ᠠᠯᠪᠠᠨ ᠤ ᠲᠡᠷᠭᠡ ᠶᠢ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠬᠤ ᠬᠢᠨᠠᠨ ᠪᠤᠳᠤᠯᠲᠠ ᠶᠢᠨ ᠰᠠᠨᠠᠭᠤᠯᠭ᠎ᠠ
ᠨᠡᠶᠢᠲᠡᠯᠡᠭᠰᠡᠨ ᠴᠠᠭ᠄
2023/5/18
      ᠺᠠᠶᠢᠯᠤ ᠰᠢᠶᠠᠨ ᠤ ᠬᠢᠨᠠᠨ ᠪᠣᠳᠤᠯᠲᠠ ᠶᠢᠨ ᠲᠣᠪᠴᠢᠶ᠎ᠠ ᠨᠢᠭᠡᠨ ᠣᠶ ᠰᠢᠭᠤᠢ ᠶᠢᠨ ᠲᠠᠯᠠᠪᠠᠶ ᠶᠢᠨ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠬᠦ ᠶᠠᠪᠤᠴᠠ ᠳᠤ᠂ ᠲᠣᠰ ᠣᠶ ᠰᠢᠭᠤᠢ ᠶᠢᠨ ᠲᠠᠯᠠᠪᠠᠶ ᠳᠤ ᠠᠯᠪᠠᠨ ᠤ ᠲᠡᠷᠭᠡ ᠶᠢ ᠵᠢᠷᠤᠮᠵᠢᠭᠤᠨ ᠬᠡᠷᠡᠭᠯᠡᠭᠰᠡᠨ ᠦᠭᠡᠢ ᠂ ᠬᠠᠮᠢᠶᠠᠷᠤᠯᠲᠠ ᠶᠢᠨ ᠲᠠᠯ᠎ᠠ ᠪᠠᠷ ᠳᠤᠲᠠᠭᠳᠠᠯ ᠲᠠᠢ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠬᠢᠨᠠᠨ ᠪᠤᠳᠤᠭᠴᠢ ᠲᠣᠰ ᠠᠰᠠᠭᠤᠳᠠᠯ ᠳᠤ ᠴᠢᠭᠯᠡᠭᠦᠯᠦᠨ ᠵᠦᠢ ᠵᠣᠬᠢᠰᠲᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠲᠣᠰ ᠣᠶ ᠰᠢᠭᠤᠢ ᠶᠢᠨ ᠲᠠᠯᠠᠪᠠᠶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠨ ᠪᠣᠳᠣᠯᠲᠠ ᠶᠢᠨ ᠰᠠᠨᠠᠭᠤᠯᠭ᠎ᠠ ᠶᠢ ᠢᠳᠡᠪᠬᠢᠲᠡᠢ ᠭᠥᠯᠢᠶᠡᠨ ᠠᠪᠴᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠬᠠᠮᠢᠶᠠᠷᠤᠯᠲᠠ ᠶᠢᠨ ᠲᠠᠯ᠎ᠠ ᠪᠠᠷ ᠬᠢ ᠠᠯᠳᠠᠰᠢ ᠭᠠᠷᠬᠤ ᠶᠢ ᠬᠤᠷᠢᠭᠯᠠᠵᠤ᠂ ᠠᠯᠪᠠᠨ ᠤ ᠲᠡᠷᠭᠡ ᠶᠢᠨ ᠡᠳᠦᠷ ᠲᠤᠲᠤᠮ ᠤᠨ ᠠᠵᠢᠯᠯᠠᠭ᠎ᠠ ᠶᠢ ᠡᠮᠬᠢ ᠵᠢᠷᠤᠮ ᠲᠠᠢ ᠪᠠᠲᠤᠯᠠᠵᠤ ᠪᠠᠶᠢᠨ᠎ᠠ᠃     ᠨᠢᠭᠡ ᠳᠤ᠂ ᠣᠶ ᠰᠢᠭᠤᠢ ᠶᠢᠨ ᠲᠠᠯᠠᠪᠠᠶ ᠶᠢᠨ ᠠᠯᠪᠠᠨ ᠤ ᠲᠡᠷᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠳᠦᠷᠢᠮ ᠢ ᠨᠠᠷᠢᠯᠢᠭᠵᠢᠭᠤᠯᠪᠠ᠃ ᠠᠯᠪᠠᠨ ᠤ ᠲᠡᠷᠭᠡ ᠶᠢ ᠲᠥᠪᠯᠡᠷᠡᠭᠦᠯᠦᠨ ᠬᠠᠮᠢᠶᠠᠷᠬᠤ᠂ ᠲᠥᠪᠯᠡᠷᠡᠭᠦᠯᠦᠨ ᠲᠣᠬᠢᠷᠠᠭᠤᠯᠬᠤ ᠵᠠᠷᠴᠢᠮ ᠤᠨ ᠶᠣᠰᠣᠭᠠᠷ᠂ ᠲᠡᠷᠭᠡ ᠲᠣᠮᠢᠯᠠᠬᠤ ᠪᠠᠷ ᠭᠤᠶᠤᠴᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠷᠭᠡ ᠬᠡᠷᠡᠭᠯᠡᠭᠴᠢ ᠪᠠᠷ ︽ᠠᠯᠪᠠᠨ ᠤ ᠲᠡᠷᠭᠡ ᠬᠡᠷᠡᠭᠯᠡᠬᠦ ᠭᠤᠶᠤᠴᠢᠯᠠᠯ ᠤᠨ ᠬᠠᠭᠤᠳᠠᠰᠤ︾ ᠶᠢ ᠲᠠᠭᠯᠠᠭᠤᠯᠤᠨ᠂ ᠲᠡᠷᠭᠡ ᠬᠡᠷᠡᠭᠯᠡᠬᠦ ᠴᠠᠭ᠂ ᠤᠴᠢᠷ ᠰᠢᠯᠲᠠᠭᠠᠨ᠂ ᠣᠴᠢᠬᠤ ᠭᠠᠵᠠᠷ ᠵᠡᠷᠭᠡ ᠶᠢ ᠲᠣᠳᠣᠷᠬᠠᠶᠢᠯᠠᠵᠤ᠂ ᠵᠥᠪᠰᠢᠶᠡᠷᠡᠭᠰᠡᠨ ᠤ ᠳᠠᠷᠠᠭᠠᠬᠢ ︽ᠲᠡᠷᠭᠡ ᠬᠡᠷᠡᠭᠯᠡᠬᠦ ᠭᠤᠶᠤᠴᠢᠯᠠᠯ ᠤᠨ ᠬᠠᠭᠤᠳᠠᠰᠤ︾ ᠪᠠᠷ ᠲᠡᠷᠭᠡ ᠬᠡᠷᠡᠭᠯᠡᠵᠦ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠶᠢ ᠲᠠᠰᠤ ᠵᠣᠭᠰᠣᠭᠠᠪᠠ᠃     ᠬᠤᠶᠠᠷ ᠲᠤ᠂ ᠠᠯᠪᠠᠨ ᠤ ᠲᠡᠷᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠪᠠ᠃ ᠨᠢᠭᠡᠴᠡ ᠶᠢᠨ ᠠᠯᠪᠠᠨ ᠤ ᠲᠡᠷᠭᠡ ᠳᠤ ᠴᠡᠭ ᠲᠣᠭᠲᠠᠭᠠᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠪᠠᠷ ᠭᠤᠶᠤᠴᠢᠯᠠᠬᠤ ᠳᠦᠷᠢᠮ ᠢ ᠬᠡᠷᠡᠭᠵᠢᠭᠦᠯᠵᠦ᠂ ᠮᠠᠰᠢᠨ ᠲᠡᠷᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠴᠠ ᠡᠮᠦᠨ᠎ᠡ ︽ᠲᠡᠷᠭᠡ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠠᠯᠪᠠᠨ ᠭᠡᠷ ᠤᠨ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠤᠭᠰᠠᠨ ᠤ ᠳᠠᠷᠠᠭ᠎ᠠ᠂ ᠴᠡᠭ ᠲᠣᠭᠲᠠᠭᠠᠭᠰᠠᠨ ᠦᠢᠯᠡᠳᠪᠦᠷᠢ ᠬᠤᠳᠠᠯᠳᠤᠭᠠᠨ ᠤ ᠭᠠᠵᠠᠷ ᠲᠤ ᠬᠦᠷᠴᠦ ᠰᠡᠯᠪᠢᠨ ᠵᠠᠰᠠᠵᠤ᠂ ᠴᠡᠭ ᠲᠣᠭᠲᠠᠭᠠᠭᠰᠠᠨ ᠪᠤᠰᠤ ᠨᠢᠭᠡᠴᠡ ᠳᠤ ᠮᠠᠰᠢᠨ ᠲᠡᠷᠭᠡ ᠶᠢ ᠤᠴᠢᠷ ᠰᠢᠯᠲᠠᠭᠠᠨ ᠦᠭᠡᠢ ᠪᠠᠷ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ ᠴᠢᠩᠭ᠎ᠠ ᠬᠢᠵᠠᠭᠠᠷᠯᠠᠪᠠ᠃ ᠲᠣᠰ ᠬᠢᠨᠠᠨ ᠪᠣᠳᠣᠯᠲᠠ ᠶᠢᠨ ᠰᠠᠨᠠᠭᠤᠯᠭ᠎ᠠ ᠪᠠᠷ ᠳᠠᠮᠵᠢᠨ᠂ ᠠᠯᠪᠠᠨ ᠤ ᠲᠡᠷᠭᠡ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠶᠢ ᠠᠬᠢᠭᠤᠯᠵᠤ᠂ ᠠᠯᠪᠠᠨ ᠤ ᠲᠡᠷᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠢ ᠪᠣᠯᠭᠠᠪᠠ᠃ ᠢᠷᠡᠯᠲᠡ᠄ ᠲᠦᠩᠯᠢᠶᠤᠤ ᠬᠤᠲᠠ ᠶᠢᠨ ᠵᠠᠰᠠᠭ ᠤᠨ ᠤᠷᠳᠤᠨ ᠤ ᠡᠭᠦᠳᠡᠴᠢ ᠰᠦᠯᠵᠢᠶ᠎ᠡ
 
ᠢᠷᠡᠯᠲᠡ᠄ ᠲᠦᠩᠯᠢᠶᠤᠤ ᠠᠷᠠᠳ ᠤᠨ ᠵᠠᠰᠠᠭ ᠤᠨ ᠤᠷᠳᠤᠨ ᠤ ᠡᠬᠦᠳᠡᠴᠢ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号