| | ᠨᠢᠭᠡ᠂ ᠲᠡᠵᠢᠭᠡᠨ ᠦᠷᠡᠵᠢᠭᠦᠯᠬᠦ ᠦᠨᠡᠮᠯᠡᠯ ᠪᠣᠯ ᠦᠢᠯᠡᠳᠪᠦᠷᠢᠯᠡᠭᠴᠢ ᠶᠢᠨ ᠤᠰᠤᠨ ᠤ ᠴᠠᠷᠠᠭ᠎ᠠ᠂ | ᠭᠤᠣᠯ ᠤᠨ ᠰᠠᠶᠢᠷᠭᠠᠯ ᠢ ᠬᠡᠷᠡᠭᠯᠡᠨ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢᠨ ᠬᠠᠤᠯᠢ | ᠶᠣᠰᠣᠨ ᠤ ᠭᠡᠷᠡᠴᠢ ᠪᠠᠷᠢᠮᠲᠠ ᠪᠣᠯᠣᠨ᠎ᠠ᠃ ᠦᠨᠡᠮᠯᠡᠯ ᠠᠪᠴᠤ ᠪᠠᠶᠢᠭ᠎ᠠ ᠬᠥᠮᠥᠨ ᠤ ᠲᠡᠵᠢᠭᠡᠨ ᠦᠷᠡᠵᠢᠭᠦᠯᠬᠦ | ᠦᠢᠯᠡᠳᠪᠦᠷᠢᠯᠡᠯ ᠡᠷᠬᠢᠯᠡᠬᠦ ᠬᠠᠤᠯᠢ ᠶᠣᠰᠣᠨ ᠤ ᠡᠷᠬᠡ ᠠᠰᠢᠭ ᠢ ᠬᠠᠤᠯᠢ ᠪᠠᠷ ᠬᠠᠮᠠᠭᠠᠯᠠᠨ᠎ᠠ᠂ ᠲᠣᠭᠲᠠᠭᠠᠯ ᠶᠣᠰᠣᠭᠠᠷ | ᠤᠯᠤᠰ ᠤᠨ ᠬᠤᠯᠪᠣᠭᠳᠠᠯ ᠪᠦᠬᠦᠢ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ | ᠬᠦᠭᠵᠢᠭᠦᠯᠦᠯᠲᠡ ᠶᠢᠨ ᠪᠡᠯᠡ ᠣᠷᠣᠭᠤᠯᠤᠯᠲᠠ᠂ ᠮᠡᠷᠭᠡᠵᠢᠯ ᠤᠨ ᠦᠢᠯᠡᠴᠢᠯᠡᠭᠡ᠂ ᠡᠪᠡᠳᠴᠢᠨ ᠤ ᠬᠥᠨᠥᠭᠡᠯ ᠢ | ᠰᠡᠷᠭᠡᠶᠢᠯᠡᠨ ᠵᠠᠰᠠᠬᠤ᠂ ᠪᠣᠯᠪᠠᠰᠤᠷᠠᠭᠤᠯᠤᠯ ᠬᠥᠮᠦᠵᠢᠯ ᠵᠡᠷᠭᠡ ᠬᠠᠷᠠᠭᠠᠯᠵᠠᠯ ᠤᠨ ᠲᠡᠳᠬᠦᠨ ᠳᠡᠮᠵᠢᠬᠦ ᠲᠦᠷᠦ ᠶᠢᠨ | ᠪᠣᠳᠣᠯᠭ᠎ᠠ ᠶᠢ ᠬᠦᠷᠲᠡᠵᠦ ᠪᠣᠯᠣᠨ᠎ᠠ︔ | ᠬᠤᠶᠠᠷ᠂ ᠲᠡᠵᠢᠭᠡᠨ ᠦᠷᠡᠵᠢᠭᠦᠯᠬᠦ ᠦᠨᠡᠮᠯᠡᠯ ᠪᠣᠯ ᠤᠰᠤᠨ ᠤ ᠴᠠᠷᠠᠭ᠎ᠠ᠂ ᠭᠤᠣᠯ ᠤᠨ ᠰᠠᠶᠢᠷᠭᠠᠯ ᠤᠨ | ᠲᠡᠵᠢᠭᠡᠨ ᠦᠷᠡᠵᠢᠭᠦᠯᠬᠦ ᠳᠤ ᠬᠡᠷᠡᠭᠯᠡᠬᠦ ᠴᠢᠳᠠᠮᠵᠢ ᠶᠢ ᠮᠠᠭᠠᠳᠯᠠᠬᠤ ᠰᠠᠭᠤᠷᠢ ᠦᠨᠳᠦᠰᠦᠯᠡᠯ ᠮᠥᠨ᠃ ᠤᠰᠤᠨ ᠤ | ᠴᠠᠷᠠᠭ᠎ᠠ᠂ ᠭᠤᠣᠯ ᠤᠨ ᠰᠠᠶᠢᠷᠭᠠᠯ ᠢ ᠤᠯᠤᠰ ᠤᠨ ᠪᠦᠲᠦᠭᠡᠨ ᠪᠠᠶᠢᠭᠤᠯᠤᠯᠲᠠ ᠵᠢᠴᠢ ᠪᠤᠰᠤᠳ ᠵᠦᠢᠯᠡᠰ ᠲᠤ | ᠲᠠᠲᠠᠪᠤᠷᠢᠯᠠᠨ ᠬᠡᠷᠡᠭᠯᠡᠭᠰᠡᠨ ᠪᠤᠶᠤ ᠪᠣᠬᠢᠷᠲᠤᠭᠰᠠᠨ ᠠᠴᠠ ᠪᠣᠯᠵᠤ ᠬᠤᠬᠢᠷᠠᠯ ᠳᠤ ᠤᠴᠠᠷᠠᠭᠰᠠᠨ ᠦᠶ᠎ᠡ ᠳᠤ᠂ ᠲᠡᠵᠢᠭᠡᠨ | ᠦᠷᠡᠵᠢᠭᠦᠯᠦᠭᠴᠢ ᠨᠢ ᠲᠡᠵᠢᠭᠡᠨ ᠦᠷᠡᠵᠢᠭᠦᠯᠬᠦ ᠦᠨᠡᠮᠯᠡᠯ ᠢᠶᠠᠷ ᠢᠶᠠᠨ ᠲᠥᠯᠥᠪᠦᠷᠢ ᠭᠤᠶᠤᠴᠢᠯᠠᠬᠤ ᠪᠤᠶᠤ ᠲᠥᠯᠥᠪᠦᠷᠢ | ᠠᠪᠬᠤ ᠪᠠᠷ ᠭᠤᠶᠤᠴᠢᠯᠠᠵᠤ ᠪᠣᠯᠣᠨ᠎ᠠ᠃ ᠵᠢᠭᠠᠰᠤᠨ ᠠᠵᠤ ᠠᠬᠤᠢ ᠶᠢᠨ ᠪᠣᠬᠢᠷᠳᠤᠯ ᠤᠨ ᠡ᠊ᠨᠳᠡᠯ ᠢ ᠪᠠᠶᠢᠴᠠᠭᠠᠬᠤ | ᠪᠠᠶᠢᠭᠤᠯᠤᠮᠵᠢ ᠨᠢ ᠲᠡᠵᠢᠭᠡᠨ ᠦᠷᠡᠵᠢᠭᠦᠯᠬᠦ ᠦᠨᠡᠮᠯᠡᠯ ᠢᠶᠠᠷ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ ᠶᠢᠨ ᠰᠠᠭᠤᠷᠢ | ᠪᠣᠯᠭᠠᠵᠤ᠂ ᠲᠡᠵᠢᠭᠡᠨ ᠦᠷᠡᠵᠢᠭᠦᠯᠬᠦ ᠦᠨᠡᠮᠯᠡᠯ ᠢ ᠳᠠᠩᠰᠠᠯᠠᠬᠤ ᠠᠭᠤᠯᠭ᠎ᠠ ᠨᠢ ᠬᠠᠷᠢᠨ ᠡ᠊ᠨᠳᠡᠯ ᠢ ᠪᠠᠶᠢᠴᠠᠭᠠᠨ | ᠰᠢᠢᠳᠪᠦᠷᠢᠯᠡᠬᠦ ᠶᠢᠨ ᠴᠢᠬᠤᠯᠠ ᠦᠨᠳᠦᠰᠦ ᠪᠠᠷᠢᠮᠲᠠ ᠪᠣᠯᠣᠨ᠎ᠠ︔ | ᠭᠤᠷᠪᠠ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠳᠪᠦᠷᠢᠯᠡᠭᠴᠢᠳ ᠲᠡᠵᠢᠭᠡᠨ ᠦᠷᠡᠵᠢᠭᠦᠯᠬᠦ | ᠦᠨᠡᠮᠯᠡᠯ ᠲᠠᠢ ᠪᠠᠶᠢᠪᠠᠯ ᠰᠠᠶ᠋ᠢ ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢᠨ ᠦᠢᠯᠡᠳᠪᠦᠷᠢᠯᠡᠯ ᠤᠨ ᠬᠢᠨᠠᠨ | ᠵᠥᠪᠰᠢᠶᠡᠷᠡᠯ᠂ ᠤᠰᠤᠨ ᠤ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠦᠨᠡᠮᠯᠡᠯ᠂ ᠤᠰᠤᠨ ᠭᠠᠷᠤᠯᠲᠠ ᠶᠢᠨ | ᠤᠭ ᠭᠠᠷᠤᠯᠲᠠ ᠶᠢᠨ ᠭᠠᠵᠠᠷ ᠤᠨ ᠦᠨᠡᠮᠯᠡᠯ᠂ ᠨᠡᠶᠢᠲᠡ ᠳᠤ ᠬᠤᠣᠷᠳᠠᠭᠳᠠᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠤ ᠰᠠᠭᠤᠷᠢᠨ ᠭᠠᠵᠠᠷ ᠤᠨ ᠬᠢᠷᠢ ᠬᠡᠮ ᠵᠡᠷᠭᠡ ᠶᠢ ᠭᠤᠶᠤᠴᠢᠯᠠᠵᠤ ᠪᠣᠯᠬᠤ ᠪᠥᠭᠡᠳ ᠡᠭᠦᠨ ᠢ | ᠦᠨᠳᠦᠰᠦᠯᠡᠨ ᠤᠯᠤᠰ ᠤᠨ ᠭᠠᠶᠢᠯᠢ ᠲᠠᠲᠠᠪᠤᠷᠢ ᠵᠡᠷᠭᠡ ᠲᠠᠯ᠎ᠠ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ | ᠬᠦᠷᠲᠡᠵᠦ ᠪᠣᠯᠣᠨ᠎ᠠ︔ | ᠳᠥᠷᠪᠡ᠂ ᠦᠨᠡᠮᠯᠡᠯ ᠠᠪᠴᠤ ᠪᠠᠶᠢᠭ᠎ᠠ ᠬᠥᠮᠥᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ | ᠵᠢᠷᠤᠮᠯᠠᠨ ᠰᠠᠬᠢᠬᠤ ᠬᠡᠷᠡᠭᠲᠡᠢ᠃ ᠤᠰᠦᠠ ᠣᠷᠣᠨ᠂ ᠭᠤᠣᠯ ᠤᠨ ᠰᠠᠶᠢᠷᠭᠠᠯ ᠢ ᠬᠡᠷᠡᠭᠯᠡᠨ ᠲᠡᠵᠢᠭᠡᠨ ᠦᠷᠡᠵᠢᠭᠦᠯᠬᠦ | ᠦᠢᠯᠡᠳᠪᠦᠷᠢᠯᠡᠯ ᠢ ᠡᠷᠬᠢᠯᠡᠬᠦ ᠳᠤ ᠪᠠᠨ ᠲᠥᠯᠦᠪᠵᠢᠭᠦᠯᠭᠡ ᠶᠣᠰᠣᠭᠠᠷ ᠵᠦᠢ ᠵᠣᠬᠢᠰᠲᠠᠢ ᠪᠠᠶᠢᠷᠢᠰᠢᠭᠤᠯᠵᠤ᠂ ᠰᠢᠨᠵᠢᠯᠡᠬᠦ | ᠤᠬᠠᠭᠠᠨᠴᠢ ᠪᠠᠷ ᠥᠭᠶᠥᠭᠡ ᠲᠠᠯᠪᠢᠵᠤ᠂ ᠡᠮ ᠬᠡᠷᠡᠭᠯᠡᠬᠦ ᠬᠡᠷᠡᠭᠲᠡᠢ᠂ ᠤᠰᠦᠠ ᠣᠷᠣᠨ ᠤ ᠣᠷᠴᠢᠨ ᠠᠬᠤᠢ ᠶᠢ | ᠪᠣᠬᠢᠷᠲᠤᠭᠤᠯᠵᠤ ᠪᠣᠯᠬᠤ ᠤᠶᠢᠭᠡᠢ ᠪᠥᠭᠡᠳ ᠲᠡᠵᠢᠭᠡᠨ ᠦᠷᠡᠵᠢᠭᠦᠯᠬᠦ ᠦᠨᠡᠮᠯᠡᠯ ᠳᠤ ᠲᠣᠭᠲᠠᠭᠠᠭᠰᠠᠨ ᠲᠡᠵᠢᠭᠡᠨ | ᠦᠷᠡᠵᠢᠭᠦᠯᠬᠦ ᠣᠷᠣᠨ᠂ ᠲᠦᠢᠷᠦᠯ ᠬᠡᠯᠪᠡᠷᠢ᠂ ᠠᠷᠭ᠎ᠠ ᠮᠠᠶ᠋ᠢᠭ ᠵᠡᠷᠭᠡ ᠠᠭᠤᠯᠭ᠎ᠠ ᠶᠢ ᠴᠢᠩᠭ᠎ᠠ ᠵᠢᠷᠤᠮᠯᠠᠨ | ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ᠃ |