ᠠᠷᠢᠭᠤᠳᠬᠠᠭᠴᠢ ᠡᠳ᠋ ᠢ ᠬᠡᠷᠬᠢᠨ ᠰᠣᠩᠭᠤᠬᠤ ᠪᠤᠢ
ᠨᠡᠶᠢᠲᠡᠯᠡᠭᠰᠡᠨ ᠴᠠᠭ᠄
2023/4/11
   ᠡᠸᠦ᠋ᠷᠦᠫᠡ ᠲᠢᠪ ᠤᠨ ᠮᠠᠰᠢ ᠣᠯᠠᠨ ᠤᠯᠤᠰ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠲᠦᠢᠯ ᠤᠨ ᠴᠢᠩᠭ᠎ᠠ ᠪᠠᠶᠢᠵᠤ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ᠂ ᠲᠥᠰᠥᠯ ᠤᠨ ᠰᠣᠩᠭᠤᠯᠲᠠ ᠶᠢᠨ ᠲᠠᠯ᠎ᠠ ᠪᠠᠷ ᠲᠦᠢᠯ ᠤᠨ ᠴᠢᠩᠭ᠎ᠠ ᠨᠢᠮᠪᠠᠢ ᠣᠪᠣᠷ ᠢ ᠪᠠᠷᠢᠮᠲᠠᠯᠠᠵᠤ ᠪᠠᠶᠢᠨ᠎ᠠ᠃ ᠰᠡᠷᠭᠡᠶᠢᠯᠡᠨ ᠡᠵᠡᠮᠳᠡᠯ ᠢ ᠭᠤᠣᠯᠳᠠᠭᠤ ᠭᠠᠳᠠᠨᠠᠬᠢ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠪᠠ ᠳᠣᠲᠣᠭᠠᠳᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠭᠡᠵᠦ ᠬᠤᠪᠢᠶᠠᠨ᠎ᠠ᠃ ᠳᠣᠲᠣᠭᠠᠳᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠬᠠᠮᠢᠶᠠᠷᠤᠯᠲᠠ ᠶᠢᠨ ᠠᠭᠤᠯᠭ᠎ᠠ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠠᠷᠢᠭᠤᠳᠬᠠᠨ ᠴᠡᠪᠡᠷᠯᠡᠬᠦ ᠶᠢ ᠣᠨᠴᠠᠭᠠᠶᠢᠯᠠᠨ ᠴᠢᠬᠤᠯᠠᠴᠢᠯᠠᠳᠠᠭ᠃    ᠡᠸᠦ᠋ᠷᠦᠫᠡ ᠲᠢᠪ ᠬᠢᠭᠡᠳ ᠳᠤᠮᠳᠠᠳᠤ ᠤᠯᠤᠰ ᠤᠨ ᠵᠠᠬ᠎ᠠ ᠳᠡᠯᠭᠡᠭᠦᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠣᠶᠢᠯᠠᠭᠠᠭᠳᠠᠬᠤᠨ ᠤ ᠲᠠᠯ᠎ᠠ ᠪᠠᠷ ᠪᠠᠭ᠎ᠠ ᠰᠠᠭ᠎ᠠ ᠵᠥᠷᠢᠶ᠎ᠡ ᠲᠠᠢ ᠪᠠᠶᠢᠳᠠᠭ᠂ ᠡᠸᠦ᠋ᠷᠦᠫᠡ ᠲᠢᠪ ᠤᠨ ᠠᠮᠢᠳᠤ ᠪᠣᠳᠠᠰ ᠤᠨ ᠠᠮᠤᠷ ᠲᠦᠪᠰᠢᠨ ᠤ ᠣᠶᠢᠯᠠᠭᠠᠭᠳᠠᠬᠤᠨ ᠤ ᠲᠠᠯ᠎ᠠ ᠪᠠᠷ ︽ᠤᠬᠢᠶᠠᠵᠤ ᠴᠡᠪᠡᠷᠯᠡᠬᠦ︾ ᠪᠣᠯ ᠰᠠᠶ᠋ᠢ ᠬᠠᠮᠤᠭ ᠤᠨ ᠴᠢᠬᠤᠯᠠ ᠭᠤᠭᠴᠤᠭ᠎ᠠ ᠮᠥᠨ᠂ ᠤᠬᠢᠶᠠᠵᠤ ᠴᠡᠪᠡᠷᠯᠡᠬᠦ ᠪᠣᠯ ᠬᠠᠮᠤᠭ ᠤᠨ ᠦᠨᠳᠦᠰᠦᠨ ᠠᠵᠢᠯ ᠪᠣᠯᠣᠨ᠎ᠠ᠂ ᠡᠷᠬᠡᠪᠰᠢ ᠣᠷᠴᠢᠨ ᠲᠣᠭᠤᠷᠢᠨ ᠢ ᠤᠬᠢᠶᠠᠵᠤ ᠴᠡᠪᠡᠷᠯᠡᠭᠰᠡᠨ ᠤ ᠳᠠᠷᠠᠭ᠎ᠠ ᠰᠠᠶ᠋ᠢ ᠠᠷᠢᠭᠤᠳᠬᠠᠬᠤ ᠬᠡᠷᠡᠭᠲᠡᠢ ᠭᠡᠵᠦ ᠦᠵᠡᠳᠡᠭ᠃ ᠭᠡᠲᠡᠯ᠎ᠡ ᠳᠤᠮᠳᠠᠳᠤ ᠤᠯᠤᠰ ᠤᠨ ᠲᠡᠵᠢᠭᠡᠨ ᠦᠷᠡᠵᠢᠭᠦᠯᠬᠦ ᠡᠷᠦᠬᠡ ᠬᠠᠷᠢᠨ ︽ᠠᠷᠢᠭᠤᠳᠬᠠᠬᠤ︾ ᠶᠢ ᠮᠠᠰᠢ ᠴᠢᠬᠤᠯᠠᠴᠢᠯᠠᠳᠠᠭ᠂ ᠣᠬᠢᠶᠠᠵᠤ ᠴᠡᠪᠡᠷᠯᠡᠬᠦ ᠶᠢ ᠡᠷᠬᠢᠮᠯᠡᠳᠡᠭ ᠦᠭᠡᠢ ᠤᠴᠢᠷ ᠠᠴᠠ ᠦᠨᠡᠨ ᠳᠤ ᠪᠠᠨ ᠮᠠᠰᠢ ᠣᠯᠠᠨ ᠠᠷᠢᠭᠤᠳᠬᠠᠯ ᠨᠢ ᠲᠡᠶᠢᠮᠦ ᠲᠦᠢᠯᠪᠤᠷᠢᠲᠠᠢ ᠪᠢᠰᠢ ᠪᠤᠯᠳᠠᠭ᠃    ᠰᠤᠳᠤᠯᠭ᠎ᠠ ᠭᠡᠷᠡᠴᠢᠯᠡᠭᠰᠡᠨ ᠨᠢ᠂ ᠤᠬᠢᠶᠠᠵᠤ ᠴᠡᠪᠡᠷᠯᠡᠭᠰᠡᠨ ᠤ ᠳᠠᠷᠠᠭᠠᠬᠢ ᠬᠡᠷᠡᠮ ᠤᠨ ᠨᠢᠭᠤᠷ ᠪᠤᠶᠤ ᠦᠩᠭᠡᠨ ᠲᠠᠯ᠎ᠠ ᠶᠢᠨ ᠳᠠᠭᠠᠯᠲᠠ ᠪᠣᠳᠠᠰ ᠤᠨ ᠡᠪᠡᠳᠴᠢᠨ ᠡᠭᠦᠰᠭᠡᠭᠴᠢ ᠶᠢᠨ ᠦᠯᠡᠳᠡᠭᠳᠡᠯ ᠤᠨ ᠬᠡᠮᠵᠢᠶ᠎ᠡ ᠲᠦᠢᠯ ᠤᠨ ᠳᠣᠣᠷ᠎ᠠ᠂ ᠠᠷᠢᠭᠤᠳᠬᠠᠵᠦ ᠤᠰᠠᠳᠬᠠᠬᠤ ᠳᠤ ᠨᠡᠩ ᠠᠮᠠᠷᠬᠠᠨ᠃ ᠬᠤᠯᠪᠣᠭᠳᠠᠯ ᠪᠦᠬᠦᠢ ᠲᠤᠷᠰᠢᠯᠲᠠ ᠶᠢᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ᠂ ᠪᠦᠲᠦᠮᠵᠢᠲᠡᠶ ᠤᠬᠢᠶᠠᠨ ᠴᠡᠪᠡᠷᠯᠡᠬᠦ ᠠᠷᠭ᠎ᠠ ᠪᠠᠷ ᠴᠡᠪᠡᠷᠯᠡᠭᠰᠡᠨ ᠪᠣᠳᠠᠰ ᠤᠨ ᠭᠠᠳᠠᠷᠭᠤ ᠶᠢᠨ ᠡᠪᠡᠳᠴᠢᠨ ᠡᠭᠦᠰᠬᠡᠭᠴᠢ ᠶᠢᠨ ᠦᠯᠡᠳᠡᠭᠳᠡᠯ ᠤᠨ ᠬᠡᠮᠵᠢᠶ᠎ᠡ ᠨᠢ 100cfu/cm2 ᠠᠴᠠ ᠳᠣᠣᠷ᠎ᠠ ᠪᠠᠶᠢᠵᠠᠢ᠃ ᠡᠶᠢᠮᠦᠷᠬᠦᠦ ᠨᠥᠬᠦᠴᠡᠯ ᠳᠣᠣᠷ᠎ᠠ᠂ ᠡᠪᠡᠳᠴᠢᠨ ᠡᠭᠦᠰᠭᠡᠭᠴᠢ ᠶᠢ ᠠᠷᠢᠭᠤᠳᠬᠠᠭᠴᠢ ᠡᠮ ᠢᠶᠠᠷ ᠠᠮᠠᠷᠬᠠᠨ ᠤᠰᠠᠳᠬᠠᠳᠠᠭ ᠃ ᠡᠶᠢᠮᠦ ᠠᠴᠠ ᠵᠢᠩᠬᠢᠨᠢ ᠤᠳᠬ᠎ᠠ ᠠᠭᠤᠯᠭ᠎ᠠ ᠳᠠᠬᠢ ᠠᠷᠢᠭᠤᠳᠬᠠᠬᠤ ᠭᠡᠳᠡᠭ ᠨᠢ ᠵᠥᠪ ᠣᠨᠣᠪᠴᠢᠲᠠᠶ ᠤᠬᠢᠶᠠᠨ ᠴᠡᠪᠡᠷᠯᠡᠬᠦ ᠠᠷᠭ᠎ᠠ ᠪᠠᠷ ᠤᠬᠢᠶᠠᠨ ᠴᠡᠪᠡᠷᠯᠡᠭᠰᠡᠨ ᠤ ᠳᠠᠷᠠᠭ᠎ᠠ᠂ ᠢᠯᠡᠷᠡᠭᠰᠡᠨ ᠦᠯᠡᠳᠡᠭᠳᠡᠯ ᠡᠪᠡᠳᠴᠢᠨ ᠡᠭᠦᠰᠭᠡᠭᠴᠢ ᠶᠢ ᠮᠠᠰᠢ ᠬᠢᠯᠪᠠᠷᠬᠠᠨ ᠢᠶᠠᠷ ᠤᠰᠠᠳᠬᠠᠵᠤ ᠳᠡᠶᠢᠯᠬᠦ ᠶᠢ ᠵᠢᠭᠠᠵᠤ ᠪᠠᠶᠢᠨ᠎ᠠ᠃     ᠣᠳᠣᠬᠠᠨ ᠳᠤ᠂ ᠡᠸᠦ᠋ᠷᠦᠫᠡ ᠶᠢᠨ ᠵᠠᠬ᠎ᠠ ᠳᠡᠯᠭᠡᠭᠦᠷ ᠲᠤ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠢ ᠨᠡᠩ ᠢᠯᠡᠭᠦᠦ ᠬᠡᠷᠡᠭᠯᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠬᠠᠷᠢᠨ ᠰᠢᠩᠭᠡᠨ ᠪᠡᠶᠡᠲᠦ ︵ᠴᠢᠩᠭ᠎ᠠ ᠢᠰᠦᠯᠳᠦᠬᠦ ᠴᠢᠨᠠᠷᠲᠠᠢ︶ ᠠᠷᠢᠭᠤᠳᠬᠠᠭᠴᠢ ᠡᠳ᠋ ᠢ ᠨᠡᠩ ᠢᠯᠡᠭᠦᠦ ᠰᠣᠩᠭᠤᠵᠤ ᠪᠣᠢ᠃ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠤᠨ ᠬᠠᠮᠤᠭ ᠤᠨ ᠰᠢᠭᠤᠳ ᠣᠨᠴᠠᠯᠢᠭ ᠪᠣᠯ ᠳᠠᠷᠤᠢ ᠦᠵᠡᠭᠳᠡᠬᠦ ᠳᠤ ᠣᠷᠣᠰᠢᠨ᠎ᠠ᠂ ᠠᠵᠢᠯᠯᠠᠬᠤ ᠶᠠᠪᠤᠴᠠ ᠶᠢ ᠲᠣᠳᠣᠷᠬᠠᠢ ᠣᠯᠵᠤ ᠬᠠᠷᠠᠵᠤ᠂ ᠵᠠᠷᠢᠮ ᠦᠯᠦ ᠣᠨᠣᠭᠳᠠᠬᠤ ᠭᠠᠵᠠᠷ᠂ ᠥᠨᠴᠥᠭ ᠪᠤᠯᠤᠩ ᠳᠤ ᠣᠷᠬᠢᠭᠳᠠᠬᠤ ᠪᠤᠶᠤ ᠪᠦᠷᠢᠨ ᠪᠤᠰᠤ ᠤᠬᠢᠶᠠᠵᠤ ᠠᠷᠢᠯᠭᠠᠬᠤ ᠠᠰᠠᠭᠤᠳᠠᠯ ᠭᠠᠷᠬᠤ ᠠᠴᠠ ᠵᠠᠶᠢᠯᠠᠰᠬᠢᠵᠦ ᠴᠢᠳᠠᠨ᠎ᠠ᠃ ᠬᠥᠭᠡᠰᠦᠷᠬᠡᠭ ᠤᠭᠢᠶᠠᠨ ᠠᠷᠢᠭᠤᠳᠬᠠᠭᠴᠢ ᠡᠳ᠋ ᠨᠢ ᠤᠷᠲᠤ ᠬᠤᠭᠤᠴᠠᠭᠠᠨ ᠤ ᠨᠠᠭᠠᠯᠳᠤᠮᠠᠬᠠᠢ ᠴᠢᠨᠠᠷ᠂ ᠦᠷᠭᠦᠯᠵᠢᠯᠡᠬᠦ ᠴᠢᠨᠠᠷ ᠪᠠ ᠥᠨᠳᠥᠷ ᠠᠰᠢᠭᠲᠤ ᠴᠢᠨᠠᠷ ᠤᠨ ᠤᠬᠢᠶᠠᠨ ᠴᠡᠪᠡᠷᠯᠡᠬᠦ ᠦᠷ᠎ᠡ ᠳ᠋ᠦᠩ ᠢ ᠪᠠᠲᠤᠯᠠᠬᠤ ᠶᠢᠨ ᠬᠠᠮᠲᠤ ᠬᠡᠷᠡᠭᠯᠡᠬᠦ ᠶᠠᠪᠤᠴᠠ ᠳᠤ ᠦᠢᠯᠡᠳᠦᠭᠳᠡᠬᠦ ᠪᠣᠳᠠᠰ ᠤᠨ ᠭᠠᠳᠠᠷᠭᠤ ᠶᠢ ᠡᠪᠳᠡᠬᠦ᠂ ᠢᠳᠡᠭᠳᠡᠭᠦᠯᠬᠦ᠂ ᠵᠢᠪᠡᠷᠡᠭᠦᠯᠬᠦ᠂ ᠥᠩᠭᠡ ᠶᠢ ᠨᠢ ᠤᠨ᠋ᠭᠠᠬᠠᠤ ᠵᠡᠷᠭᠡ ᠠᠰᠠᠭᠤᠳᠠᠯ ᠭᠠᠷᠬᠤ ᠦᠭᠡᠢ ᠪᠠᠶᠢᠳᠠᠭ ᠶᠤᠮ᠃ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠳᠠᠭᠠᠯᠳᠤᠨ᠂ ᠬᠠᠷᠠᠭ᠎ᠠ ᠪᠠᠨ ᠥᠷᠭᠡᠳᠬᠡᠵᠦ᠂ ᠨᠡᠩ ᠰᠢᠨᠵᠢᠯᠡᠬᠦ ᠤᠬᠠᠭᠠᠨᠴᠢ ᠪᠠᠷ ᠤᠬᠢᠶᠠᠨ ᠠᠷᠢᠭᠤᠳᠬᠠᠬᠤ ᠡᠳ᠋ ᠢ ᠰᠣᠩᠭᠤᠵᠤ᠂ ᠬᠠᠮᠤᠭ ᠤᠨ ᠰᠠᠶᠢᠨ ᠠᠷᠢᠭᠤᠳᠬᠠᠬᠤ ᠦᠷ᠎ᠡ ᠳ᠋ᠦᠩ ᠳᠤ ᠬᠦᠷᠭᠡᠵᠦ᠂ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠦᠩᠯᠢᠶᠤᠤ ᠠᠷᠠᠳ ᠤᠨ ᠵᠠᠰᠠᠭ ᠤᠨ ᠤᠷᠳᠤᠨ ᠤ ᠡᠬᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号