ᠬᠠᠪᠤᠷ ᠤᠨ ᠤᠯᠠᠷᠢᠯ ᠳᠤ ᠲᠤᠬᠢᠷᠠᠬᠤ ᠪᠡᠶ᠎ᠡ ᠶᠢᠨ ᠲᠠᠮᠷᠢ ᠤᠨ ᠬᠦᠳᠡᠯᠭᠡᠭᠡᠨ | | | | ᠨᠢᠭᠡ᠂ ᠰᠤᠯᠠ ᠠᠯᠬᠤᠬᠤ ᠰᠤᠯᠠ ᠠᠯᠬᠤᠬᠤ ᠪᠣᠯ ᠬᠠᠮᠤᠭ ᠤᠨ ᠠᠮᠤᠷ ᠲᠦᠪᠰᠢᠨ᠂ ᠳᠥᠭᠦᠮ ᠳᠥᠲᠡ | ᠲᠠᠮᠢᠷ ᠤᠨ ᠬᠥᠳᠡᠯᠭᠡᠭᠡᠨ ᠪᠣᠯᠣᠨ᠎ᠠ᠃ ᠪᠡᠶ᠎ᠡ ᠮᠠᠬᠠᠪᠤᠳ ᠨᠢ ᠨᠡᠯᠢᠶᠡᠳ ᠰᠠᠶᠢᠨ ᠢᠳᠡᠷ ᠦᠲᠡᠯ᠎ᠡ ᠨᠠᠰᠤᠨ ᠤ ᠬᠥᠮᠥᠰ | ᠪᠠ ᠵᠠᠯᠠᠭᠤ ᠬᠥᠮᠥᠰ ᠬᠤᠷᠳᠤᠨ ᠠᠯᠬᠤᠬᠤ ᠳᠤ ᠲᠣᠬᠢᠷᠠᠮᠵᠢᠲᠠᠢ᠂ ᠴᠠᠭ ᠲᠤ 5~6 ᠺᠢᠯᠣᠮᠧᠳ᠋ᠷ᠂ ᠮᠢᠨᠦ᠋ᠲ ᠪᠦᠷᠢ | ᠪᠠᠷᠤᠭ 120 ᠠᠯᠬᠤᠮ ᠣᠷᠴᠢᠮ ᠠᠯᠬᠤᠨ᠎ᠡ᠃ ᠬᠤᠷᠳᠤᠨ ᠠᠯᠬᠤᠬᠤ ᠶᠢ ᠪᠠᠷᠢᠮᠲᠠᠯᠠᠪᠠᠯ ᠬᠥᠮᠥᠨ ᠤ ᠪᠡᠶ᠎ᠡ ᠶᠢᠨ | ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠦ᠂ ᠪᠡᠶ᠎ᠡ ᠶᠢᠨ ᠥᠭᠡᠬᠦ ᠶᠢᠨ ᠨᠤᠷᠮ᠎ᠠ ᠶᠢ ᠪᠠᠭᠤᠷᠠᠭᠤᠯᠵᠤ᠂ | ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ | ᠥᠨᠳᠥᠷ ᠵᠡᠷᠭᠡ ᠤᠳᠠᠭᠠᠨ ᠴᠢᠨᠠᠷᠲᠠᠢ ᠡᠪᠡᠳᠴᠢᠨ ᠡᠭᠦᠰᠬᠦ ᠲᠣᠬᠢᠶᠠᠯᠳᠤᠮᠵᠢ ᠶᠢ ᠪᠠᠭᠠᠰᠬᠠᠨ᠎ᠠ᠃ ᠲᠠᠮᠢᠷ ᠲᠡᠩᠭᠡᠭᠡ | ᠠᠨᠠᠢ ᠨᠠᠰᠤᠲᠠᠶᠢᠴᠤᠳ ᠮᠢᠨᠦ᠋ᠲ ᠪᠦᠷᠢ 80 ᠠᠯᠬᠤᠮ᠂ ᠴᠠᠭ ᠲᠤ 2~3 ᠺᠢᠯᠣᠮᠧᠳ᠋ᠷ ᠠᠯᠬᠤᠪᠠᠯ᠂ ᠰᠡᠳᠬᠢᠯ | ᠰᠠᠨᠠᠭ᠎ᠠ ᠶᠢ ᠲᠣᠭᠲᠠᠪᠤᠷᠢᠵᠢᠭᠤᠯᠵᠤ᠂ ᠶᠠᠳᠠᠷᠠᠭ᠎ᠠ ᠶᠢ ᠲᠠᠶᠢᠯᠠᠬᠤ ᠳᠤ ᠲᠤᠰᠠ ᠪᠣᠯᠬᠤ ᠪᠥᠭᠡᠳ ᠬᠤᠳᠣᠭᠤᠳᠤ ᠶᠢ | ᠰᠠᠶᠢᠵᠢᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠬᠤ ᠦᠢᠯᠡᠳᠦᠯ ᠲᠠᠢ ᠪᠠᠶᠢᠳᠠᠭ᠃ | ᠬᠤᠶᠠᠷ᠂ ᠰᠤᠨᠢᠶᠠᠬᠤ ᠰᠤᠨᠢᠶᠠᠬᠤ ᠨᠢ ᠪᠡᠶ᠎ᠡ ᠶᠢᠨ ᠬᠤᠶᠠᠷ ᠲᠠᠯ᠎ᠠ ᠪᠠ ᠠᠷᠤ ᠨᠢᠷᠤᠭᠤᠨ ᠤ ᠪᠤᠯᠴᠢᠩ ᠢ | ᠰᠤᠩᠭᠠᠵᠤ᠂ ᠪᠦᠬᠦ ᠪᠡᠶ᠎ᠡ ᠶᠢᠨ ᠴᠢᠰᠤᠨ ᠤ ᠡᠷᠭᠢᠯᠲᠡ ᠶᠢ ᠠᠬᠢᠭᠤᠯᠤᠨ᠎ᠠ᠃ ᠶᠠᠳᠠᠷᠠᠬᠤ᠂ ᠪᠤᠯᠴᠢᠩ ᠮᠢᠬ᠎ᠠ ᠱᠠᠷᠬᠢᠷᠠᠨ | ᠡᠪᠡᠳᠬᠦ ᠶᠢ ᠬᠥᠩᠭᠡᠷᠡᠭᠦᠯᠵᠦ᠂ ᠴᠡᠭᠡᠵᠢ ᠲᠡᠯᠡᠵᠦ ᠡᠪ ᠦᠭᠡᠶᠢᠷᠡᠬᠦ᠂ ᠨᠢᠷᠤᠭᠤ ᠬᠡᠪᠡᠯᠢ ᠡᠪᠡᠳᠬᠦ ᠵᠡᠷᠭᠡ ᠡᠪᠡᠳᠴᠢᠨ ᠤ | ᠢᠯᠡᠷᠡᠯ ᠢ ᠰᠠᠶᠢᠵᠢᠷᠠᠭᠤᠯᠤᠨ᠎ᠠ᠃ | ᠭᠤᠷᠪᠠ᠂ ᠠᠭᠠᠵᠢᠮ ᠭᠦᠶᠦᠬᠦ ᠠᠭᠠᠵᠢᠮ ᠭᠦᠶᠦᠬᠦ ᠨᠢ ᠬᠦᠴᠢᠯᠲᠥ᠋ᠷᠥᠭᠴᠢ ᠰᠢᠩᠭᠡᠭᠡᠬᠦ ᠬᠡᠮᠵᠢᠶ᠎ᠡ ᠶᠢ | ᠨᠡᠮᠡᠭᠳᠡᠭᠦᠯᠵᠦ᠂ ᠴᠢᠰᠤᠨ ᠳᠠᠷᠤᠯᠲᠠ ᠥᠨᠳᠥᠷᠵᠢᠬᠦ ᠶᠢ ᠪᠠᠭᠤᠷᠠᠭᠤᠯᠤᠨ᠂ ᠵᠢᠷᠦᠬᠡᠨ ᠤ ᠠᠵᠢᠯᠯᠠᠭ᠎ᠠ ᠶᠢ | ᠰᠠᠶᠢᠵᠢᠷᠠᠭᠤᠯᠤᠨ᠎ᠠ᠃ ᠠᠭᠠᠵᠢᠮ ᠬᠦᠶᠦᠬᠦ ᠬᠦᠮᠦᠨ ᠪᠣᠯᠪᠠᠰᠤᠷᠠᠯ ᠤᠨ ᠬᠡᠮᠵᠢᠶ᠎ᠡ ᠪᠠᠨ ᠦᠵᠡᠵᠦ ᠪᠠᠶᠢᠭᠠᠳ᠂ ᠠᠭᠠᠵᠢᠮ | ᠬᠦᠶᠦᠬᠦ ᠴᠠᠭ ᠢᠶᠠᠨ ᠲᠤᠭᠳᠠᠭᠠᠨ᠎ᠠ᠃ ᠠᠩᠬ᠎ᠠ ᠡᠬᠢᠯᠡᠨ ᠪᠤᠯᠪᠠᠰᠤᠷᠠᠵᠦ ᠪᠠᠶᠢᠭ᠎ᠠ ᠬᠥᠮᠥᠨ ᠪᠤᠶᠤ ᠪᠡᠶ᠎ᠡ ᠶᠢᠨ | ᠲᠠᠮᠢᠷ ᠤᠨ ᠬᠥᠳᠡᠯᠭᠡᠭᠡᠨ ᠢᠶᠠᠨ ᠨᠡᠯᠢᠶᠡᠳ ᠤᠷᠲᠤ ᠬᠤᠭᠤᠴᠠᠭ᠎ᠠ ᠵᠣᠭᠰᠣᠭᠰᠠᠨ ᠬᠥᠮᠥᠨ ᠳᠤ ᠠᠪᠴᠤ ᠬᠡᠯᠡᠪᠡᠯ᠂ | ᠡᠬᠢᠯᠡᠬᠦ ᠳᠡᠭᠡᠨ 10~15 ᠮᠢᠨᠦ᠋ᠲ ᠠᠴᠠ ᠬᠡᠲᠦᠷᠡᠵᠦ ᠪᠣᠯᠬᠤ ᠦᠭᠡᠢ᠂ ᠬᠦᠶᠦᠬᠦ ᠳᠤᠮᠳᠠ ᠠᠯᠭᠤᠷ ᠠᠯᠬᠤᠪᠠᠯ | ᠰᠠᠶᠢᠨ᠃ ᠠᠭᠠᠵᠢᠮ ᠭᠦᠶᠦᠬᠦ ᠴᠠᠭ ᠢ ᠨᠢᠭᠡ ᠰᠠᠷ᠎ᠠ ᠶᠢᠨ ᠳᠣᠲᠣᠷ᠎ᠠ ᠠᠭᠠᠵᠢᠮ ᠢᠶᠠᠷ 20 ᠮᠢᠨᠦ᠋ᠲ ᠪᠣᠯᠭᠠᠨ | ᠳᠡᠭᠡᠭᠰᠢᠯᠡᠭᠦᠯᠵᠦ ᠪᠣᠯᠣᠨ᠎ᠠ᠃ ᠲᠡᠩᠳᠡᠬᠦᠦ ᠬᠤᠷᠳᠤᠨ ᠬᠦᠶᠦᠵᠦ ᠪᠣᠯᠬᠤ ᠦᠭᠡᠢ᠃ ᠠᠮᠢᠰᠬᠤᠯ ᠵᠢᠭᠳᠡ ᠪᠠᠶᠢᠵᠤ | ᠴᠢᠳᠠᠬᠤ ᠦᠭᠡᠢ ᠯᠡ ᠶᠤᠮ ᠪᠣᠯ ᠬᠤᠷᠳᠤᠴᠠ ᠪᠠᠨ ᠤᠳᠠᠭᠠᠰᠢᠷᠠᠭᠤᠯᠨᠡ᠃ ᠠᠭᠠᠵᠢᠮ ᠭᠦᠶᠦᠬᠦ ᠬᠥᠳᠡᠯᠭᠡᠭᠡᠨ ᠤ | ᠵᠠᠩᠭᠢᠯᠠᠭ᠎ᠠ ᠨᠢ ᠪᠠᠷᠢᠮᠲᠠᠯᠠᠬᠤ ᠳᠤ ᠪᠤᠶ᠂ ᠳᠤᠮᠳᠠᠴᠢ ᠪᠠᠷ ᠨᠢᠭᠡ ᠭᠠᠷᠠᠭ ᠲᠤ 3 ᠤᠳᠠᠭ᠎ᠠ ᠪᠣᠯᠪᠠᠰᠤᠷᠠᠨ᠎ᠠ᠃ ᠲᠦᠷᠪᠡ᠂ | ᠴᠠᠭᠠᠰᠤᠨ ᠰᠢᠪᠠᠭᠤ ᠨᠢᠰᠬᠡᠬᠦ ᠴᠠᠭᠠᠰᠤᠨ ᠰᠢᠪᠠᠭᠤ ᠨᠢᠰᠬᠡᠬᠦ ᠦᠶ᠎ᠡ ᠶᠢᠨ ᠭᠦᠶᠦᠬᠦ᠂ ᠲᠠᠲᠠᠬᠤ ᠪᠠ ᠡᠵᠡᠮᠳᠡᠬᠦ ᠨᠢ | ᠪᠡᠶ᠎ᠡ ᠶᠢᠨ ᠳᠥᠷᠪᠡᠨ ᠮᠥᠴᠢ᠂ ᠶᠡᠭᠡ ᠲᠠᠷᠢᠬᠢ ᠪᠠ ᠨᠢᠳᠦᠨ ᠤ ᠵᠣᠬᠢᠴᠠᠯᠳᠤᠯ ᠢ ᠠᠬᠢᠭᠤᠯᠳᠠᠭ᠃ ᠴᠠᠭᠠᠰᠤᠨ ᠰᠢᠪᠠᠭᠤ | ᠥᠨᠳᠥᠷ ᠲᠤ ᠨᠢᠰᠬᠦ ᠦᠶᠡᠰ ᠠᠯᠤᠰ ᠢ ᠪᠠᠷᠠᠯᠠᠬᠤ ᠳᠤ ᠬᠤᠶᠠᠷ ᠨᠢᠳᠦᠨ ᠤ ᠶᠠᠳᠠᠷᠠᠭ᠎ᠠ ᠶᠢ ᠲᠠᠶᠢᠯᠬᠤ ᠪᠠᠷ ᠪᠠᠷᠠᠬᠤ | ᠦᠭᠡᠢ ᠪᠠᠰᠠ ᠡᠯᠢᠭᠡ ᠶᠢ ᠲᠡᠵᠢᠭᠡᠨ᠎ᠡ᠃ ᠬᠦᠵᠦᠭᠦᠦ ᠭᠡᠳᠡᠶᠢᠬᠦ ᠨᠢ ᠬᠦᠵᠦᠭᠦᠦ ᠰᠡᠭᠡᠷ᠂ ᠪᠠᠭᠠᠨ᠎ᠠ ᠨᠢᠷᠤᠭᠤᠨ ᠤ | ᠪᠤᠯᠴᠢᠩ ᠤᠨ ᠲᠡᠯᠡᠬᠦ ᠬᠦᠴᠦᠨ ᠢ ᠪᠠᠲᠤᠯᠠᠬᠤ ᠳᠤ ᠬᠠᠪᠰᠤᠷᠤᠮᠵᠢ ᠪᠣᠯᠵᠤ᠂ ᠬᠦᠵᠦᠭᠦᠦ ᠰᠢᠯᠢ ᠶᠢᠨ ᠬᠡᠰᠡᠭ ᠤᠨ | ᠪᠤᠯᠴᠢᠩ ᠢ ᠰᠤᠯᠠᠷᠠᠭᠤᠯᠵᠤ᠂ ᠬᠡᠰᠡᠭ ᠭᠠᠵᠠᠷ ᠤᠨ ᠴᠢᠰᠤᠨ ᠤ ᠡᠷᠭᠢᠯᠲᠡ ᠶᠢ ᠰᠠᠶᠢᠵᠢᠷᠠᠭᠤᠯᠬᠤ ᠳᠤ ᠠᠰᠢᠭᠲᠠᠢ | ᠪᠠᠶᠢᠳᠠᠭ᠃ ᠴᠠᠭᠠᠰᠤᠨ ᠰᠢᠪᠠᠭᠤ ᠨᠢᠰᠬᠡᠬᠦ ᠦᠶ᠎ᠡ ᠳᠤ᠂ ᠢᠳᠡᠷ ᠦᠲᠡᠯ᠎ᠡ ᠨᠠᠰᠤᠨ ᠤ ᠬᠥᠮᠥᠨ ᠪᠠ ᠬᠦᠵᠦᠭᠦᠦ | ᠰᠡᠭᠡᠷ ᠤᠨ ᠡᠪᠡᠳᠴᠢᠨ ᠲᠠᠢ ᠬᠥᠮᠥᠨ ᠭᠡᠳᠡᠶᠢᠵᠦ ᠤᠳᠠᠭᠠᠨ ᠰᠠᠭᠤᠬᠤ ᠦᠭᠡᠢ ᠪᠠᠶᠢᠬᠤ ᠶᠢ ᠠᠩᠬᠠᠷᠬᠤ ᠬᠡᠷᠡᠭᠲᠡᠢ᠃ | ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠮᠢᠷ ᠤᠨ ᠲᠤᠪᠴᠢᠶ᠎ᠠ |