ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠶᠢᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/5/23
   ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠲᠦᠷᠦ ᠪᠠᠷᠢᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠷᠠᠳ ᠤᠨ ᠠᠮᠢᠳᠤᠷᠠᠯ ᠢ ᠨᠡᠩ ᠰᠠᠶᠢᠲᠤᠷ ᠪᠠᠲᠤᠯᠠᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 8 ᠲᠦᠷᠦᠯ ᠵᠦᠢᠯ ᠢ ᠬᠡᠷᠡᠭᠵᠢᠭᠦᠯᠬᠦ ᠶᠢ ᠬᠦᠴᠦᠯᠡᠨ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ᠬᠤᠶᠠᠷ᠂ ᠡᠭᠦᠷᠭᠡ ᠶᠢᠨ ᠠᠵᠢᠯ ᠤᠨ ᠬᠤᠪᠢᠶᠠᠷᠢᠯᠠᠯ    ︵ᠨᠢᠭᠡ︶ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯ᠃ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠨᠢ ᠭᠠᠨᠵᠤᠭ᠎ᠠ ᠭᠤᠷᠪᠠᠳᠤᠭᠠᠷ ᠪᠠᠭ᠎ᠠ ᠰᠤᠷᠭᠠᠭᠤᠯᠢ᠂ ᠠᠳᠤᠭᠤᠴᠢᠨ ᠭᠤᠤᠯ ᠰᠤᠷᠭᠠᠭᠤᠯᠢ᠂ ᠨᠤᠭᠤᠰᠤᠳᠠᠢ ᠪᠠᠯᠭᠠᠰᠤᠨ ᠤ ᠭᠤᠤᠯ ᠰᠤᠷᠭᠠᠭᠤᠯᠢ᠂   ᠶᠢᠨ ᠪᠦᠦ ᠳᠦᠨ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠭᠠᠨᠵᠤᠭ᠎ᠠ ᠭᠤᠷᠪᠠᠳᠤᠭᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠴᠢᠯᠠᠭᠤᠲᠤ ᠪᠠᠯᠭᠠᠰᠤᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠵᠢᠷᠭᠠᠯᠠᠩ ᠪᠠᠯᠭᠠᠰᠤᠨ ᠤ ᠭᠤᠤᠯ ᠰᠤᠷᠭᠠᠭᠤᠯᠢ ᠵᠡᠷᠭᠡ 7 ᠳᠤᠮᠳᠠᠳᠤ ᠪᠠᠭ᠎ᠠ ᠰᠤᠷᠭᠠᠭᠤᠯᠢ ᠳᠤ 6.2 ᠲᠦᠮᠡᠨ ᠲᠡᠭᠰᠢ ᠳᠥᠷᠪᠡᠯᠵᠢᠨ  ᠮᠧᠲᠷ ᠭᠤᠮ ᠭᠦᠶᠦᠯᠲᠡ ᠶᠢᠨ ᠵᠠᠮ ᠲᠡᠪᠢᠰᠦᠨ᠎ᠡ᠃ ᠲᠥᠷᠥᠯ ᠵᠦᠢᠯ ᠢ ᠬᠡᠷᠡᠭᠵᠢᠭᠦᠯᠬᠦ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠠᠬᠢᠭᠤᠯᠬᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠲᠦᠷᠦᠭᠦᠯᠡᠨ ᠬᠢᠬᠦ ᠤᠳᠤᠷᠢᠳᠤᠯᠭ᠎ᠠ᠄ ᠸᠠᠩ ᠬᠠᠶ ᠯᠠᠨ    ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠰᠤᠷᠭᠠᠨ ᠬᠥᠮᠦᠵᠢᠯ ᠪᠡᠶ᠎ᠡ  ᠲᠠᠮᠢᠷ ᠤᠨ ᠲᠣᠪᠴᠢᠶ᠎ᠠ    ᠪᠡᠶᠡᠯᠡᠬᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ   ︵ᠬᠤᠶᠠᠷ︶ ᠰᠢᠶᠠᠨ ᠤ ᠵᠠᠮ ᠤᠨ 464 ᠱᠣᠭᠤᠮ ᠴᠠᠷᠠᠰᠤ ᠠᠴᠠ  ᠭᠠᠨᠵᠤᠭ᠎ᠠ ᠬᠦᠷᠬᠦ ᠵᠠᠰᠠᠮᠠᠯ ᠵᠠᠮ᠂ ᠴᠠᠷᠠᠰᠤ ᠠᠴᠠ ᠶᠢᠨ ᠪᠤᠤ ᠲᠦᠨ ᠬᠦᠷᠬᠦ ᠨᠡᠭᠦᠷᠡᠰᠦᠨ ᠠᠭᠤᠷᠬᠠᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠴᠠᠷᠠᠰᠤ ᠠᠴᠠ ᠭᠠᠨᠵᠤᠭ᠎ᠠ ᠬᠦᠷᠬᠦ ᠵᠠᠰᠠᠮᠠᠯ ᠵᠠᠮ᠂ ᠴᠠᠷᠠᠰᠤ ᠠᠴᠠ   ᠶᠢᠨ ᠪᠤᠤ ᠲᠦᠨ ᠬᠦᠷᠬᠦ ᠨᠡᠭᠦᠷᠡᠰᠦᠨ ᠠᠭᠤᠷᠬᠠᠢ ᠶᠢᠨ ᠬᠡᠰᠡᠭ ᠢ ᠳᠠᠬᠢᠨ ᠪᠠᠶᠢᠭᠤᠯᠵᠤ᠂ ᠪᠦᠬᠦ ᠤᠷᠲᠤ ᠨᠢ 11.8 ᠺᠢᠯᠤᠮᠧᠲᠷ ᠪᠠᠶᠢᠳᠠᠭ᠃ ᠲᠥᠷᠥᠯ ᠵᠦᠢᠯ ᠢ ᠬᠡᠷᠡᠭᠵᠢᠭᠦᠯᠬᠦ ᠨᠢ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠳᠥᠭᠦᠮ ᠳᠥᠲᠡ ᠵᠠᠮ ᠨᠡᠪᠲᠡᠷᠡᠯᠭᠡ ᠶᠢᠨ ᠨᠥᠬᠦᠴᠡᠯ ᠬᠠᠩᠭᠠᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ  ᠠᠬᠢᠭᠤᠯᠬᠤ  ᠪᠣᠯᠤᠨ᠎ᠠ᠃    ᠲᠦᠷᠦᠭᠦᠯᠡᠨ ᠬᠢᠬᠦ ᠤᠳᠤᠷᠢᠳᠤᠯᠭ᠎ᠠ᠄ ᠯᠢ ᠸᠧᠶ ᠮᠢᠩ    ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ    ᠬᠠᠮᠵᠢᠯᠴᠠᠬᠤ ᠨᠢᠭᠡᠴᠡ᠄ ᠴᠠᠷᠠᠰᠤ ᠪᠠᠯᠭᠠᠰᠤ    ᠪᠡᠶᠡᠯᠡᠬᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ  ︵ᠭᠤᠷᠪᠠ︶ ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠳᠤ ᠲᠤᠰᠠᠭᠠᠷ ᠡᠷᠡᠭᠦᠯ ᠬᠠᠮᠠᠭᠠᠯᠠᠯ ᠤᠨ ᠲᠠᠰᠤᠭ ᠤᠭᠰᠠᠷᠠᠬᠤ ᠪᠠᠷᠢᠯᠭ᠎ᠠ᠃ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ 200 ᠲᠠᠰᠤᠯᠭ᠎ᠠ ᠪᠠᠶᠢᠷᠢ ᠳᠤ ᠲᠤᠰᠠᠭᠠᠷ ᠠᠷᠢᠭᠤᠨ ᠴᠡᠪᠡᠷ ᠤᠨ ᠥᠷᠥᠭᠡ ᠨᠡᠮᠡᠵᠦ ᠤᠭᠰᠠᠷᠠᠵᠤ᠂ ᠪᠣᠬᠢᠷ ᠤᠰᠤᠨ ᠤ ᠬᠤᠭᠤᠯᠠᠶ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠠᠭᠠᠷ ᠡᠨᠧᠷᠭᠢ ᠬᠠᠯᠠᠭᠤᠨ ᠤᠰᠤᠨ ᠤ ᠰᠢᠰᠲ᠋ᠧᠮ ᠢ ᠨᠡᠮᠡᠵᠦ ᠪᠠᠶᠢᠭᠤᠯᠤᠨ᠎ᠠ᠃ ᠲᠥᠷᠥᠯ ᠵᠦᠶ᠋ᠯ ᠢ  ᠭᠡᠷᠡᠭᠵᠢᠬᠦᠯᠬᠦ ᠨᠢ ᠰᠤᠷᠤᠭᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ ᠣᠷᠴᠢᠨ ᠲᠣᠭᠤᠷᠢᠨ ᠢᠶᠠᠷ ᠬᠥᠮᠦᠨ ᠬᠥᠮᠦᠵᠢᠭᠦᠯᠬᠦ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ  ᠲᠡᠭᠡᠭᠰᠢᠯᠡᠬᠦᠯᠬᠦ  ᠪᠣᠯᠤᠨ᠎ᠠ᠃    ᠲᠦᠷᠦᠭᠦᠯᠡᠨ ᠬᠢᠬᠦ ᠤᠳᠤᠷᠢᠳᠤᠯᠭ᠎ᠠ᠄ ᠸᠠᠩ ᠬᠠᠶ ᠯᠠᠨ    ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠰᠤᠷᠭᠠᠨ ᠬᠥᠮᠦᠵᠢᠯ ᠪᠡᠶ᠎ᠡ  ᠲᠠᠮᠢᠷ ᠤᠨ ᠲᠣᠪᠴᠢᠶ᠎ᠠ    ᠬᠠᠮᠵᠢᠯᠴᠠᠬᠤ ᠨᠢᠭᠡᠴᠡ᠄ ᠭᠠᠨᠵᠤᠭ᠎ᠠ ᠬᠤᠶᠠᠳᠤᠭᠠᠷ ᠳᠤᠮᠳᠠᠳᠤ ᠰᠤᠷᠭᠠᠭᠤᠯᠢ    ᠪᠡᠶᠡᠯᠡᠬᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ   ︵ᠲᠦᠷᠪᠡ︶ ᠡᠮᠡᠭᠲᠡᠢ ᠶᠢᠨ ᠬᠤᠶᠠᠷ  ᠦᠮᠡᠨ ᠢ  ᠰᠢᠭᠰᠢᠨ ᠪᠠᠢᠴᠠᠭᠠᠬᠤ ᠢᠨᠵᠧᠨᠧᠷᠢᠩ᠃ ᠭᠤᠤᠯ ᠠᠭᠤᠯᠭ᠎ᠠ ᠨᠢ ᠄ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠨᠠᠰᠤᠨ  ᠳᠤ ᠬᠦᠷᠦᠭᠰᠡᠨ ᠡᠮᠡᠭᠲᠡᠶᠢᠴᠦᠳ ᠂ ᠪᠠᠷᠤᠭ 25000  ᠬᠥᠮᠦᠰ ᠲᠤ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠶ ᠶᠢᠨ ᠥᠮᠡᠨ ᠤ ᠰᠢᠭᠰᠢᠨ ᠪᠠᠶᠢᠴᠠᠭᠠᠯᠲᠠ ᠬᠢᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠨᠢ ︽ᠬᠤᠶᠠᠷ ᠥᠮᠡᠨ︾ ᠢ ᠡᠷᠲᠡ ᠣᠨᠣᠰᠢᠯᠠᠨ ᠵᠠᠰᠠᠬᠤ ᠶᠢ ᠠᠬᠢᠭᠤᠯᠵᠤ᠂ ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠲᠤ ᠨᠠᠩ ᠡᠷᠬᠡ ᠲᠡᠭᠰᠢ ᠪᠠᠷ ᠬᠦᠷᠲᠡᠭᠡᠨ᠎ᠡ᠃    ᠲᠦᠷᠦᠭᠦᠯᠡᠨ ᠬᠢᠬᠦ ᠤᠳᠤᠷᠢᠳᠤᠯᠭ᠎ᠠ᠄ ᠸᠠᠩ ᠬᠠᠶ ᠯᠠᠨ    ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ    ᠬᠠᠮᠵᠢᠯᠴᠠᠬᠤ ᠨᠢᠭᠡᠴᠡ᠄ ᠡᠯ᠎ᠡ ᠰᠤᠮᠤ ᠪᠠᠯᠭᠠᠰᠤ ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ    ᠪᠡᠶᠡᠯᠡᠬᠦᠯᠬᠦ ᠴᠠᠭ ᠬᠤᠭᠤᠴᠠᠭ᠎ᠠ᠄ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ  ︵ᠲᠠᠪᠤ︶ ᠮᠣᠵᠢ ᠶᠢᠨ ᠵᠠᠮ 305 ᠱᠤᠭᠤᠮ ᠤᠨ ᠭᠠᠨ ᠺᠦ᠋ ᠫᠢᠩ ᠨᠢᠭᠡᠳᠦᠭᠡᠷ ᠳᠡᠰ ᠤᠨ ᠵᠠᠰᠠᠮᠠᠯ ᠵᠠᠮ  ᠤᠨ ᠢᠨᠵᠧᠨᠧᠷᠢᠩ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠨᠢ᠄ ᠨᠢᠭᠡᠳᠦᠭᠡᠷ ᠲᠡᠰ ᠤᠨ ᠪᠠᠷᠢᠮᠵᠢᠶᠠᠲᠤ ᠵᠠᠰᠠᠮᠠᠯ ᠵᠠᠮ ᠢ 6.1 ᠺᠢᠯᠤᠮᠧᠲᠷ ᠪᠠᠶᠢᠭᠤᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠨᠢ ᠲᠣᠰ ᠵᠠᠮ ᠤᠨ ᠬᠤᠲᠣᠭᠤᠷ ᠭᠠᠵᠠᠷ ᠲᠡᠭᠰᠢ ᠪᠤᠰᠤ ᠭᠠᠵᠠᠷ ᠲᠤ ᠲᠡᠷᠭᠡ ᠬᠥᠰᠬᠡ  ᠨᠡᠪᠲᠡᠷᠡᠬᠦ  ᠳᠤ ᠪᠡᠷᠭᠡᠳᠡᠵᠥ ᠪᠠᠶᠢᠭ᠎ᠠ ᠪᠠᠶᠢᠳᠠᠯ ᠢ ᠲᠦᠢᠯᠪᠤᠷᠢᠲᠠᠶ ᠰᠢᠢᠳᠪᠦᠷᠢᠯᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠯᠢ ᠳᠣᠲᠣᠷᠠᠬᠢ ᠣᠯᠠᠨ ᠲᠦᠮᠡᠨ ᠳᠤ ᠨᠠᠩ ᠳᠥᠭᠦᠮ ᠳᠥᠲᠡ ᠵᠠᠮ  ᠬᠠᠷᠢᠯᠴᠠᠭ᠎ᠠ ᠶᠢᠨ ᠨᠥᠬᠦᠴᠡᠯ ᠬᠠᠩᠭᠠᠬᠤ ᠪᠣᠯᠤᠨ᠎ᠠ᠃    ᠲᠦᠷᠦᠭᠦᠯᠡᠨ ᠬᠢᠬᠦ ᠤᠳᠤᠷᠢᠳᠤᠯᠭ᠎ᠠ᠄ ᠯᠢ ᠸᠧᠶ ᠮᠢᠩ    ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ    ᠬᠠᠮᠵᠢᠯᠴᠠᠬᠤ ᠨᠢᠭᠡᠴᠡ᠄ ᠭᠠᠨᠵᠤᠭ᠎ᠠ ᠪᠠᠯᠭᠠᠰᠤ      
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号