| ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | | — ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ | ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠲᠤᠬᠠᠶ ᠥᠭᠦᠯᠡᠬᠦ ᠨᠢ | ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ ᠰᠢᠰᠲ᠋ᠧᠮᠲᠦ | ᠢᠨᠵᠧᠨᠧᠷᠢᠩ ᠮᠥᠨ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ | ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠬᠤ ᠭᠡᠷᠡᠭᠳᠡᠢ︾᠃ ᠨᠡᠮ ᠤᠨ ᠲᠥᠪ ᠬᠤᠷᠢᠶ᠎ᠠ ᠳᠤ ᠰᠢᠨ᠎ᠡ ᠪᠠᠷ | ᠤᠷᠤᠭᠰᠠᠨ ᠭᠡᠰᠢᠭᠦᠨ᠂ ᠣᠷᠣᠯᠠᠭᠴᠢ ᠭᠡᠰᠢᠭᠦᠨ ᠪᠣᠯᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠶᠢᠲᠤᠷ ᠰᠢᠢᠳᠪᠦᠷᠢᠯᠡᠬᠦ ᠴᠢᠬᠤᠯᠠᠲᠠᠶ | ᠴᠢᠬᠤᠯᠠ ᠶᠡᠭᠡ ᠬᠠᠷᠢᠴᠠᠭ᠎ᠠ ᠨᠤᠭᠤᠳ ᠤᠨ ᠲᠤᠬᠠᠶ ᠭᠦᠨᠵᠡᠭᠡᠶ ᠲᠤᠳᠤᠷᠬᠠᠶᠢᠯᠠᠨ ᠲᠠᠶᠢᠯᠪᠤᠷᠢᠯᠠᠵᠦ᠂ ᠲᠣᠳᠣᠷᠬᠠᠶ | ᠱᠠᠭᠠᠷᠳᠠᠯᠭ᠎ᠠ ᠲᠤᠷᠳᠴᠤ᠂ ᠮᠠᠷᠺᠰ ᠤᠨ ᠦᠵᠡᠯ ᠤᠨ ᠪᠣᠳᠠᠰᠴᠢ ᠬᠤᠪᠢᠰᠤᠩᠭᠤᠶ ᠦᠵᠡᠯ ᠰᠠᠨᠠᠭᠠᠨ ᠤ ᠠᠷᠭ᠎ᠠ ᠶᠢ | ᠬᠦᠢᠴᠡᠳ ᠢᠯᠡᠷᠡᠭᠦᠯᠪᠡ᠂ ᠡᠨᠡ ᠨᠢ ᠮᠠᠨ ᠤ ᠨᠠᠮ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠶ ᠲᠠᠨᠢᠯᠲᠠ ᠤᠯᠠᠮ ᠴᠢᠨᠠᠬᠰᠢᠳᠠ ᠭᠦᠨᠵᠡᠭᠡᠶᠢᠷᠡᠭᠰᠡᠨ ᠶᠠᠪᠤᠳᠠᠯ ᠪᠤᠯᠤᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠲᠥᠰᠦᠪ ᠢ | ᠵᠢᠷᠤᠭᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃ | ᠦᠵᠦ ᠲᠥᠯᠥᠪᠯᠡᠭᠡ ᠪᠣᠯᠤᠨ ᠦᠢᠯᠡᠳᠦᠯᠭᠡ ᠶᠢᠨ ᠰᠦᠪᠡᠭᠴᠢᠯᠡᠯ᠂ ᠪᠠᠶᠢᠯᠳᠤᠬᠤ ᠪᠤᠳᠤᠯᠭ᠎ᠠ ᠪᠣᠯᠤᠨ ᠠᠷᠭ᠎ᠠ ᠪᠤᠳᠤᠯᠭ᠎ᠠ | ᠂ ᠲᠥᠪ ᠶᠣᠰᠣ ᠶᠢ ᠪᠠᠷᠢᠮᠲᠠᠯᠠᠬᠤ ᠪᠣᠯᠤᠨ ᠰᠢᠨ᠎ᠡ ᠶᠢ ᠡᠭᠦᠳᠬᠦ᠂ ᠦᠷ᠎ᠡ ᠠᠰᠢᠭ ᠪᠣᠯᠤᠨ ᠲᠥᠪ ᠭᠤᠣᠯᠴᠢ᠂ | ᠠᠮᠢᠵᠢᠷᠠᠯ ᠤᠨ ᠬᠦᠴᠦᠨ ᠪᠣᠯᠤᠨ ᠡᠮᠬᠢ ᠳᠢᠭᠯᠢᠮ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯᠤᠨ ᠭᠠᠳᠠᠭᠠᠳᠤ | ᠨᠡᠬᠡᠬᠡᠯᠳᠡ ᠵᠡᠷᠭᠡ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠵᠥᠪ ᠰᠠᠶᠢᠳᠤᠷ ᠰᠢᠢᠳᠪᠦᠷᠢᠯᠡᠬᠦ ᠨᠢ ᠪᠦᠬᠦ | ᠨᠠᠮ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠵᠥᠪ ᠢᠶᠠᠷ ᠣᠶᠢᠯᠠᠭᠠᠵᠦ᠂ ᠮᠠᠨ ᠤ | ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠯᠳᠤᠬᠤ ᠪᠤᠳᠤᠯᠭ᠎ᠠ ᠶᠢᠨ ᠰᠢᠨ᠎ᠡ ᠠᠵᠠ ᠲᠣᠬᠢᠶᠠᠯ ᠂ ᠰᠢᠨ᠎ᠡ | ᠪᠠᠶᠢᠯᠳᠤᠬᠤ ᠪᠣᠳᠣᠯᠭ᠎ᠠ ᠶᠢᠨ ᠡᠭᠦᠷᠭᠡ᠂ ᠪᠠᠶᠢᠯᠳᠤᠬᠤ ᠪᠤᠳᠦᠯᠭ᠎ᠠ ᠶᠢᠨ ᠰᠢᠨ᠎ᠡ ᠱᠡᠳᠦ ᠦᠶ᠎ᠡ᠂ ᠰᠢᠨ᠎ᠡ ᠪᠠᠶᠢᠯᠳᠤᠬᠤ | ᠪᠣᠳᠣᠯᠭ᠎ᠠ ᠶᠢᠨ ᠱᠠᠭᠠᠷᠳᠠᠯᠭ᠎ᠠ᠂ ᠪᠠᠶᠢᠯᠳᠤᠬᠤ ᠪᠤᠳᠤᠯᠭ᠎ᠠ ᠶᠢᠨ ᠰᠢᠨ᠎ᠡ ᠣᠷᠴᠢᠨ ᠨᠥᠬᠦᠴᠡᠯ ᠲᠠᠢ ᠨᠢᠭᠲᠠ | ᠤᠶᠠᠯᠳᠤᠭᠤᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠢ | ᠭᠦᠨᠵᠡᠭᠡᠶ ᠲᠠᠨᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ ᠢᠶᠠᠨ | ᠴᠢᠩᠭᠠᠳᠬᠠᠵᠦ᠂ ᠰᠢᠨ᠎ᠡ ᠠᠶᠠᠨ ᠵᠠᠮ ᠳᠤ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠳᠠᠯ ᠢ ᠴᠢᠷᠮᠠᠶᠢᠨ ᠡᠭᠦᠳᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ | ᠦᠵᠦ ᠲᠥᠯᠥᠪᠯᠡᠭᠡ ᠪᠠ ᠦᠢᠯᠡᠳᠦᠯᠭᠡ ᠶᠢᠨ ᠰᠦᠪᠡᠭᠴᠢᠯᠡᠯ ᠪᠣᠯ ᠬᠤᠪᠢᠰᠤᠩᠭᠤᠶ ᠪᠠᠷ ᠨᠢᠭᠡᠳᠴᠦ ᠪᠠᠶᠢᠳᠠᠭ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠳᠠ ᠶᠢᠨ | ᠲᠤᠮᠳᠠᠳᠤ ᠤᠯᠤᠰ ᠤᠨ ᠣᠨᠴᠠᠯᠢᠭ ᠲᠠᠢ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠭᠦᠨᠵᠡᠭᠡᠢ | ᠲᠣᠳᠣᠷᠬᠠᠶᠢᠯᠠᠨ ᠥᠭᠦᠯᠡᠵᠡᠢ᠂ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠵᠦ | ᠲᠥᠯᠥᠪᠯᠡᠭᠡ ᠪᠣᠯᠤᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠱᠠᠲᠤ ᠦᠶ᠎ᠡ ᠬᠤᠪᠢᠶᠠᠵᠤ᠂ | ᠬᠦᠷᠢᠶ᠎ᠡ ᠴᠠᠷᠠᠭ᠎ᠠ ᠬᠤᠪᠢᠶᠠᠵᠤ ᠠᠬᠢᠭᠤᠯᠤᠬᠰᠠᠨ ᠶᠤᠮ᠃ ᠡᠯ᠎ᠡ ᠱᠠᠲᠤᠨ ᠤ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠵᠦ᠂ ᠡᠯ᠎ᠡ ᠬᠦᠷᠢᠶᠡᠨ ᠴᠠᠷᠠᠭᠠᠨ ᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ | ᠮᠦᠨ ᠠᠳᠠᠯᠢᠬᠠᠨ ᠢᠶᠠᠷ ᠦᠵᠦ ᠲᠥᠯᠥᠪᠯᠡᠭᠡ ᠬᠢᠬᠦ ᠴᠢᠬᠤᠯᠠᠲᠠᠢ᠃ ᠶᠡᠷᠦᠩᠬᠡᠢ ᠱᠦᠵᠢ ᠰᠢ ᠶᠢᠨ ᠫᠢᠩ᠄ ︽ᠦᠵᠦ | ᠲᠥᠯᠥᠪᠯᠡᠭᠡ ᠬᠢᠬᠦ ᠳᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠠᠵᠢᠭᠯᠠᠵᠤ᠂ ᠠᠷᠠᠳ | ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠢ ᠣᠨᠣᠪᠴᠢᠲᠠᠢ ᠡᠵᠡᠮᠳᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ᠂ ᠲᠣᠭᠲᠠᠭᠠᠭᠰᠠᠨ ᠲᠥᠯᠥᠪᠵᠢᠭᠦᠯᠭᠡ ᠪᠠ | ᠲᠦᠷᠦ ᠶᠢᠨ ᠪᠤᠳᠤᠯᠭ᠎ᠠ ᠶᠢᠨ ᠰᠢᠰᠲ᠋ᠧᠮ ᠳᠤ ᠴᠠᠭ ᠦᠶᠡᠴᠢ ᠴᠢᠨᠠᠷ ᠢ ᠢᠯᠡᠷᠡᠭᠦᠯᠦᠨ᠂ ᠵᠢᠮ᠎ᠡ ᠶᠣᠰᠣᠴᠢ ᠴᠢᠨᠠᠷ ᠢ | ᠡᠵᠡᠮᠳᠡᠵᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠠᠶᠢᠵᠤ᠂ ᠬᠤᠯᠠ ᠤᠢᠢᠷ᠎ᠠ ᠶᠢ ᠤᠶᠠᠯᠳᠤᠭᠤᠯᠤᠨ᠂ ᠳᠡᠭᠡᠳᠦ | ᠲᠤᠤᠷᠠᠳᠤ ᠱᠠᠳᠤ ᠶᠢ ᠨᠡᠪᠲᠡᠷᠡᠯᠴᠡᠭᠦᠯᠵᠦ᠂ ᠠᠭᠤᠯᠭ᠎ᠠ ᠶᠢ ᠵᠣᠬᠢᠴᠠᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠨᠢᠭᠡᠨ ᠰᠦᠪᠡᠭᠴᠢᠯᠡᠯᠲᠡ ᠶᠢᠨ ᠴᠢᠨᠠᠷᠲᠠᠢ | ᠦᠢᠯᠡᠰ ᠮᠥᠨ᠂ ᠪᠠᠰᠠ ᠮᠠᠰᠢ ᠤᠯᠠᠨ ᠦᠯᠦ ᠮᠡᠳᠡᠬᠦ ᠬᠦᠷᠢᠶ᠎ᠡ ᠴᠠᠷᠠᠭ᠎ᠠ ᠪᠤᠢ᠂ ᠡᠭᠦᠨ ᠢ ᠪᠢᠳᠡ ᠦᠢᠯᠡᠳᠦᠯᠭᠡ ᠶᠢᠨ | ᠳᠤᠮᠳᠠ ᠵᠣᠷᠢᠭᠲᠠᠢ ᠪᠠᠷ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠳᠠᠮᠵᠢᠭᠤᠯᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠂ ᠶᠠᠭᠠᠬᠢᠭᠰᠠᠨ ᠴᠤ ᠵᠠᠪᠢ ᠲᠡᠭᠡᠷ᠎ᠡ ᠲᠡᠮᠳᠡᠭ ᠲᠠᠯᠪᠢᠵᠦ | ᠲᠠᠯᠠᠢ ᠳᠤ ᠵᠢᠪᠪᠦᠭᠰᠡᠨ ᠰᠠᠯᠡᠮ᠎ᠡ ᠪᠠᠨ ᠡᠷᠢᠵᠦ᠂ ᠦᠨᠳᠦᠷ ᠮᠣᠳᠣᠨ ᠤ ᠲᠤᠤᠷ᠎ᠠ ᠦᠬᠦᠬᠦ ᠲᠠᠤᠯᠠᠶ ᠶᠢ ᠬᠦᠯᠢᠶᠡᠵᠦ | ᠰᠠᠭᠤᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠵᠠᠮ ᠨᠡᠭᠡᠭᠡᠨ ᠰᠢᠨ᠎ᠡ ᠶᠢ ᠡᠭᠦᠳᠴᠦ᠂ ᠢᠯᠠᠩᠭᠤᠶ᠎ᠠ ᠬᠤᠰᠢᠭᠤᠷᠠᠯ ᠦᠢᠯᠡᠳᠦᠯᠭᠡ᠂ | ᠦᠯᠦ ᠮᠡᠳᠡᠬᠦ ᠬᠦᠷᠢᠶ᠎ᠡ ᠴᠠᠷᠠᠭᠠᠨ ᠳᠤ ᠵᠣᠷᠢᠭᠲᠠᠢ ᠪᠠᠷ ᠬᠠᠶᠢᠨ ᠰᠦᠪᠡᠭᠴᠢᠯᠡᠬᠦ᠂ ᠵᠣᠷᠢᠭᠲᠠᠢ ᠪᠠᠷ ᠲᠦᠷᠦᠭᠦᠯᠡᠬᠦ ᠶᠢ | ᠵᠣᠷᠢᠭᠵᠢᠭᠤᠯᠵᠤ᠂ ᠰᠢᠨ᠎ᠡ ᠵᠥᠷᠢᠴᠡᠯ ᠰᠢᠨ᠎ᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠰᠡᠳᠬᠢᠴᠡ ᠪᠠ | ᠠᠷᠭ᠎ᠠ ᠶᠢ ᠡᠷᠢᠯᠬᠢᠯᠡᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠰᠢᠨ᠎ᠡ ᠰᠣᠷᠭᠤᠭ ᠲᠤᠷᠰᠢᠯᠭ᠎ᠠ ᠶᠢ | ᠴᠢᠷᠮᠠᠶᠢᠨ ᠡᠭᠦᠳᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠶᠢ ᠵᠥᠪ ᠢᠶᠠᠷ ᠬᠡᠷᠡᠭᠯᠡᠬᠦ ᠪᠣᠯ | ᠮᠠᠨ ᠤ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠡᠭᠦᠳᠦᠨ ᠪᠦᠲᠦᠭᠡᠬᠦ᠂ ᠮᠢᠩᠭᠠᠨ ᠣᠨ ᠤ ᠠᠤᠭ᠎ᠠ ᠦᠢᠯᠡᠰ ᠢ | ᠪᠦᠲᠦᠭᠡᠬᠦ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠭ᠋ᠤ᠂ ᠢᠯᠠᠯᠲᠠ ᠠᠴᠠ ᠢᠯᠠᠯᠲᠠ | ᠵᠦᠭ ᠲᠠᠰᠤᠷᠠᠯᠳᠠ ᠦᠭᠡᠢ ᠤᠷᠤᠭᠰᠢᠯᠠᠬᠤ ᠶᠢᠨ ᠠᠮᠵᠢᠯᠲᠠ ᠲᠠᠢ ᠨᠢᠭᠤᠴᠠ ᠵᠣᠷ ᠮᠥᠨ᠃ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠡᠨᠡ ᠬᠦ ᠠᠮᠵᠢᠯᠲᠠ ᠣᠯᠤᠭᠰᠠᠨ ᠨᠢᠭᠤᠴᠠ ᠵᠣᠷ ᠢ | ᠰᠠᠶᠢᠲᠤᠷ ᠳ᠋ᠦᠩᠨᠡᠵᠦ᠂ ᠰᠠᠶᠢᠲᠤᠷ ᠬᠡᠷᠡᠭᠯᠡᠬᠦ ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠪᠠᠷᠠᠯᠠᠯᠳᠤ ᠴᠢᠨᠠᠷ ᠢ ᠴᠢᠩᠭᠠᠳᠬᠠᠵᠤ᠂ ᠬᠡᠷᠡᠭ ᠪᠣᠳᠠᠰ ᠤᠨ ᠬᠥᠭᠵᠢᠯᠲᠡ ᠶᠢᠨ | ᠵᠠᠶᠢᠯᠠᠰᠢ ᠦᠭᠡᠢ ᠬᠠᠨᠳᠤᠰᠢ ᠶᠢ ᠣᠨᠣᠪᠴᠢᠲᠠᠢ ᠡᠵᠡᠮᠳᠡᠵᠦ᠂ ᠤᠷᠤᠭᠰᠢᠯᠠᠯᠲᠠ ᠶᠢᠨ ᠵᠠᠮ ᠳᠡᠭᠡᠷ᠎ᠡ ᠭᠠᠷᠴᠤ ᠮᠡᠳᠡᠬᠦ | ᠠᠵᠠ ᠲᠣᠬᠢᠶᠠᠯ ᠪᠠ ᠥᠷᠢᠰᠥᠯᠳᠦᠭᠡᠨ ᠢ ᠬᠤᠷᠴᠠ ᠰᠡᠷᠭᠡᠭ ᠢᠶᠠᠷ ᠠᠵᠢᠵᠦ᠂ ᠰᠢᠨᠵᠢᠯᠡᠬᠦ ᠤᠬᠠᠭᠠᠨᠴᠢ ᠪᠠᠶᠢᠯᠳᠤᠬᠤ | ᠪᠤᠳᠤᠯᠭ᠎ᠠ ᠪᠠᠷ ᠢᠷᠡᠭᠡᠳᠦᠢ ᠶᠢ ᠬᠠᠷᠠᠵᠤ᠂ ᠢᠷᠡᠭᠡᠳᠦᠢ ᠶᠢ ᠬᠦᠳᠦᠯᠦᠨ ᠳᠠᠭᠠᠭᠤᠯᠬᠤ ᠬᠡᠷᠡᠭᠲᠡᠢ︔ ᠪᠠᠶᠢᠯᠳᠤᠬᠤ | ᠪᠤᠳᠤᠯᠭ᠎ᠠ ᠶᠢᠨ ᠪᠦᠬᠦ ᠲᠠᠯ᠎ᠠ ᠶᠢᠨ ᠴᠢᠨᠠᠷ ᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ | ᠲᠦᠯᠦᠪᠵᠢᠬᠦᠯᠬᠦ᠂ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠬᠳᠠᠭᠠᠬᠤ᠂ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠬᠢᠬᠦ ᠳᠡᠭᠡᠨ ᠴᠥᠮ ᠨᠠᠮ ᠪᠠ ᠤᠯᠤᠰ ᠤᠨ ᠠᠵᠢᠯ ᠦᠢᠯᠡᠰ ᠤᠨ ᠮᠠᠨᠳᠤᠵᠤ ᠪᠠᠭᠤᠷᠠᠬᠤ ᠢᠯᠠᠵᠤ | ᠢᠯᠠᠭᠳᠠᠬᠤ ᠳᠤ ᠬᠤᠯᠪᠣᠭᠳᠠᠬᠤ᠂ ᠪᠦᠬᠦ ᠲᠠᠯ᠎ᠠ ᠶᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ | ᠪᠣᠳᠣᠯᠬᠢᠯᠠᠬᠤ ᠬᠡᠷᠡᠭᠲᠡᠢ︔ ᠪᠠᠶᠢᠯᠳᠤᠬᠤ ᠪᠤᠳᠤᠯᠭ᠎ᠠ ᠶᠢᠨ ᠲᠣᠭᠲᠠᠪᠤᠷᠢᠲᠤ ᠴᠢᠨᠠᠷ ᠢ ᠴᠢᠩᠭᠠᠳᠬᠠᠬᠤ ᠬᠡᠷᠡᠭᠲᠡᠢ᠂ | ᠪᠠᠶᠢᠯᠳᠤᠬᠤ ᠪᠤᠳᠤᠯᠭ᠎ᠠ ᠪᠦᠷᠢᠯᠳᠦᠮᠡᠭᠴᠡ ᠳᠠᠷᠤᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠡᠴᠦᠰ ᠲᠤᠨᠢ | ᠲᠤᠯᠲᠠᠯ᠎ᠠ ᠠᠳᠬᠤᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠦᠷ᠎ᠡ ᠪᠦᠳᠦᠮᠵᠢ ᠭᠠᠷᠭᠠᠵᠤ᠂ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠭᠡᠢ᠃ ᠠᠷᠭ᠎ᠠ ᠪᠤᠳᠤᠯᠭ᠎ᠠ ᠪᠣᠯ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ | ᠪᠠᠶᠢᠯᠳᠤᠬᠤ ᠪᠤᠳᠤᠯᠭ᠎ᠠ ᠳᠤ ᠦᠢᠯᠡᠴᠢᠯᠡᠳᠡᠭ ᠶᠤᠮ᠂ ᠲᠡᠷᠡ ᠨᠢ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠰᠢᠨᠵᠢᠯᠡᠬᠦ | ᠤᠬᠠᠭᠠᠨᠴᠢ ᠠᠷᠭ᠎ᠠ ᠮᠥᠨ᠃ ᠪᠠᠶᠢᠯᠳᠤᠬᠤ ᠪᠤᠳᠤᠯᠭ᠎ᠠ ᠶᠢᠨ ᠵᠠᠷᠴᠢᠮᠲᠤ ᠴᠢᠨᠠᠷ ᠪᠠ ᠠᠷᠭ᠎ᠠ ᠪᠤᠳᠤᠯᠭ᠎ᠠ ᠶᠢᠨ | ᠠᠮᠢᠳᠤᠯᠢᠭ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠠᠮᠢᠳᠤᠯᠢᠭ ᠪᠥᠭᠡᠳ ᠬᠥᠳᠡᠯᠦᠩᠭᠦᠢ ᠪᠠᠷ ᠲᠣᠬᠢᠶᠠᠯ ᠢ | ᠦᠵᠡᠨ ᠬᠤᠪᠢᠷᠠᠭᠤᠯᠵᠤ᠂ ᠴᠠᠭ ᠲᠤᠬᠠᠢ ᠳᠤᠨᠢ ᠡᠷᠡᠰ ᠰᠢᠭᠤᠷᠬᠠᠢ ᠪᠠᠷ ᠭᠠᠵᠠᠷ ᠣᠷᠣᠨ ᠤ ᠪᠠᠶᠢᠳᠠᠯ ᠳᠤᠨᠢ | ᠲᠤᠬᠢᠷᠠᠭᠤᠯᠤᠨ᠂ ᠪᠠᠶᠢᠳᠠᠯ ᠢ ᠨᠢ ᠦᠵᠡᠨ ᠬᠢᠵᠦ᠂ ᠪᠠᠶᠢᠳᠠᠯ ᠳᠤᠨᠢ ᠲᠤᠬᠢᠷᠠᠭᠤᠯᠤᠨ ᠠᠵᠢᠯᠯᠠᠬᠤ ᠲᠤᠮᠳᠠ ᠪᠠᠶᠢᠯᠳᠤᠬᠤ | ᠪᠤᠳᠤᠯᠭ᠎ᠠ ᠶᠢᠨ ᠰᠠᠨᠠᠭᠠᠴᠢᠯᠠᠭᠠᠲᠤ ᠡᠷᠭᠡ ᠶᠢ ᠡᠵᠡᠮᠳᠡᠬᠦ ᠬᠡᠷᠡᠭᠲᠡᠢ᠃ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠲᠦᠷᠦ ᠶᠢ | ᠵᠠᠰᠠᠵᠤ ᠵᠠᠰᠠᠭ ᠢ ᠡᠷᠬᠢᠯᠡᠬᠦ ᠳᠤᠮᠳᠠᠬᠢ ᠴᠢᠬᠤᠯᠠ ᠰᠡᠳᠬᠢᠬᠦᠢ ᠶᠢᠨ ᠠᠷᠭ᠎ᠠ ᠪᠣᠯᠤᠨ᠎ᠠ᠃ ᠲᠥᠪ ᠶᠣᠰᠣ ᠶᠢ | ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ | ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠦᠨ | ᠳᠠᠭᠠᠭᠤᠯᠵᠤ ᠴᠢᠳᠠᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠪᠡᠭᠴᠢᠯᠡᠯᠳᠡ ᠪᠣᠯ ᠳᠠᠷᠤᠢ | ᠵᠠᠯᠭᠠᠮᠵᠢᠯᠠᠬᠤ ᠳᠤᠮᠳᠠ ᠬᠥᠭᠵᠢᠵᠦ᠂ ᠪᠠᠷᠢᠮᠳᠠᠯᠠᠬᠤ ᠳᠤᠮᠳᠠ ᠰᠢᠨ᠎ᠡ ᠶᠢ ᠡᠭᠦᠳᠬᠦ ᠲᠡᠦᠬᠡᠨ ᠶᠠᠪᠤᠴᠠ ᠪᠣᠯᠤᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠵᠠᠮ ᠳᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠦᠨ ᠴᠢᠨᠠᠷ ᠪᠠ ᠢᠷᠡᠯᠳᠡ᠂ ᠦᠨᠳᠦᠰᠦ ᠰᠤᠷᠪᠤᠯᠵᠢ ᠪᠠ ᠰᠦᠭ | ᠰᠦᠨᠡᠰᠦ ᠶᠢ ᠰᠠᠶᠢᠲᠤᠷ ᠰᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ | ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠡᠷᠡᠰ ᠭᠤᠶᠢᠪᠢᠰᠢ ᠦᠭᠡᠢ | ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ | ᠬᠡᠷᠡᠭᠲᠡᠢ᠃ ᠡᠭᠦᠨ ᠤ ᠬᠠᠮᠲᠤ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠲᠤᠪᠤᠶᠢᠮ᠎ᠠ | ᠪᠠᠶᠢᠷᠢᠨ ᠳᠤ ᠲᠠᠯᠪᠢᠵᠤ᠂ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠴᠢᠬᠤᠯᠠ ᠶᠡᠭᠡ | ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠢᠳᠡᠪᠬᠢᠲᠡᠢ ᠪᠠᠷ | ᠬᠤᠪᠢᠷᠠᠯᠲᠠ ᠶᠢ ᠲᠠᠨᠢᠨ ᠬᠤᠪᠢᠷᠠᠯᠲᠠ ᠶᠢ ᠠᠷᠭᠠᠴᠠᠵᠤ ᠬᠤᠪᠢᠷᠠᠯᠲᠠ ᠶᠢ ᠡᠷᠢᠯᠬᠢᠯᠡᠵᠦ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ | ᠳᠠᠪᠠᠭᠤᠯᠢᠭ ᠢ ᠲᠠᠰᠤᠷᠠᠯᠳᠠ ᠦᠭᠡᠢ ᠪᠤᠢ ᠪᠣᠯᠭᠠᠵᠤ᠂ ᠪᠦᠬᠦ ᠨᠡᠶᠢᠭᠡᠮ ᠤᠨ ᠡᠭᠦᠳᠦᠨ ᠪᠦᠲᠦᠭᠡᠬᠦ ᠠᠮᠢᠳᠤᠯᠢᠭ | ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ | ᠲᠥᠪ ᠭᠤᠣᠯᠴᠢ ᠶᠢ ᠦᠷ᠎ᠡ ᠪᠦᠲᠦᠮᠵᠢ ᠶᠢᠨ ᠰᠠᠭᠤᠷᠢᠨ ᠳᠡᠭᠡᠷ᠎ᠡ ᠪᠠᠶᠢᠭᠤᠯᠵᠦ᠂ ᠦᠷ᠎ᠡ ᠪᠦᠲᠦᠮᠵᠢ ᠶᠢ ᠴᠦ | ᠲᠥᠪ ᠭᠤᠣᠯᠴᠢ ᠪᠠᠶᠢᠬᠤ ᠪᠠᠷ ᠤᠷᠢᠲᠠᠯ ᠪᠣᠯᠭᠠᠪᠠᠯ ᠰᠠᠶ᠋ᠢ ᠦᠷᠭᠦᠯᠵᠢᠯᠡᠵᠦ ᠴᠢᠳᠠᠨ᠎ᠠ᠃ ᠭᠠᠭᠴᠠ ᠬᠦ ᠦᠷ᠎ᠡ | ᠪᠦᠲᠦᠮᠵᠢ ᠪᠠ ᠲᠥᠪ ᠭᠤᠣᠯᠴᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠪᠣᠭᠤᠷᠰᠤᠭ ᠢ ᠲᠣᠮᠣ ᠬᠢᠬᠦ ᠶᠢᠨ | ᠬᠠᠮᠲᠤ ᠪᠣᠭᠤᠷᠰᠤᠭ ᠢ ᠰᠠᠶᠢᠲᠤᠷ ᠬᠤᠪᠢᠶᠠᠪᠠᠯ ᠰᠠᠶ᠋ᠢ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠦᠬᠦ ᠠᠷᠠᠳ ᠲᠦᠮᠡᠨ ᠳᠤ ᠨᠡᠩ ᠣᠯᠠᠨ ᠨᠡᠩ ᠭᠤᠣᠯᠴᠢ ᠪᠠᠷ ᠬᠦᠷᠲᠡᠭᠡᠵᠦ ᠴᠢᠳᠠᠨ᠎ᠠ᠃ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠷᠥᠩᠭᠡᠲᠦ ᠶᠣᠰᠣᠨ ᠠᠴᠠ ᠨᠡᠩ ᠥᠨᠳᠥᠷ ᠦᠷ᠎ᠡ ᠪᠦᠲᠦᠮᠵᠢ ᠶᠢ | ᠡᠭᠦᠳᠬᠦ ᠮᠥᠷᠲᠡᠭᠡᠨ ᠪᠠᠰᠠ ᠨᠡᠶᠢᠭᠡᠮ ᠤᠨ ᠲᠥᠪ ᠭᠤᠣᠯᠴᠢ ᠶᠢ ᠨᠡᠩ ᠪᠦᠲᠦᠮᠵᠢᠲᠡᠢ ᠬᠠᠮᠠᠭᠠᠯᠠᠵᠤ᠂ ᠦᠷ᠎ᠡ | ᠪᠦᠲᠦᠮᠵᠢ ᠪᠣᠯᠤᠨ ᠲᠥᠪ ᠭᠤᠣᠯᠴᠢ ᠶᠢᠨ ᠬᠠᠷᠢᠯᠴᠠᠨ ᠬᠠᠷᠠᠭᠠᠯᠵᠠᠬᠤ᠂ ᠬᠠᠷᠢᠯᠴᠠᠨ ᠠᠬᠢᠭᠤᠯᠬᠤ᠂ ᠬᠠᠷᠢᠯᠴᠠᠨ | ᠨᠢᠭᠡᠳᠬᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ | ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠭᠤᠶᠢᠪᠢᠰᠢ | ᠦᠭᠡᠢ ᠵᠣᠷᠢᠭᠵᠢᠭᠤᠯᠵᠦ᠂ ᠳᠡᠮᠵᠢᠵᠦ᠂ ᠬᠥᠲᠥᠯᠥᠨ ᠵᠢᠯᠣᠭᠤᠳᠴᠤ᠂ ᠡᠬᠢ ᠪᠠᠶᠠᠯᠢᠭ ᠢ ᠲᠤᠬᠢᠷᠠᠭᠤᠯᠬᠤ | ᠶᠠᠪᠤᠴᠠ ᠳᠠᠬᠢ ᠵᠠᠬ᠎ᠠ ᠲᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠦ᠂ | ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠦ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ | ᠳᠡᠯᠭᠡᠭᠦᠷ ᠢ ᠪᠠᠶᠢᠭᠤᠯᠵᠦ᠂ ᠡᠯᠧᠮᠧᠨ᠋ᠲ ᠢ ᠵᠠᠬ᠎ᠠ ᠲᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ | ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠤᠯᠤᠬᠰᠠᠨ᠂ | ᠳᠡᠯᠡᠬᠡᠶᠢᠴᠢᠯᠡᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠭᠦᠳᠴᠤ᠂ ᠪᠦᠬᠦ | ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠬᠦᠴᠦᠯᠡᠨ ᠲᠡᠭᠡᠭᠰᠢᠯᠡᠭᠦᠯᠵᠦ᠂ ᠡᠷᠬᠡ ᠠᠰᠢᠭ ᠡᠷᠬᠡ ᠲᠡᠭᠰᠢ᠂ | ᠠᠵᠠ ᠲᠣᠬᠢᠶᠠᠯ ᠲᠥᠪ ᠭᠤᠣᠯᠴᠢ᠂ ᠳᠦᠷᠢᠮ ᠲᠥᠪ ᠭᠤᠣᠯᠴᠢ ᠪᠠᠶᠢᠬᠤ ᠪᠠᠷ ᠭᠤᠣᠯ ᠠᠭᠤᠯᠭ᠎ᠠ ᠪᠣᠯᠭᠠᠭᠰᠠᠨ | ᠨᠡᠶᠢᠭᠡᠮ ᠤᠨ ᠲᠥᠪ ᠭᠤᠣᠯᠴᠢ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠠᠷᠠᠳ ᠲᠦᠮᠡᠨ ᠤ ᠡᠷᠬᠡ | ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠪᠠᠲᠤᠯᠠᠵᠦ᠂ ᠪᠦᠬᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ | ᠪᠣᠯᠭᠠᠬᠤ ᠬᠡᠷᠡᠭᠲᠡᠢ᠃ | ᠨᠢᠭᠡᠨ ᠣᠳᠣᠬᠢᠴᠢᠯᠠᠭᠰᠠᠨ ᠨᠡᠶᠢᠭᠡᠮ ᠨᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠰᠠᠶᠢᠨ | ᠰᠠᠶᠢᠬᠠᠨ ᠡᠮᠬᠢ ᠲᠢᠭᠯᠢᠮ ᠲᠠᠢ ᠪᠠᠶᠢᠵᠤ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ ᠤᠨ ᠣᠷᠭᠠᠨᠢᠭ ᠨᠢᠭᠡᠳᠦᠯ ᠢ | ᠢᠯᠡᠷᠡᠭᠦᠯᠪᠡᠯ ᠵᠣᠬᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠠᠮᠢᠳᠤᠯᠢᠭ ᠪᠥᠭᠡᠳ ᠡᠮᠬᠢ | ᠲᠢᠭᠯᠢᠮ ᠲᠠᠢ᠂ ᠠᠮᠢᠳᠤᠯᠢᠭ ᠪᠥᠭᠡᠳ ᠡᠮᠬᠢ ᠵᠢᠷᠤᠮ ᠲᠠᠢ ᠬᠥᠳᠡᠯᠦᠩᠭᠦᠶ ᠲᠡᠩᠴᠡᠭᠦᠷᠢ ᠶᠢ ᠪᠡᠶᠡᠯᠡᠬᠦᠯᠬᠦ ᠪᠦᠭᠡᠳ | ᠪᠡᠶᠡᠯᠡᠭᠦᠯᠵᠦ ᠴᠢᠳᠠᠨ᠎ᠠ᠃ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠦᠬᠦ ᠨᠡᠶᠢᠭᠡᠮ ᠤᠨ ᠡᠭᠦᠳᠦᠨ ᠪᠦᠲᠦᠭᠡᠬᠦ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ | ᠰᠢᠨᠵᠢᠯᠡᠬᠦ ᠤᠬᠠᠭᠠᠨᠲᠠᠨ᠂ ᠠᠵᠤ ᠠᠬᠤᠶᠢᠯᠠᠯᠲᠠᠨ᠂ ᠤᠷᠠᠯᠢᠭᠴᠢᠨ ᠵᠡᠷᠭᠡ ᠡᠯ᠎ᠡ ᠲᠠᠯ᠎ᠠ ᠶᠢᠨ ᠴᠢᠳᠠᠪᠤᠷᠢᠲᠠᠨ | ᠢᠯᠠᠩᠭᠤᠶ᠎ᠠ ᠵᠠᠯᠠᠭᠤ ᠴᠢᠳᠠᠪᠤᠷᠢᠲᠠᠨ ᠤ ᠰᠢᠨ᠎ᠡ ᠶᠢ ᠡᠭᠦᠳᠴᠦ ᠡᠭᠦᠳᠦᠨ ᠪᠦᠲᠦᠭᠡᠯᠳᠡ ᠬᠢᠬᠦ ᠶᠢ ᠵᠣᠷᠢᠭᠵᠢᠭᠤᠯᠬᠤ | ᠬᠡᠷᠡᠭᠲᠡᠢ᠃ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠷᠢᠭᠤᠴᠠᠯᠭ᠎ᠠ ᠡᠭᠦᠷᠭᠡᠯᠡᠬᠦ ᠳᠤᠷ᠎ᠠ | ᠦᠭᠡᠢ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠡᠭᠡᠨ ᠠᠨᠠᠢ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ | ᠢᠳᠡᠪᠬᠢᠵᠢᠯ ᠢ ᠭᠦᠢᠴᠡᠳ ᠲᠠᠶᠢᠴᠢᠯᠠᠬᠤ ᠬᠡᠷᠡᠭᠲᠡᠢ᠃ ᠬᠥᠳᠡᠯᠮᠦᠷᠢ ᠡᠳ᠋ ᠪᠠᠶᠠᠯᠢᠭ ᠢ ᠡᠭᠦᠳᠬᠦ᠂ ᠪᠣᠳᠠᠲᠠᠢ ᠠᠵᠢᠯᠯᠠᠵᠤ | ᠠᠮᠵᠢᠯᠲᠠ ᠪᠦᠲᠦᠮᠵᠢ ᠶᠢ ᠡᠭᠦᠳᠬᠦ᠂ ᠴᠢᠷᠮᠠᠶᠢᠨ ᠲᠡᠮᠡᠴᠡᠵᠦ ᠵᠣᠯ ᠵᠢᠷᠭᠠᠯ ᠢ ᠡᠭᠦᠳᠬᠦ ᠵᠥᠪ ᠤᠳᠤᠷᠢᠳᠤᠮᠵᠢ ᠶᠢ | ᠪᠦᠷᠢᠯᠳᠦᠭᠦᠯᠵᠦ᠂ ᠪᠦᠬᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ | ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠲᠤᠤᠱᠯᠠᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠵᠤ᠂ ᠤᠯᠤᠰ ᠤᠨ ᠵᠠᠰᠠᠭ ᠤᠨ ᠡᠷᠬᠡ ᠶᠢᠨ | ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ | ᠪᠠ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠪᠡᠶ᠎ᠡ ᠪᠠᠨ ᠳᠠᠭᠠᠭᠠᠵᠤ | ᠡᠵᠡᠨ ᠮᠡᠳᠡᠬᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠤᠯᠤᠰ ᠣᠷᠣᠨ ᠪᠠ | ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠰᠠᠭᠤᠷᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠮᠠᠨ ᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ | ᠪᠠᠷᠢᠮᠲᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠮᠠᠨ ᠤ ᠤᠯᠤᠰ ᠤᠨ | ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠭᠵᠢᠯᠲᠡ ᠶᠢᠨ ᠠᠮᠤᠷ ᠲᠦᠪᠰᠢᠨ ᠴᠢᠨᠠᠷ | ᠲᠣᠭᠲᠠᠭᠤᠨ ᠴᠢᠨᠠᠷ ᠢ ᠴᠢᠩᠭᠠᠳᠬᠠᠵᠤ᠂ ᠮᠠᠨ ᠤ ᠤᠯᠤᠰ ᠤᠨ ᠠᠮᠢᠵᠢᠷᠠᠯ ᠤᠨ ᠬᠦᠴᠦᠨ᠂ ᠦᠷᠢᠰᠦᠯᠳᠦᠬᠦ ᠬᠦᠴᠦᠨ᠂ | ᠬᠥᠭᠵᠢᠯᠲᠡ ᠶᠢᠨ ᠬᠦᠴᠦᠨ᠂ ᠦᠷᠭᠦᠯᠵᠢᠯᠡᠬᠦ ᠬᠦᠴᠦᠨ ᠢ ᠴᠢᠩᠭᠠᠳᠬᠠᠬᠤ ᠬᠡᠷᠡᠭᠲᠡᠢ᠃ ᠰᠢᠨ᠎ᠡ ᠬᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠬᠦᠯᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠠᠯᠬᠤᠭ᠎ᠠ ᠶᠢ ᠲᠦᠷᠭᠡᠳᠬᠡᠵᠦ᠂ ᠭᠠᠳᠠᠭᠠᠳᠤ ᠤᠯᠤᠰ ᠤᠨ ︽ᠪᠣᠭᠤᠮᠢ︾ ᠶᠢᠨ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠲᠠᠰᠤᠷᠠᠯᠳᠠ ᠦᠭᠡᠢ | ᠥᠷᠭᠡᠳᠬᠡᠵᠦ᠂ ᠪᠦᠬᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠪᠣᠯᠤᠨ ᠬᠠᠮᠲᠤᠷᠠᠯᠴᠠᠭ᠎ᠠ ᠳᠤ | ᠭᠦᠨᠵᠡᠭᠡᠢ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ | ᠵᠠᠢ ᠶᠢ ᠥᠷᠭᠡᠳᠬᠡᠬᠦ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠢᠳᠡᠨ ᠤ | ︿ᠨᠦᠢᠷᠰᠤᠭᠰᠠᠨ ᠠᠷᠰᠯᠠᠨ﹀ ᠢ ᠬᠡᠷᠬᠢᠨ ᠰᠡᠷᠢᠭᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠨᠡᠬᠦ | ᠴᠢᠬᠤᠯᠠ ᠶᠡᠭᠡ ᠲᠡᠦᠬᠡ ᠶᠢᠨ ᠰᠡᠳᠦᠪ ᠲᠤ ᠥᠭᠭᠦᠭᠰᠡᠨ ᠬᠠᠷᠢᠭᠤᠯᠲᠠ ᠮᠥᠨ᠂ ᠥᠪᠡᠷ ᠤᠨ ᠵᠠᠮ ᠢᠶᠠᠨ ᠰᠣᠩᠭᠤᠵᠤ᠂ | ᠥᠪᠡᠷ ᠤᠨ ᠶᠠᠪᠤᠳᠠᠯ ᠢᠶᠠᠨ ᠬᠢᠬᠦ ᠶᠠᠪᠤᠳᠠᠯ ᠪᠣᠯᠤᠨ᠎ᠠ︾ ᠭᠡᠵᠦ ᠵᠢᠭᠠᠵᠤ ᠭᠠᠷᠭᠠᠪᠠ᠃ ᠰᠢᠨ᠎ᠡ ᠠᠶᠠᠨ ᠵᠠᠮ ᠪᠣᠯ | ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠠᠶᠠᠨ ᠵᠠᠮ ᠮᠥᠨ᠃ ᠰᠢᠨ᠎ᠡ ᠬᠠᠷᠠᠯᠲᠠ ᠲᠡᠶᠢᠰᠢ | ᠡᠷᠡᠮᠡᠬᠡᠶᠢᠯᠡᠨ ᠤᠷᠤᠭᠰᠢᠯᠠᠵᠤ ᠠᠶᠠᠨ ᠳᠠᠭᠠᠨ ᠲᠠᠬᠢᠨ ᠮᠣᠷᠳᠠᠬᠤ ᠳᠤ᠂ ᠪᠢᠳᠡ ᠵᠣᠷᠢᠭ ᠢᠶᠠᠨ ᠬᠤᠪᠢᠷᠠᠭᠤᠯᠬᠤ ᠦᠭᠡᠢ᠂ | ᠵᠠᠮ ᠢᠶᠠᠨ ᠬᠤᠪᠢᠷᠠᠭᠤᠯᠬᠤ ᠦᠭᠡᠢ ᠪᠠᠶᠢᠬᠤ ᠡᠷᠴᠢ ᠵᠣᠷᠢᠭ ᠢᠶᠠᠨ ᠪᠠᠲᠤᠳᠬᠠᠵᠤ᠂ ᠥᠪᠡᠷ ᠤᠨ ᠰᠣᠩᠭᠤᠭᠰᠠᠨ ᠵᠥᠪ | ᠵᠠᠮ ᠢᠶᠠᠷ ᠢᠶᠠᠨ ᠴᠡᠭᠡᠵᠢ ᠳᠠᠨᠠᠶᠢᠨ ᠣᠮᠤᠭ ᠲᠡᠭᠦᠯᠳᠡᠷ ᠢᠶᠠᠷ ᠤᠷᠤᠭᠰᠢᠯᠠᠵᠤ᠂ ᠴᠥᠬᠦᠷᠡᠰᠢ ᠦᠭᠡᠢ ᠲᠡᠮᠡᠴᠡᠵᠦ᠂ ᠡᠷᠡᠰ | ᠭᠤᠶᠢᠪᠢᠰᠢ ᠦᠭᠡᠢ ᠪᠠᠷ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠪᠠᠷ ᠲᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠢᠭᠡᠨ | ᠲᠠᠰᠤᠷᠠᠯᠳᠠ ᠦᠭᠡᠢ ᠣᠳᠣᠬᠢᠴᠢᠯᠠᠯᠳᠡ ᠲᠠᠶᠢᠰᠢ ᠤᠷᠤᠬᠰᠢᠯᠠᠵᠤ ᠪᠠᠶᠢᠭ᠎ᠠ ᠳᠤᠮᠳᠠᠳᠤ ᠤᠯᠤᠰ ᠯᠠᠪᠲᠠᠢ ᠳᠡᠯᠡᠬᠡᠢ | ᠳ᠋ᠠᠬᠢᠨ ᠳᠤ ᠨᠡᠩ ᠤᠯᠠᠨ ᠠᠵᠠ ᠲᠣᠬᠢᠶᠠᠯ ᠬᠠᠩᠭᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠳᠤ ᠨᠡᠩ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠪᠦᠬᠦ ᠬᠥᠮᠦᠨ ᠲᠥᠷᠥᠯᠬᠢᠲᠡᠨ ᠤ ᠲᠠᠪᠰᠢᠯᠳᠠ ᠳᠤ ᠨᠡᠩ ᠶᠡᠭᠡ ᠬᠤᠪᠢ | ᠨᠡᠮᠡᠷᠢ ᠦᠵᠡᠭᠦᠯᠤᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | |