| | | | ᠲᠦᠷᠦᠭᠦᠬᠡᠨ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 5 ᠰᠠᠷ᠎ᠠ ᠶᠢᠨ 11 ᠤ ᠡᠳᠦᠷ ᠠᠴᠠ ᠡᠬᠢᠯᠡᠨ᠂ ᠮᠠᠨ ᠤ ᠣᠷᠣᠨ ᠡᠭᠦᠳᠡᠨ | ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ ︵ᠳ᠋ᠤᠭᠠᠷᠯᠠᠬᠤ ᠵᠠᠷᠤᠳᠠᠯ︶ ᠢ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠠᠰ ᠲᠤᠨᠢ ᠲᠥᠯᠥᠬᠦ ᠶᠢ ᠬᠡᠷᠡᠭᠵᠢᠭᠦᠯᠵᠦ᠂ | ᠳᠠᠩᠰᠠ ᠲᠠᠶᠢᠯᠬᠤ ᠡᠬᠢᠯᠡᠯᠲᠡ ᠶᠢᠨ ᠱᠤᠭᠤᠮ ᠭᠠᠷᠭᠠᠬᠤ ᠦᠭᠡᠢ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠲᠠᠩᠰᠠ ᠲᠠᠶᠢᠯᠬᠤ ᠬᠠᠷᠢᠴᠠᠯ ᠨᠢ 80% ᠪᠣᠯᠣᠨ᠎ᠠ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠣᠳᠣᠬᠠᠨ ᠳᠤ᠂ ᠡᠪᠡᠳᠴᠢᠲᠡᠨ ᠬᠤᠶᠠᠷ ᠵᠦᠢᠯ ᠤᠨ ᠠᠷᠭ᠎ᠠ | ᠬᠡᠯᠪᠡᠷᠢ ᠪᠠᠷ ᠳ᠋ᠤᠭᠠᠷᠯᠠᠬᠤ ᠵᠠᠷᠤᠳᠠᠯ ᠢᠶᠠᠨ ᠲᠠᠩᠰᠠ ᠳᠡᠶᠢᠯᠵᠦ ᠪᠣᠯᠣᠨ᠎ᠠ᠄ ᠡᠮᠨᠡᠯᠭᠡ ᠶᠢᠨ ᠬᠤᠷᠢᠶ᠎ᠠ ᠶᠢᠨ | ᠴᠣᠩᠬᠤᠪᠴᠢ ᠳᠤ ᠳ᠋ᠤᠭᠠᠷᠯᠠᠬᠤ ᠡᠪᠡᠳᠴᠢᠲᠡᠨ᠂ ᠡᠮ ᠡᠮᠨᠡᠯᠭᠡ ᠶᠢᠨ ᠳᠠᠭᠠᠳᠬᠠᠯ ᠤᠨ ᠺᠠᠷᠲ ᠪᠤᠶᠤ ᡁᠢ ᠹᠦ᠋ ᠪᠤᠤ | ᠡᠯᠧᠺᠳ᠋ᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠨ ᠭᠠᠷᠭᠠᠵᠤ ᠦᠵᠡᠭᠦᠯᠪᠡᠯ ᠳᠠᠷᠤᠢ ᠲᠠᠩᠰᠠ ᠳᠡᠶᠢᠯᠵᠦ | ᠪᠣᠯᠣᠨ᠎ᠠ᠃ ᠰᠦᠯᠵᠢᠶᠡᠨ ᠳᠡᠭᠡᠷ᠎ᠡ ᠳ᠋ᠤᠭᠠᠷᠯᠠᠭᠰᠠᠨ ᠡᠪᠡᠳᠴᠢᠲᠡᠨ ᡁᠢ ᠹᠦ᠋ ᠪᠤᠤ App ᠶᠢᠨ ᠲᠡᠷᠢᠭᠦᠨ ᠨᠢᠭᠤᠷ ᠲᠤ ︽ | ᠡᠮᠴᠢᠯᠡᠭᠡ ᠡᠷᠡᠭᠦᠯ ᠮᠡᠨᠳᠦ︾ ᠰᠤᠪᠠᠭ ᠲᠤ ᠣᠷᠣᠵᠤ᠂ ︽ᠳ᠋ᠤᠭᠠᠷᠯᠠᠨ ᠡᠮᠨᠡᠭᠦᠯᠭᠦ︾ ᠶᠢ ᠰᠣᠩᠭᠤᠵᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠳ᠋ᠤᠭᠠᠷᠯᠠᠬᠤ ᠪᠠᠷ ᠵᠢᠱᠢᠶᠡᠯᠡᠪᠡᠯ᠂ | ᠡᠪᠡᠳᠴᠢᠲᠡᠨ ᠡᠮᠨᠡᠯᠭᠡ ᠶᠢᠨ ᠬᠤᠷᠢᠶ᠎ᠠ ᠶᠢᠨ ᠵᠢᠵᠢᠭ ᠫᠷᠣᠭ᠍ᠷᠠᠮ ᠳᠣᠲᠣᠷ᠎ᠠ ᠰᠢᠭᠤᠳ ᠳ᠋ᠤᠭᠠᠷᠯᠠᠬᠤ᠂ ᠲᠠᠩᠰᠠ ᠲᠠᠶᠢᠯᠬᠤ | ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠦᠢᠯᠡᠴᠢᠯᠡᠭᠡ ᠶᠢ ᠪᠡᠶᠡᠯᠡᠭᠦᠯᠵᠦ᠂ | ᠳᠠᠭᠢᠨ ᠴᠣᠩᠬᠤᠪᠴᠢ ᠳᠤ ᠬᠦᠷᠴᠦ ᠮᠥᠷᠯᠡᠬᠦ ᠴᠢᠬᠤᠯᠠ ᠦᠭᠡᠢ᠃ ᠣᠳᠣᠬᠠᠨ ᠳᠤ᠂ ᠲᠣᠰ ᠦᠢᠯᠡᠴᠢᠯᠡᠭᠡ ᠨᠢ | ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠣᠷᠳᠣᠰ | ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠨᠢᠭᠡᠳᠦᠭᠡᠷ | ᠬᠠᠷᠢᠶᠠᠲᠤ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠲᠦᠩᠯᠢᠶᠣᠣ | ᠬᠤᠲᠠ ᠶᠢᠨ ᠡᠮᠨᠡᠯᠭᠡ ᠶᠢᠨ ᠬᠤᠷᠢᠶ᠎ᠠ᠂ ᠬᠥᠯᠥᠨ ᠪᠤᠶᠢᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ 26 | ᠡᠮᠨᠡᠯᠭᠡ ᠶᠢᠨ ᠬᠤᠷᠢᠶ᠎ᠠ ᠶᠢ ᠳᠡᠮᠵᠢᠵᠦ᠂ ᠬᠤᠶᠢᠰᠢᠳᠠ ᠦᠷᠭᠦᠯᠵᠢᠯᠡᠨ ᠬᠡᠪᠴᠢᠶ᠎ᠡ ᠪᠠᠨ ᠥᠷᠭᠡᠳᠬᠡᠬᠦ ᠪᠣᠯᠣᠨ᠎ᠠ᠃ | ᠮᠠᠨ ᠤ ᠣᠷᠣᠨ ᠪᠣᠯ ᠲᠦᠷᠦᠭᠦᠤ ᠪᠦᠯᠦᠭ ᠤᠨ ᠰᠦᠯᠵᠢᠶᠡᠨ ᠳᠠᠬᠢ ︽ᠨᠢᠭᠡ ᠨᠠᠰᠤᠲᠠᠨ ᠨᠢᠭᠡ ᠨᠢᠯᠬ᠎ᠠ | ᠬᠡᠦᠬᠡᠳ ᠤᠨ ᠲᠥᠯᠥᠪᠯᠡᠭᠡ︾ ᠶᠢᠨ ᠭᠠᠵᠠᠷ ᠣᠷᠣᠨ ᠤ ᠨᠢᠭᠡ ᠪᠣᠯᠣᠨ᠎ᠠ᠃ ᠮᠠᠨ ᠤ ᠣᠷᠣᠨ ᠤ ᠡᠷᠤᠭᠡ ᠠᠮᠠ ᠶᠢᠨ | ᠳᠠᠩᠰᠠ ᠲᠠᠢ ᠬᠥᠮᠥᠰ ᠨᠢᠭᠡᠨᠲᠡ ᡁᠢ ᠹᠦ᠋ ᠪᠤᠤ ᠳᠣᠲᠣᠷ᠎ᠠ ᠥᠲᠡᠭᠦᠰ ᠨᠢᠯᠬᠠᠰ ᠤᠨ ᠳᠥᠭᠦᠮ ᠳᠥᠲᠡ ᠡᠮᠴᠢᠯᠡᠭᠡᠨ ᠤ | ᠲᠤᠰᠬᠠᠢ ᠲᠣᠭᠤᠷᠢᠭ ᠤᠨ ᠦᠢᠯᠡᠴᠢᠯᠡᠭᠡ ᠶᠢ ᠪᠡᠶᠡᠴᠢᠯᠡᠨ ᠬᠡᠷᠡᠭᠯᠡᠵᠦ ᠪᠣᠯᠣᠨ᠎ᠠ᠃ ︽ᠤᠷᠢᠳᠴᠢᠯᠠᠨ ᠪᠣᠯᠵᠣᠨ | ᠳ᠋ᠤᠭᠠᠷᠯᠠᠬᠤ︾᠂ ︽ᠠᠰᠠᠭᠤᠨ ᠯᠠᠪᠯᠠᠵᠤ ᠡᠪᠡᠳᠴᠢᠨ ᠦᠵᠡᠭᠦᠯᠭᠦ︾ ᠠᠴᠠ ᠭᠠᠳᠠᠨ᠎ᠠ᠂ ᠲᠤᠰᠬᠠᠢ ᠣᠷᠣᠨ ᠤ | ᠳᠣᠲᠣᠷ᠎ᠠ ᠪᠠᠰᠠ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠵᠣᠯᠭᠠᠭᠤᠯᠵᠤ᠂ ᠬᠡᠷᠡᠭᠯᠡᠭᠴᠢ ᠠᠴᠠ ᠬᠤᠪᠢ | ᠬᠥᠮᠥᠨ ᠤ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠶᠢᠨ ᠦᠯᠡᠳᠡᠪᠦᠷᠢ ᠮᠥᠩᠭᠦ ᠪᠠᠨ ᠭᠡᠷ ᠤᠨ ᠬᠥᠮᠥᠰ ᠲᠡᠭᠡᠨ | ᠬᠡᠷᠡᠭᠯᠡᠭᠦᠯᠵᠦ ᠪᠣᠯᠣᠨ᠎ᠠ᠂ ᠭᠠᠳᠠᠷ ᠣᠷᠣᠨ ᠳᠤ ᠡᠪᠡᠳᠴᠢᠨ ᠦᠵᠡᠭᠦᠯᠭᠦ ᠦᠶ᠎ᠡ ᠳᠤ ︽ᠣᠨᠳᠣᠣ ᠭᠠᠵᠠᠷ ᠲᠤ | ᠡᠪᠡᠳᠴᠢᠨ ᠦᠵᠡᠭᠦᠯᠭᠦ ᠳᠠᠩᠰᠠᠯᠠᠯᠲᠠ︾ ᠶᠢ ᠬᠡᠷᠡᠭᠯᠡᠭᠦᠯᠵᠦ᠂ ᠦᠷᠭᠦᠯᠵᠢᠯᠡᠨ ᠲᠠᠩᠰᠠ ᠲᠠᠶᠢᠯᠬᠤ ᠳᠤ ᠲᠥᠭᠦᠮ | ᠦᠵᠡᠭᠦᠯᠦᠨ᠎ᠡ᠃ | ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ |