ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | | ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠲᠤᠬᠠᠢ ᠵᠠᠷᠯᠠᠯ | | ᠣᠳᠣᠬᠠᠨ ᠳᠤ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ | ᠨᠢᠭᠡᠨᠲᠡ ᠪᠠᠴᠢᠮ ᠴᠢᠬᠤᠯᠠ ᠬᠤᠭᠤᠴᠠᠭᠠᠨ ᠳᠤ ᠣᠷᠣᠭᠠᠳ ᠪᠠᠶᠢᠨ᠎ᠠ᠃ ᠣᠶ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠪᠥᠬᠦ ᠬᠤᠲᠠ ᠶᠢᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠤᠰᠠᠳᠠ᠂ ︽ᠣᠶ ᠰᠢᠭᠤᠢ ᠶᠢᠨ ᠭᠠᠯ | ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠢ | ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ | 2023 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠬᠤᠭᠤᠴᠠᠭ᠎ᠠ ᠨᠢ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠤᠯᠳᠠᠯ᠎ᠠ︔ ᠨᠠᠮᠤᠷ ᠤᠨ | ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭ᠎ᠠ ᠨᠢ 9 ᠰᠠᠷ᠎ᠠ ᠶᠢᠨ 15 ᠤ | ᠡᠳᠦᠷ ᠠᠴᠠ 11 ᠰᠠᠷ᠎ᠠ ᠶᠢᠨ 15 ᠤ ᠡᠳᠦᠷ ᠪᠤᠯᠳᠠᠯ᠎ᠠ᠃ | ᠬᠤᠶᠠᠷ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠷᠢᠭᠠᠲᠠᠢ ᠣᠷᠣᠨ | ᠪᠥᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠣᠶ ᠪᠦᠬᠦᠢ ᠣᠶ ᠰᠢᠭᠤᠢ ᠨᠤᠲᠤᠭ ᠪᠡᠯᠴᠢᠭᠡᠷ | ᠵᠢᠴᠢ ᠲᠡᠭᠦᠨ ᠤ ᠵᠠᠬ᠎ᠠ ᠬᠢᠵᠠᠭᠠᠷ ᠣᠷᠣᠨ᠃ | ᠭᠤᠷᠪᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠲᠣᠭᠲᠠᠭᠠᠯ | ᠭᠠᠯ ᠰᠡᠷᠭᠡᠶᠢᠯᠡᠬᠦ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠠᠭᠠᠵᠠᠯᠠᠵᠤ᠂ ᠭᠠᠯ ᠰᠡᠷᠭᠡᠶᠢᠯᠡᠬᠦ | ᠣᠷᠣᠨ ᠳᠤ ᠣᠷᠣᠭᠰᠠᠨ ᠬᠥᠮᠥᠰ ᠡᠷᠬᠡᠪᠰᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠢ ᠴᠢᠩᠭ᠎ᠠ ᠵᠢᠷᠤᠮᠯᠠᠨ | ᠬᠡᠷᠡᠭᠵᠢᠭᠦᠯᠬᠦ ᠬᠡᠷᠡᠭᠲᠡᠢ᠄ | ︵ᠨᠢᠭᠡ︶ ᠤᠡᠭᠭᠤᠠ ᠱᠦᠭᠦᠷᠳᠡᠬᠦ ᠳᠡᠭᠡᠨ ᠬᠦᠵᠢ ᠴᠠᠭᠠᠰᠤ ᠠᠰᠠᠭᠠᠬᠤ ᠶᠢ ᠴᠢᠩᠭ᠎ᠠ ᠴᠠᠭᠠᠵᠠᠯᠠᠵᠤ᠂ | ᠪᠣᠯᠪᠠᠰᠤᠨ ᠢᠶᠠᠷ ᠲᠡᠬᠢᠯᠭ᠎ᠠ ᠬᠢᠬᠦ ᠶᠢ ᠡᠷᠬᠢᠮᠯᠡᠨ᠎ᠡ︔ | ︵ᠬᠤᠶᠠᠷ︶ ᠠᠲᠠᠷ ᠰᠢᠲᠠᠭᠠᠬᠤ᠂ ᠲᠠᠷᠢᠮᠠᠯ ᠤᠨ ᠡᠰᠢ ᠰᠦᠷᠡᠯ ᠢ ᠰᠢᠲᠠᠭᠠᠬᠤ᠂ ᠦᠨᠡᠰᠦ ᠰᠢᠲᠠᠭᠠᠵᠤ | ᠪᠣᠷᠳᠣᠭᠤᠷ ᠴᠤᠭᠯᠠᠭᠤᠯᠬᠤ ᠶᠢ ᠴᠢᠩᠭ᠎ᠠ ᠴᠠᠭᠠᠵᠠᠯᠠᠨ᠎ᠠ︔ | ︵ᠭᠤᠷᠪᠠ︶ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠰᠦᠪᠡᠲᠦ ᠳ᠋ᠧᠩ ᠠᠰᠠᠭᠠᠬᠤ᠂ | ᠭᠠᠯ ᠨᠣᠴᠣᠭᠠᠵᠤ ᠳᠤᠯᠠᠭᠠᠯᠠᠬᠤ ᠶᠢ ᠴᠢᠩᠭ᠎ᠠ ᠴᠠᠭᠠᠵᠠᠯᠠᠨ᠎ᠠ︔ | ︵ᠳᠥᠷᠪᠡ︶ ᠠᠲᠠᠷ ᠰᠢᠲᠠᠭᠠᠵᠤ ᠠᠲᠠᠷ ᠬᠠᠭᠠᠯᠪᠤᠷᠢᠯᠠᠬᠤ ᠵᠢᠴᠢ ᠲᠣᠭᠲᠠᠭᠠᠯ ᠠᠴᠠ ᠵᠥᠷᠢᠴᠡᠨ | ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠪᠤᠰᠤᠳ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ︔ | ︵ᠲᠠᠪᠤ︶ ᠭᠠᠯ ᠤᠨ ᠲᠥᠷᠥᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ | ᠡᠭᠦᠰᠬᠡᠳᠡᠭ ᠪᠤᠰᠤᠳ ᠡᠳ᠋ ᠪᠣᠳᠠᠰ ᠢ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠠᠪᠴᠤ ᠣᠷᠣᠬᠤ ᠶᠢ ᠴᠢᠩᠭ᠎ᠠ | ᠴᠠᠭᠠᠵᠠᠯᠠᠨ᠎ᠠ︔ | ︵ᠵᠢᠷᠭᠤᠭ᠎ᠠ︶ ᠪᠤᠰᠤᠳ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠬᠡᠳᠡᠭ | ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠲᠤᠰ ᠵᠠᠷᠯᠠᠯ ᠢ ᠵᠦᠷᠢᠴᠡᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠴᠢᠩᠭ᠎ᠠ ᠵᠠᠯᠬᠠᠭᠠᠨ ᠰᠢᠳᠭᠡᠨ᠎ᠡ᠃ | ᠶᠠᠮᠠᠷᠪᠠ ᠨᠢᠭᠡᠴᠡ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠣᠯᠵᠤ | ᠮᠡᠳᠡᠭᠰᠡᠨ ᠪᠤᠶᠤ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠᠶᠢᠪᠠᠯ᠂ ᠳᠠᠷᠤᠶᠢᠬᠠᠨ | ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠵᠢᠭᠦᠷᠯᠡᠬᠦ ᠤᠲᠠᠰᠤ ᠶᠢ | ᠤᠲᠠᠰᠤᠳᠠᠬᠤ ᠬᠡᠷᠡᠭᠲᠡᠢ᠄ 0475 ︱ 8836720᠃ | | 2023 ᠣᠨ ᠤ 3 ᠰᠠᠷ᠎ᠠ ᠶᠢᠨ 26 ᠤ ᠡᠳᠦᠷ | | | ᠮᠡᠳᠡᠭᠡ ᠵᠠᠩᠭᠢ ᠶᠢᠨ ᠢᠷᠡᠯᠲᠡ᠄ | ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ |