ᠮᠠᠨ ᠤ ᠬᠤᠰᠢᠭᠤ ᠪᠥᠬᠦ ᠬᠤᠲᠠ ᠶᠢᠨ ᠠᠩᠬᠠᠳᠠᠭᠴᠢ ᠬᠤᠭᠤᠴᠠᠭ᠎ᠠ ᠬᠤᠪᠢᠶᠠᠨ ᠬᠦᠢᠴᠡᠳᠭᠡᠬᠦ ᠪᠠᠷᠢᠯᠭ᠎ᠠ ᠪᠠᠷᠢᠬᠤ ᠵᠥᠪᠰᠢᠶᠡᠷᠡᠯ ᠢ ᠬᠢᠨᠠᠨ ᠲᠠᠷᠬᠠᠭᠠᠪᠠ
ᠨᠡᠶᠢᠲᠡᠯᠡᠭᠰᠡᠨ ᠴᠠᠭ᠄
2023/5/22
    ᠪᠠᠷᠢᠯᠭ᠎ᠠ ᠶᠢᠨ ᠲᠥᠯᠥᠪᠵᠢᠭᠦᠯᠭᠡ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ᠂ ᠵᠢᠷᠤᠭ ᠢ ᠬᠢᠨᠠᠨ ᠪᠠᠶᠢᠴᠠᠭᠠᠬᠤ ᠵᠡᠷᠭᠡ  ᠡᠯᠧᠮᠧᠨ᠋ᠲ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ︽ᠳᠤᠲᠠᠭᠤ ᠶᠢ  ᠨᠥᠬᠦᠪᠥᠷᠢᠯᠡᠬᠦ︾᠂ ︽ᠬᠡᠰᠡᠭ ᠬᠤᠪᠢᠶᠠᠨ ᠭᠦᠢᠴᠡᠳᠬᠡᠬᠦ︾᠂ ︽ᠮᠡᠳᠡᠭᠳᠡᠬᠦ ᠠᠮᠠᠯᠠᠯᠲᠠ︾ ᠵᠡᠷᠭᠡ ᠲᠣᠭᠲᠠᠴᠠ ᠶᠢᠨ ᠰᠢᠨ᠎ᠡ ᠶᠢ ᠡᠭᠦᠳᠴᠦ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠳᠤ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠷᠢᠯᠳᠦᠬᠦᠯᠪᠡ᠃ ᠣᠢᠷ᠎ᠠ ᠳᠤ᠂ ᠲᠦᠩᠯᠢᠶᠣᠣ ᠶᠢᠨ  ᠱᠧᠨ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠭᠰᠠᠨ ︽ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠬᠤᠢᠲᠤ  ᠬᠤᠰᠢᠭᠤᠨ ᠤ ᠵᠢᠯ ᠳᠤ 9 ᠲᠦᠮᠡᠨ ᠲᠤᠨ ᠬᠥᠩᠭᠡᠨ ᠴᠠᠭᠠᠨ ᠮᠠᠭᠨᠢ ᠶᠢᠨ ᠣᠬᠢ ᠲᠠᠯᠠᠰᠲᠤ ᠴᠢᠯᠠᠭᠤ ᠦᠢᠯᠡᠳᠪᠦᠷᠢᠯᠡᠬᠦ ᠪᠠ ᠮᠠᠭᠨᠢ ᠶᠢᠨ ᠬᠠᠶᠢᠯᠤᠰᠢ ᠶᠢᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶︾ ᠳᠤ ᠪᠦᠬᠦ ᠬᠤᠲᠠ ᠶᠢᠨ ᠠᠩᠬᠠᠳᠠᠭᠴᠢ ︽ᠰᠠᠭᠤᠷᠢ ᠲᠠᠯᠪᠢᠬᠤ  ᠪᠠ  ᠰᠢᠷᠤᠢ ᠮᠠᠯᠲᠠᠬᠤ ᠪᠠᠷᠢᠯᠭ᠎ᠠ ᠶᠢᠨ  ᠵᠦᠪᠰᠢᠶᠡᠷᠡᠯ  ᠤᠨ ᠦᠨᠡᠮᠯᠡᠯ ᠢ  ᠬᠢᠨᠠᠨ ᠣᠯᠭᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号