ᠨᠦᠢᠷ ᠲᠤᠳᠠᠪᠠᠯ ᠰᠤᠷᠤᠯᠭ᠎ᠠ ᠶᠢ ᠨᠦᠯᠦᠭᠡᠯᠡᠨ᠎ᠡ
ᠨᠡᠶᠢᠲᠡᠯᠡᠭᠰᠡᠨ ᠴᠠᠭ᠄
2023/4/6
     ᠠᠮᠧᠷᠢᠺᠠ ᠶᠢᠨ ︽ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠰᠣᠨᠢᠨ︾ ᠠᠴᠠ ᠣᠷᠴᠢᠮᠬᠠᠨ ᠨᠡᠶᠢᠲᠡᠯᠡᠭᠰᠡᠨ ᠨᠢᠭᠡᠨ ᠰᠢᠨ᠎ᠡ ᠰᠤᠳᠤᠯᠭᠠᠨ ᠳᠤ᠂ ᠣᠶᠤᠲᠠᠳ ᠡᠳᠦᠷ ᠲᠤ ᠠᠳᠠᠭ ᠲᠠᠭᠠᠨ 6 ᠴᠠᠭ ᠤᠨᠲᠠᠬᠤ ᠦᠭᠡᠢ ᠪᠤᠯ ᠰᠤᠷᠤᠯᠴᠠᠬᠤ ᠴᠢᠳᠠᠪᠤᠷᠢ ᠶᠢ ᠨᠢ ᠨᠥᠯᠥᠭᠡᠯᠡᠨ᠎ᠡ ᠭᠡᠵᠡᠢ᠃ ᠡᠭᠦᠨ ᠠᠴᠠ ᠡᠮᠦᠨᠡᠬᠢ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠬᠤ ᠪᠣᠯ ᠡᠷᠡᠭᠦᠯ ᠮᠡᠨᠳᠦ ᠪᠠ ᠦᠷ᠎ᠡ ᠪᠦᠲᠦᠮᠵᠢ ᠶᠢ ᠤᠷᠢᠳᠴᠢᠯᠠᠨ ᠬᠡᠮᠵᠢᠬᠦ ᠴᠢᠬᠤᠯᠠ ᠬᠦᠴᠦᠨ ᠵᠦᠢᠯ ᠪᠣᠯᠤᠨ᠎ᠠ᠃ ᠡᠳᠦᠷ ᠪᠣᠯᠤᠭᠰᠠᠨ ᠴᠡᠭᠡᠵᠢᠯᠡᠬᠦᠢ ᠨᠢ ᠤᠨᠳᠠᠬᠤ ᠨᠦᠢᠷᠤᠨ ᠳᠤ ᠪᠠᠬᠢᠵᠢᠳᠡᠭ ᠪᠠ ᠬᠡᠷᠪᠡ ᠬᠡᠪ ᠤᠨ ᠨᠦᠢᠷ ᠲᠤᠳᠠᠬᠤ ᠪᠤᠶᠤ ᠲᠠᠰᠤᠯᠳᠠᠬᠤ ᠳᠤ ᠬᠦᠷᠪᠡᠯ ᠡᠳᠦᠷ ᠤᠨ ᠰᠤᠷᠤᠯᠴᠠᠭᠰᠠᠨ ᠵᠦᠢᠯ ᠮᠠᠷᠲᠠᠭᠳᠠᠬᠤ ᠪᠣᠯᠤᠨ᠎ᠠ ᠭᠡᠵᠡᠢ᠃ ᠠᠮᠧᠷᠢᠺᠠ ᠶᠢᠨ ᠵᠠᠷᠢᠮ ᠪᠠᠶᠢᠭᠤᠯᠤᠮᠵᠢ ᠶᠢᠨ ᠰᠤᠳᠤᠯᠤᠭᠠᠴᠢᠳ 3 ᠶᠡᠭᠡ ᠰᠤᠷᠭᠠᠭᠤᠯᠢ ᠶᠢᠨ 600 ᠭᠠᠷᠤᠢ ᠣᠶᠤᠲᠠᠳ ᠤᠨ ᠤᠨᠳᠠᠬᠤ ᠪᠠᠶᠢᠳᠠᠯ ᠳᠤ ᠰᠤᠳᠤᠯᠭ᠎ᠠ ᠬᠢᠭᠰᠡᠨ ᠤ ᠳ᠋ᠦ᠋ᠩ ᠳᠤ᠂ ᠡᠳᠡᠭᠡᠷ ᠰᠤᠷᠤᠭᠴᠢᠳ ᠡᠳᠦᠷ ᠲᠤ ᠳᠤᠮᠳᠠᠴᠢ ᠪᠠᠷ 6 ᠴᠠᠭ ᠬᠠᠭᠠᠰ ᠤᠨᠲᠠᠳᠠᠭ᠃ ᠡᠳᠦᠷ ᠪᠦᠷᠢ 6 ᠴᠠᠭ ᠤᠨᠲᠠᠬᠤ ᠦᠭᠡᠢ ᠪᠠᠶᠢᠭ᠎ᠠ ᠰᠤᠷᠤᠭᠴᠢ ᠶᠢᠨ ᠰᠤᠷᠤᠯᠭ᠎ᠠ ᠶᠢᠨ ᠬᠢᠷᠢ ᠪᠦᠲᠦᠮᠵᠢ ᠢᠯᠡᠳᠲᠡ ᠪᠠᠭᠤᠷᠠᠵᠤ᠂ ᠤᠨᠲᠠᠬᠤ ᠴᠠᠭ ᠨᠢ 1 ᠴᠠᠭ ᠨᠡᠮᠡᠭᠳᠡᠬᠦ ᠪᠦᠷᠢ᠂ ᠬᠤᠭᠤᠴᠠᠭᠠᠨ ᠡᠴᠦᠰ ᠤᠨ ᠳᠤᠮᠳᠠᠴᠢ ᠬᠢᠷᠢ ᠪᠦᠲᠦᠮᠵᠢ ᠨᠢ ᠵᠢᠭᠠᠬᠠᠨ ᠳᠡᠭᠡᠭᠰᠢᠯᠡᠵᠤ ᠪᠠᠶᠢᠬᠤ ᠶᠢ ᠤᠯᠵᠤ ᠮᠡᠳᠡᠵᠡᠢ᠃ ᠤᠨᠲᠠᠬᠤ ᠪᠣᠯ ᠰᠤᠷᠤᠯᠴᠠᠬᠤ ᠪᠠ ᠴᠡᠭᠡᠵᠢᠯᠡᠬᠦ ᠳᠤ ᠲᠣᠩ ᠴᠢᠬᠤᠯᠠ ᠪᠠᠶᠢᠳᠠᠭ ᠭᠡᠵᠦ ᠰᠤᠳᠤᠯᠤᠭᠠᠴᠢᠳ ᠦᠵᠡᠳᠡᠭ᠃ ᠨᠦᠢᠷ ᠲᠤᠳᠠᠬᠤ ᠨᠢ ᠰᠤᠷᠤᠭᠴᠢᠳ ᠤᠨ ᠰᠤᠷᠤᠯᠴᠠᠬᠤ ᠴᠢᠳᠠᠪᠤᠷᠢ ᠶᠢ ᠨᠥᠯᠥᠭᠡᠯᠡᠵᠦ ᠂ ᠤᠷᠲᠤ ᠬᠤᠭᠤᠴᠠᠭ᠎ᠠ ᠪᠠᠷ ᠡᠳᠤᠷ ᠲᠤ 6 ᠴᠠᠭ ᠠᠴᠠ ᠪᠠᠭ᠎ᠠ ᠤᠨᠳᠠᠳᠠᠭ ᠬᠥᠮᠦᠨ ᠤ ᠪᠡᠶ᠎ᠡ ᠡᠷᠡᠭᠦᠯ ᠮᠡᠨᠳᠦ ᠶᠢᠨ ᠠᠰᠠᠭᠤᠳᠠᠯ ᠲᠤᠯᠭᠠᠷᠠᠳᠠᠭ᠃ ᠮᠡᠷᠭᠡᠵᠢᠯᠳᠡᠳ ᠠᠴᠠ ᠵᠠᠯᠠᠭᠤᠴᠤᠳ ᠪᠠᠭᠠᠴᠤᠳ ᠢ ᠡᠳᠦᠷ ᠪᠦᠷᠢ 8 ~10 ᠴᠠᠭ ᠤᠨᠳᠠᠬᠤ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号