎ᠠ᠃ ᠲᠤᠨᠤᠭ ᠲᠦᠭᠦᠭᠡᠷᠦᠮᠵᠢ ᠪᠦᠷᠢᠨ ᠲᠡᠭᠦᠯᠲᠡᠷ ᠠᠮᠢ ᠠᠬᠤᠢ ᠶᠢᠨ ᠲᠤᠮᠤᠬᠠᠨ ᠰᠢᠬ | ᠵᠢᠭᠤᠯᠴᠢᠯᠠᠯ ᠤᠨ ᠭᠠᠵᠠᠷ ᠨᠢ᠂ ᠮᠠᠯᠵᠢᠬᠤ ᠡᠷᠦᠬᠡ ᠲᠠᠢ ᠬᠤᠯᠪᠤᠭᠠᠯᠠᠨ ᠨᠢᠭᠡᠨ ᠴᠤᠭᠴᠠ ᠪᠤᠯᠵᠦ᠂ ᠠᠮᠢᠳᠤᠷᠠᠯ ᠳᠤ | ᠭᠦᠨᠵᠡᠭᠡᠶᠢᠷᠡᠬᠦ ᠪᠠᠷ ᠱᠠᠭᠠᠷᠳᠠᠭᠰᠠᠨ ᠵᠢᠭᠤᠯᠴᠢᠯᠠᠬᠴᠢᠳ ᠲᠤ ᠮᠤᠩᠭᠤᠯ ᠭᠡᠷ᠂ ᠲᠡᠷᠭᠡ ᠵᠢᠴᠢ ᠮᠠᠯ ᠰᠦᠷᠦᠭ ᠤᠨ | ᠨᠦᠭᠦᠴᠡᠯ ᠬᠠᠩᠭᠠᠨ ᠦᠭᠴᠦ᠂ ᠳᠠᠭᠠᠭᠤᠯᠤᠨ ᠬᠢᠬᠦ ᠪᠠ ᠦᠢᠯᠡᠴᠢᠯᠡᠭᠡ ᠶᠢ ᠤᠶᠠᠯᠳᠤᠭᠤᠯᠤᠭᠰᠠᠨ ᠮᠠᠯᠴᠢᠨ | ᠦᠢᠯᠡᠴᠢᠯᠡᠭᠴᠢ ᠶᠢ ᠲᠤᠬᠢᠷᠠᠭᠤᠯᠤᠨ᠂ ᠵᠢᠭᠤᠯᠴᠢᠯᠠᠬᠴᠢᠳ ᠤᠨ ᠠᠶᠤᠯ ᠦᠭᠡᠢ ᠪᠠ ᠳᠤᠷ᠎ᠠ ᠰᠤᠨᠢᠷᠬᠠᠯ ᠨᠢ ᠭᠦᠢᠴᠡᠳ | ᠬᠠᠩᠭᠠᠮᠵᠢᠲᠠᠢ ᠪᠠᠶᠢᠬᠤ ᠶᠢ ᠪᠠᠳᠣᠯᠠᠪᠠᠯ ᠵᠣᠬᠢᠨ᠎ᠠ᠃ ᠵᠢᠭᠤᠯᠴᠢᠯᠠᠭᠴᠢᠳ ᠲᠤ ᠪᠠᠰᠠ ᠦᠪᠡᠷ ᠤᠨ ᠭᠠᠷ ᠢᠶᠠᠷ ᠢᠶᠠᠨ | ᠮᠤᠩᠭᠤᠯ ᠢᠳᠡᠭᠡᠨ ᠢ ᠪᠤᠯᠪᠠᠰᠤᠷᠠᠭᠤᠯᠤᠨ ᠬᠢᠬᠦ ᠣᠷᠣᠨ ᠵᠠᠢ ᠬᠠᠩᠭᠠᠵᠣ ᠪᠤᠯᠤᠨ᠎ᠠ᠃ | ᠮᠤᠩᠭᠤᠯ ᠭᠡᠷ ᠲᠤ ᠬᠤᠨᠤᠬᠤ᠂ ᠦᠨᠢᠶ᠎ᠡ ᠰᠠᠭᠠᠬᠤ᠂ ᠬᠤᠨᠢ ᠬᠠᠷᠢᠭᠤᠯᠠᠬᠤ ᠨᠢ ᠪᠦᠷ ᠵᠢᠭᠤᠯᠴᠢᠯᠠᠯ ᠤᠨ | ᠠᠭᠤᠯᠭ᠎ᠠ ᠪᠤᠯᠵᠦ ᠪᠤᠯᠬᠤ ᠶᠤᠮ᠃ ᠡᠨᠡ ᠮᠡᠲᠦ ᠶᠢᠨ ᠦᠢᠯᠡᠳᠪᠦᠷᠢᠯᠡᠯ ᠠᠮᠢᠳᠤᠷᠠᠯ ᠲᠠᠢ ᠤᠶᠠᠯᠳᠤᠭᠰᠠᠨ | ᠵᠢᠭᠤᠯᠴᠢᠯᠠᠯ ᠨᠢ ︽ᠮᠤᠩᠭᠤᠯ ᠠᠮᠢᠳᠤᠷᠠᠯ ᠢ ᠤᠶᠢᠯᠠᠭᠠᠶ᠎ᠠ᠂ ᠮᠤᠩᠭᠤᠯ ᠵᠠᠩ ᠠᠷᠠᠨᠰᠢᠨ ᠲᠠᠢ ᠲᠠᠨᠢᠯᠴᠠᠶ᠎ᠠ︾ ᠭᠡᠰᠡᠨ | ᠬᠦᠰᠡᠯ ᠡᠷᠡᠮᠠᠯᠵᠡᠯ ᠪᠦᠬᠦᠢ ᠵᠢᠭᠤᠯᠴᠢᠯᠠᠭᠴᠢᠳ ᠲᠤ ᠤᠯᠳᠠᠰᠢ ᠦᠭᠡᠢ ᠠᠵᠠ ᠵᠠᠪᠰᠢᠶᠠᠨ ᠪᠤᠯᠬᠤ ᠶᠤᠮ᠃ | ᠮᠠᠯᠴᠢᠳ ᠲᠤ ᠨᠡᠩ ᠰᠠᠶᠢᠨ ᠦᠢᠯᠡᠴᠢᠯᠡᠭᠡᠨ ᠤ ᠨᠦᠭᠦᠴᠡᠯ ᠪᠦᠷᠢᠯᠳᠦᠭᠦᠯᠦᠨ ᠦᠭᠴᠦ᠂ ᠵᠢᠭᠤᠯᠴᠢᠯᠠᠯ ᠤᠨ ᠦᠢᠯᠡᠰ ᠢ | ᠬᠦᠭᠵᠢᠭᠦᠯᠬᠦ ᠳᠤ᠂ ᠤᠷᠤᠨ ᠪᠠ ᠡᠯ᠎ᠡ ᠠᠶᠢᠮᠠᠭ ᠬᠤᠲᠠ ᠶᠢᠨ ᠵᠠᠰᠠᠭ ᠤᠨ ᠭᠠᠵᠠᠷ ᠠᠴᠠ ᠠᠶᠠᠯᠠᠯ ᠵᠢᠭᠤᠯᠴᠢᠯᠠᠯ ᠤᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠶᠢᠢᠯᠡᠴᠢᠯᠡᠭᠡ ᠬᠢᠵᠣ᠂ ᠰᠤᠨᠢᠨ ᠮᠡᠳᠡᠭᠡ ᠶᠢᠨ ᠬᠢᠨ ᠳᠤ ᠵᠠᠷ | ᠰᠤᠷᠲᠠᠯᠴᠢᠯᠠᠭ᠎ᠠ ᠬᠢᠬᠦ ᠡᠭᠦᠷᠭᠡ ᠪᠠᠭᠤᠯᠭᠠᠨ ᠳᠡᠮᠵᠢᠯᠭᠡ ᠦᠵᠡᠭᠦᠯᠬᠦ ᠪᠣᠯᠪᠠᠣ ᠬᠡᠵᠣ ᠬᠦᠰᠡᠶ᠎ᠠ᠃ ᠵᠢᠭᠤᠯᠴᠢᠯᠠᠯ ᠤᠨ | ᠣᠶᠢᠢᠯᠡᠰ ᠢ ᠮᠠᠯᠴᠢᠳ ᠲᠤ ᠬᠠᠨᠳᠤᠭᠤᠯᠵᠦ᠂ ᠨᠡᠩ ᠤᠯᠠᠨ ᠵᠢᠭᠤᠯᠴᠢᠯᠠᠭᠴᠢᠳ ᠢ ᠮᠠᠯᠴᠢᠳ ᠤᠨ ᠭᠡᠷ ᠲᠤ | ᠲᠤᠬᠢᠷᠠᠭᠤᠯᠬᠤ ᠠᠵᠢᠯ ᠢ ᠬᠦᠴᠦᠲᠡᠢ ᠵᠤᠬᠢᠶᠠᠨ ᠪᠠᠶᠢᠭᠤᠯᠪᠠᠯ ᠲᠠᠭᠠᠷᠠᠨ᠎ᠠ᠃ | ᠮᠠᠯᠴᠢᠳ ᠤᠯᠠᠨ ᠵᠢᠭᠤᠯᠴᠢᠯᠠᠭᠴᠢᠳ ᠢ ᠬᠦᠯᠢᠶᠡᠨ ᠠᠪᠴᠤ ᠪᠠᠶᠢᠪᠠᠯ ᠤᠷᠤᠯᠭ᠎ᠠ ᠨᠢ ᠴᠦ ᠨᠡᠮᠡᠭᠳᠡᠬᠦ ᠪᠤᠯᠤᠨ᠎ᠠ᠃ | ᠡᠨᠡ ᠠᠵᠢᠯ ᠨᠢ ᠡᠯ᠎ᠡ ᠱᠠᠲᠤᠨ ᠤ ᠵᠠᠰᠠᠭ ᠤᠨ ᠭᠠᠵᠠᠷ ᠤᠨ ᠰᠢᠭᠤᠳ ᠤᠷᠤᠯᠴᠠᠯᠭ᠎ᠠ ᠳᠤᠤᠷ᠎ᠠ ᠡᠯ᠎ᠡ ᠭᠠᠵᠠᠷ ᠤᠨ | ᠵᠢᠭᠤᠯᠴᠢᠯᠠᠯ ᠤᠨ ᠬᠠᠮᠢᠶᠠᠷᠤᠯᠲᠠ ᠶᠢᠨ ᠲᠤᠪᠴᠢᠶᠠᠨ ᠤ ᠬᠦᠴᠦᠲᠡᠢ ᠳᠡᠮᠵᠢᠯᠭᠡ ᠳᠤᠤᠷ᠎ᠠ ᠰᠠᠶ᠋ᠢ ᠪᠡᠶᠡᠯᠡᠭᠳᠡᠬᠦ ᠶᠤᠮ᠃ | ᠬᠦᠴᠣᠨ ᠮᠡᠬᠦᠰ ᠬᠤᠪᠢ ᠡᠷᠦᠬᠡ ᠵᠢᠭᠤᠯᠴᠢᠯᠠᠯ ᠤᠨ ᠣᠶᠢᠢᠯᠡᠰ ᠢ ᠡᠷᠬᠢᠯᠡᠭᠡᠳ ᠠᠮᠵᠢᠯᠲᠠ ᠤᠯᠬᠤ ᠳᠤ ᠬᠦᠴᠢᠷ | ᠪᠠᠶᠢᠳᠠᠭ᠂ ᠬᠤᠷᠰᠢᠶᠠᠵᠢᠯ ᠤᠨ ᠬᠡᠯᠪᠡᠷᠢ ᠪᠠᠷ ᠵᠤᠬᠢᠶᠠᠨ ᠪᠠᠶᠢᠭᠤᠯᠤᠨ᠂ ᠬᠡᠳᠦᠨ ᠡᠷᠦᠬᠡ ᠬᠠᠮᠵᠢᠯᠴᠠᠨ ᠡᠷᠬᠢᠯᠡᠪᠡᠯ᠂ | ᠤᠯᠠᠨ ᠵᠦᠢᠯ ᠤᠨ ᠡᠬᠢ ᠪᠠᠶᠠᠯᠢᠭ ᠢᠶᠠᠨ ᠨᠢᠭᠡᠳᠭᠡᠨ ᠨᠡᠶᠢᠯᠡᠭᠦᠯᠵᠦ ᠦᠷ᠎ᠡ ᠠᠰᠢᠭ ᠢᠶᠠᠨ ᠳᠡᠭᠡᠭᠰᠢᠯᠡᠭᠦᠯᠵᠦ ᠪᠤᠯᠬᠤ | ᠶᠤᠮ᠃ ᠭᠠᠵᠠᠷ ᠰᠠᠢ ᠦᠭᠡᠢ ᠲᠣᠷ᠎ᠠ ᠪᠠᠷ ᠢᠶᠠᠨ ᠪᠠᠶᠢᠭ᠎ᠠ ᠵᠢᠭᠤᠯᠴᠢᠯᠠᠯ ᠤᠨ ᠭᠠᠵᠠᠷ ᠢ ᠴᠡᠭᠴᠡᠯᠡᠨ᠂ ᠡ᠊ᠨᠳᠡ ᠲᠡᠨᠳᠡ | ᠭᠡᠷ ᠪᠠᠶᠢᠰᠢᠩ ᠪᠠᠷᠢᠬᠤ ᠪᠠ ᠦᠵᠡᠮᠵᠢ ᠶᠢᠨ ᠭᠠᠵᠠᠷ ᠭᠠᠷᠭᠠᠬᠤ ᠶᠢ ᠬᠤᠷᠢᠭᠯᠠᠨ ᠵᠤᠭᠰᠤᠭᠠᠵᠦ᠂ ᠠᠮᠢ ᠠᠬᠤᠢ ᠶᠢᠨ | ᠪᠤᠵᠠᠷᠳᠣᠯ ᠢ ᠠᠷᠢᠯᠭᠠᠬᠤ ᠳᠤ ᠬᠦᠴᠦᠲᠡᠢ ᠠᠷᠭ᠎ᠠ ᠬᠡᠮᠵᠢᠶ᠎ᠡ ᠠᠪᠬᠤ ᠴᠢᠬᠤᠯᠠᠲᠠᠢ ᠪᠠᠶᠢᠨ᠎ᠠ᠃ | ᠮᠤᠩᠭᠤᠯ ᠭᠡᠷ ᠪᠣᠯ ᠬᠠᠮᠤᠭ ᠤᠨ ᠰᠠᠶᠢᠨ ᠭᠡᠷ ᠬᠤᠷᠤᠭ᠎ᠠ ᠪᠤᠯᠬᠤ ᠶᠤᠮ᠂ ᠪᠠᠶᠢᠩᠭᠤ ᠶᠢᠨ ᠪᠠᠷᠢᠯᠭ᠎ᠠ ᠤᠯᠠᠨ | ᠪᠤᠯᠪᠠᠯ ᠪᠤᠵᠠᠷᠳᠣᠯ ᠬᠤᠭ ᠨᠤᠪᠰᠢ ᠶᠡᠭᠡ ᠪᠤᠯᠤᠨ᠎ᠠ᠃ ᠮᠠᠯᠴᠢᠳ ᠪᠣᠯ ᠮᠠᠯᠵᠢᠬᠤ ᠤᠷᠤᠨ ᠤ ᠭᠤᠤᠯ ᠴᠤᠭᠴᠠ ᠮᠥᠨ᠃ | ᠡᠶᠢᠮᠣ ᠠᠴᠠ ᠠᠮᠢ ᠠᠬᠤᠢ ᠶᠢᠨ ᠵᠢᠭᠤᠯᠴᠢᠯᠠᠯ ᠨᠢ ᠮᠠᠯᠴᠢᠳ ᠠᠴᠠ ᠰᠠᠯᠵᠣ ᠦᠯᠦ ᠪᠣᠯᠣᠨ᠎ᠠ᠃ ᠨᠠᠶᠢᠷᠠᠭᠤᠯᠣᠭᠰᠠᠨ ᠤ | ᠲᠠᠷᠠᠭ᠎ᠠ᠄ ᠠᠮᠢ ᠠᠬᠤᠢ ᠶᠢᠨ ᠵᠢᠭᠤᠯᠴᠢᠯᠠᠯ ᠤᠨ ᠣᠶᠢᠢᠯᠡᠰ ᠢ ᠡᠷᠬᠢᠯᠡᠬᠦ ᠳᠤ᠂ ᠠᠮᠢ ᠠᠬᠤᠢ ᠪᠣᠯᠣᠨ ᠵᠢᠭᠤᠯᠴᠢᠯᠠᠯ ᠢ | ᠠᠳᠠᠯᠢ ᠲᠡᠭᠰᠢᠬᠡᠨ ᠪᠠᠶᠢᠷᠢᠨ ᠳᠤ ᠲᠠᠯᠪᠢᠬᠤ ᠳᠠᠭᠠᠨ ᠲᠠᠭᠠᠷᠠᠨ᠎ᠠ᠃ ᠣᠴᠢᠷ ᠨᠢ ᠠᠮᠢ ᠠᠬᠤᠢ ᠶᠢᠨ ᠵᠢᠭᠤᠯᠴᠢᠯᠠᠯ ᠤᠨ | ᠣᠷᠢᠳᠠᠯ ᠨᠢ ᠲᠠᠷᠣᠢ ᠠᠮᠢ ᠠᠬᠤᠢ ᠳᠠᠭᠠᠨ ᠪᠠᠶᠢᠭ᠎ᠠ᠃ ᠭᠡᠳᠡᠯ᠎ᠠ ᠣᠳᠣᠬᠠᠨ ᠤ ᠪᠠᠶᠢᠳᠠᠯ ᠠᠴᠠ ᠦᠵᠡᠪᠡᠯ ᠠᠵᠣ | ᠠᠬᠤᠢ ᠶᠢᠨ ᠦᠷ᠎ᠠ ᠠᠰᠢᠭ ᠢ ᠬᠡᠳᠣ ᠴᠢᠬᠤᠯᠠᠴᠢᠯᠠᠵᠣ᠂ ᠠᠮᠢ ᠠᠬᠤᠢ ᠶᠢ ᠪᠣᠬᠢᠷᠳᠣᠭᠤᠯᠬᠤ ᠪᠣᠶᠣ ᠡᠪᠳᠡᠨ ᠲᠠᠯᠬᠢᠵᠣ | ᠪᠠᠶᠢᠭ᠎ᠠ ᠪᠠᠶᠢᠳᠠᠯ ᠵᠠᠷᠢᠮ ᠭᠠᠵᠠᠷ ᠲᠤ ᠨᠣᠴᠢᠳᠠᠢ ᠣᠷᠣᠰᠢᠵᠣ ᠪᠠᠶᠢᠭ᠎ᠠ ᠭᠡᠳᠡᠭ ᠢ ᠠᠩᠬᠠᠷᠣᠯ ᠳᠠᠭᠠᠨ ᠠᠪᠣᠪᠠᠯ ᠵᠣᠬᠢᠨ᠎ᠠ | ᠃ ᠠᠮᠢᠳᠣᠷᠠᠨ ᠣᠷᠣᠰᠢᠬᠤ ᠶᠢᠨ ᠡᠬᠢ ᠰᠣᠷᠪᠣᠯᠵᠢ ᠪᠣᠯᠣᠭᠰᠠᠨ ᠣᠷᠣᠯᠭ᠎ᠠ ᠶᠢᠨ ᠬᠤᠪᠢ ᠠᠴᠠ ᠠᠪᠴᠣ ᠬᠡᠯᠡᠪᠡᠯ ᠠᠵᠣ | ᠠᠬᠤᠢ ᠶᠢᠨ ᠦᠷ᠎ᠠ ᠠᠰᠢᠭ ᠢ ᠴᠢᠬᠤᠯᠠᠴᠢᠯᠠᠬᠤ ᠨᠢ ᠬᠡᠯᠡᠯᠭᠡᠨ ᠦᠭᠡᠢ ᠲᠠᠭᠠᠷᠠᠨ᠎ᠠ᠂ ᠭᠡᠪᠡᠴᠣ ᠠᠮᠢ ᠠᠬᠤᠢ ᠪᠠᠷ | ᠦᠷᠡᠭᠳᠡᠯ ᠪᠣᠯᠭᠠᠬᠤ ᠦᠭᠡᠢ᠃ | ᠠᠮᠢ ᠠᠬᠤᠢ ᠪᠠᠨ ᠠᠯᠳᠠᠴᠢᠬᠠᠪᠠᠯ ᠵᠢᠭᠤᠯᠴᠢᠯᠠᠯ ᠭᠡᠵᠣ ᠦᠭᠡᠢ ᠪᠣᠯᠣᠨ᠎ᠠ᠃ ᠪᠠᠶᠢᠭᠠᠯᠢ᠂ ᠮᠠᠯᠴᠢᠨ᠂ ᠮᠠᠯ | ᠰᠦᠷᠦᠭ ᠭᠤᠷᠪᠠ ᠶᠢᠨ ᠣᠶᠠᠯᠳᠣᠯ ᠲᠣᠣᠷ᠎ᠠ ᠮᠣᠩᠭᠤᠯ ᠭᠠᠵᠠᠷ ᠤᠨ ᠬᠡᠶᠢᠮᠣᠷᠢ ᠰᠦᠯᠳᠠ ᠮᠠᠨᠳᠣᠳᠠᠭ᠃ ᠡᠶᠢᠮᠣ ᠠᠴᠠ | ᠮᠣᠩᠭᠤᠯ ᠭᠠᠵᠠᠷ ᠤᠨ ᠠᠭᠤᠯᠠ ᠣᠰᠣ᠂ ᠡᠪᠡᠰᠣ ᠣᠷᠭᠤᠮᠠᠯ᠂ ᠠᠮᠢᠳᠠᠨ ᠵᠢᠭᠦᠷᠳᠡᠨ᠂ ᠲᠡᠣᠬᠡ ᠰᠣᠶᠣᠯ᠂ ᠵᠠᠩ | ᠠᠷᠠᠨᠰᠢᠨ ᠤ ᠠᠯᠢ ᠨᠢ ᠴᠥ ᠲᠣᠳᠠᠵᠣ ᠦᠯᠦ ᠪᠣᠯᠣᠨ᠎ᠠ᠃ ᠮᠠᠯᠵᠢᠬᠤ ᠣᠷᠣᠨ ᠪᠣᠯ ᠠᠮᠢ ᠠᠬᠤᠢ ᠶᠢᠨ | ᠵᠢᠭᠤᠯᠴᠢᠯᠠᠯ ᠤᠨ ᠣᠶᠢᠢᠯᠡᠰ ᠢ ᠬᠦᠭᠵᠢᠭᠦᠯᠬᠦ ᠬᠠᠮᠤᠭ ᠤᠨ ᠰᠢᠨᠵᠢᠯᠡᠬᠦ ᠣᠬᠠᠭᠠᠨᠴᠢ ᠰᠣᠩᠭᠤᠯᠳᠠ ᠶᠢᠨ ᠭᠠᠵᠠᠷ ᠤᠨ | ᠨᠢᠭᠡ ᠨᠢ ᠪᠣᠯᠣᠨ᠎ᠠ᠂ ᠣᠴᠢᠷ ᠨᠢ ᠮᠠᠯᠵᠢᠬᠤ ᠣᠷᠣᠨ ᠪᠣᠯ ᠬᠦᠮᠦᠨ ᠲᠦᠷᠦᠯᠬᠢᠳᠡᠨ ᠤ ᠠᠮᠢ ᠠᠬᠤᠢ ᠶᠢᠨ ᠪᠣᠯᠪᠠᠰᠣᠨ ᠤ | ᠦᠯᠦᠬᠡᠢ ᠶᠢᠨ ᠴᠢᠬᠤᠯᠠ ᠰᠠᠭᠤᠷᠢ ᠪᠣᠯᠬᠤ ᠮᠦᠷᠳᠡᠭᠡᠨ ᠮᠦᠨᠴᠣ ᠬᠦᠮᠦᠨ ᠲᠦᠷᠦᠯᠬᠢᠳᠡᠨ ᠤ ᠬᠠᠮᠤᠭ ᠣᠬᠢ ᠰᠢᠯᠢᠳᠡᠭ | ᠵᠠᠩ ᠠᠷᠠᠨᠰᠢᠨ ᠪᠣᠯᠬᠤ ᠡᠶ᠎ᠡ ᠵᠣᠬᠢᠴᠠᠯ ᠤᠨ ᠡᠬᠦᠰᠣᠨ ᠬᠦᠭᠵᠢᠭᠰᠡᠨ ᠭᠠᠵᠠᠷ ᠪᠣᠯᠣᠨ᠎ᠠ᠃ ᠡᠶᠢᠮᠣ ᠠᠴᠠ | ᠵᠢᠭᠤᠯᠴᠢᠯᠠᠯ ᠤᠨ ᠣᠶᠢᠢᠯᠡᠰ ᠢ ᠬᠦᠭᠵᠢᠭᠦᠯᠬᠦ ᠳᠤ ᠦᠪᠡᠷ ᠤᠨ ᠦᠨᠳᠣᠰᠣᠳᠠᠨ ᠤ ᠭᠠᠵᠠᠷ ᠣᠷᠣᠨ᠂ ᠲᠡᠣᠬᠡ ᠰᠣᠶᠣᠯ᠂ | ᠵᠠᠩ ᠠᠷᠠᠨᠰᠢᠨ ᠳᠤ ᠵᠣᠬᠢᠴᠠᠭᠤᠯᠵᠣ ᠠᠮᠢ ᠠᠬᠤᠢ ᠪᠣᠯᠣᠨ ᠵᠢᠭᠤᠯᠴᠢᠯᠠᠯ ᠤᠨ ᠬᠤᠣᠰ ᠦᠷ᠎ᠠ ᠠᠰᠢᠭ ᠢ ᠣᠯᠪᠠᠯ | ᠵᠣᠬᠢᠨ᠎ᠠ᠃ | ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ | |