| | ᠡᠪᠡᠰᠦ ᠮᠣᠳᠣᠨ ᠤ ᠦᠨᠡᠰᠦ ᠪᠠᠷ ᠬᠤᠷᠣᠬᠠᠢ ᠠᠯᠠᠬᠤ | ᠡᠪᠡᠰᠦ ᠮᠣᠳᠣᠨ ᠤ ᠦᠨᠡᠰᠦ ᠪᠠᠷ ᠰᠣᠩᠭᠢᠨ᠎ᠠ ᠶᠢᠨ ᠢᠯᠠᠭ᠎ᠠ᠂ ᠦᠨᠳᠦᠰᠦᠨ ᠤ ᠥᠳᠥ᠂ ᠪᠠᠭᠠᠷᠠᠩ ᠬᠤᠷᠣᠬᠠᠢ᠂ | ᠴᠣᠬᠤ ᠵᠡᠷᠭᠡ ᠬᠤᠷᠣᠬᠠᠢ ᠶᠢ ᠰᠡᠷᠭᠡᠶᠢᠯᠡᠬᠦ ᠳᠤ ᠬᠡᠷᠡᠭᠯᠡᠨ᠎ᠡ᠃ ᠡᠭᠦᠨ ᠳᠤ ᠭᠤᠷᠪᠠᠨ ᠵᠦᠢᠯ ᠤᠨ ᠠᠷᠭ᠎ᠠ ᠪᠣᠢ᠄ | ᠨᠢᠭᠡ ᠳᠤ᠂ ᠬᠥᠷᠥᠰᠥᠨ ᠳᠤ ᠣᠷᠣᠭᠤᠯᠤᠨ᠎ᠠ᠂ ᠮᠦ ᠪᠦᠷᠢ ᠳᠤ 60 - 80 ᠵᠢᠩ ᠡᠪᠡᠰᠦ ᠮᠣᠳᠣᠨ ᠤ ᠦᠨᠡᠰᠦ ᠶᠢ | ᠲᠠᠷᠢᠬᠤ ᠰᠤᠪᠠᠭ ᠲᠤ ᠣᠷᠣᠭᠤᠯᠪᠠᠯ ᠦᠨᠳᠦᠰᠦᠨ ᠤ ᠬᠥᠨᠥᠭᠡᠯᠳᠦ ᠬᠤᠷᠣᠬᠠᠢ ᠠᠴᠠ ᠰᠡᠷᠭᠡᠶᠢᠯᠡᠵᠦ ᠲᠡᠶᠢᠯᠥᠨ᠎ᠡ︔ | ᠬᠤᠶᠠᠷ ᠲᠤ᠂ ᠰᠢᠭᠤᠳ ᠰᠠᠴᠤᠨ᠎ᠠ᠂ ᠡᠪᠡᠰᠦ ᠮᠣᠳᠣᠨ ᠤ ᠦᠨᠡᠰᠦ ᠶᠢ ᠨᠤᠨᠳᠠᠭᠯᠠᠵᠤ ᠥᠷᠯᠥᠭᠡ ᠰᠢᠭᠦᠳᠡᠷᠢ | ᠬᠠᠳᠠᠬᠤ ᠠᠴᠠ ᠡᠮᠦᠨ᠎ᠡ ᠬᠤᠷᠣᠬᠠᠶᠢᠲᠤᠭᠰᠠᠨ ᠬᠡᠰᠡᠭ ᠲᠤ ᠰᠦᠷᠴᠢᠨ᠎ᠡ᠂ ᠮᠦ ᠪᠦᠷᠢ ᠳᠤ 2 - 4 ᠵᠢᠩ ᠡᠪᠡᠰᠦ | ᠮᠣᠳᠣᠨ ᠤ ᠦᠨᠡᠰᠦ ᠶᠢ ᠬᠡᠷᠡᠭᠯᠡᠨ᠎ᠡ᠃ | ᠨᠠᠪᠴᠢᠨ ᠲᠠᠮᠠᠬᠢ ᠪᠠᠷ ᠬᠤᠷᠣᠬᠠᠢ ᠠᠯᠠᠬᠤ | ᠨᠠᠪᠴᠢᠨ ᠲᠠᠮᠠᠬᠢ ᠪᠠᠷ ᠬᠤᠷᠣᠬᠠᠢ ᠠᠯᠠᠬᠤ ᠳᠤ ᠠ᠊ᠡᠭ ᠲᠡᠷᠢᠭᠦᠨ ᠳᠤ ᠪᠠᠭᠠᠷᠠᠩ ᠬᠤᠷᠣᠬᠠᠢ᠂ ᠦᠮᠡᠬᠡᠢ ᠪᠢᠰ᠂ | ᠢᠯᠠᠭᠠᠨ ᠤ ᠥᠳᠥ ᠵᠡᠷᠭᠡ ᠶᠢ ᠰᠡᠷᠭᠡᠶᠢᠯᠡᠬᠦ ᠪᠠ ᠵᠠᠰᠠᠬᠤ ᠳᠤ ᠬᠡᠷᠡᠭᠯᠡᠨ᠎ᠡ᠃ ᠨᠠᠶᠢᠷᠠᠭᠤᠯᠬᠤ ᠠᠴᠠ ᠡᠮᠦᠨ᠎ᠡ ᠬᠠᠶᠠᠭᠳᠠᠮᠠᠯ | ᠨᠠᠪᠴᠢᠨ ᠲᠠᠮᠠᠬᠢ ᠪᠣᠯᠣᠨ ᠤᠰᠤ ᠶᠢ 1᠄ 40 ᠶᠢᠨ ᠬᠠᠷᠢᠴᠠᠯ ᠢᠶᠠᠷ ᠬᠡᠮᠵᠢᠵᠦ ᠪᠡᠯᠡᠳᠬᠡᠨ᠂ ᠤᠷᠢᠳ ᠢᠶᠠᠷ | ᠲᠠᠮᠠᠬᠢᠨ ᠤ ᠨᠠᠪᠴᠢ ᠶᠢ ᠤᠷᠠᠵᠤ ᠬᠡᠮᠬᠡᠯᠦᠭᠡᠳ ᠳᠡᠭᠡᠷ᠎ᠡ ᠨᠢ 10 ᠬᠤᠪᠢ ᠶᠢᠨ ᠪᠤᠴᠠᠯᠤᠭᠰᠠᠨ ᠤᠰᠤ ᠬᠢᠵᠦ | ᠳᠡᠪᠲᠦᠭᠡᠨ᠂ ᠤᠰᠤ ᠨᠢ ᠨᠡᠯᠢᠶᠡᠳ ᠰᠢᠩᠭᠡᠵᠦ ᠥᠳᠬᠡᠨ ᠰᠢᠭᠦᠰᠦ ᠦᠭᠡᠢ ᠪᠣᠯᠬᠤ ᠦᠶᠡᠰ ᠲᠠᠬᠢᠨ ᠲᠠᠮᠠᠬᠢᠨ ᠤ | ᠨᠠᠪᠴᠢ ᠶᠢ ᠰᠢᠭᠦᠵᠦ ᠭᠠᠷᠭᠠᠨ᠂ 4 ᠤᠳᠠᠭ᠎ᠠ ᠤᠰᠤ ᠬᠤᠯᠢᠵᠤ ᠱᠦᠷᠭᠦᠭᠡᠵᠦ ᠤᠬᠢᠶᠠᠭᠰᠠᠨ ᠤ ᠲᠠᠷᠠᠭ᠎ᠠ ᠰᠢᠭᠠᠷᠤ ᠪᠠ | ᠲᠠᠮᠠᠬᠢ ᠶᠢ ᠨᠢ ᠱᠦᠭᠦᠵᠦ ᠭᠠᠷᠭᠠᠨ᠂ ᠲᠠᠬᠢᠨ ᠲᠤᠭ᠎ᠠ ᠶᠣᠰᠣᠭᠠᠷ ᠬᠤᠯᠢᠵᠤ ᠲᠠᠷᠢᠶᠠᠨ ᠭᠠᠵᠠᠷ ᠲᠤ ᠰᠦᠷᠴᠢᠵᠦ | ᠬᠤᠷᠣᠬᠠᠢ ᠶᠢ ᠰᠡᠷᠭᠡᠶᠢᠯᠡᠬᠦ ᠳᠤ ᠬᠡᠷᠡᠭᠯᠡᠨ᠎ᠡ᠃ | ᠯᠠᠵᠤᠤ ᠪᠠᠷ ᠬᠤᠷᠣᠬᠠᠢ ᠠᠯᠠᠬᠤ | 1 ᠵᠢᠩ ᠰᠢᠨ᠎ᠡ ᠰᠣᠷᠭᠤᠭ ᠯᠠᠵᠤᠤ ︵ᠬᠡᠳᠦᠢ ᠭᠤᠱᠤᠭᠤᠨ ᠪᠣᠯ ᠲᠡᠳᠦᠢ ᠰᠠᠶᠢᠨ︶ ᠳᠡᠭᠡᠷ᠎ᠡ 30 - 40 ᠵᠢᠩ | ᠤᠰᠤ ᠨᠡᠮᠡᠵᠦ 10 - 15 ᠮᠢᠨᠦ᠋ᠲ ᠴᠢᠨᠠᠭᠠᠳ ᠰᠢᠭᠠᠷᠤ ᠶᠢ ᠨᠢ ᠰᠢᠭᠦᠵᠦ ᠭᠠᠷᠭᠠᠨ ᠰᠢᠭᠦᠰᠦ ᠶᠢ ᠨᠢ ᠦᠯᠡᠳᠡᠭᠡᠵᠦ᠂ | ᠬᠠᠯᠠᠭᠤᠨ ᠳᠡᠭᠡᠷ᠎ᠡ ᠨᠢ 0.2 ᠵᠢᠩ ᠬᠤᠪᠴᠠᠰᠤ ᠤᠬᠢᠶᠠᠬᠤ ᠨᠤᠨᠳᠠᠭ ᠨᠡᠮᠡᠵᠦ᠂ ᠬᠥᠷᠥᠭᠰᠡᠡ ᠤ ᠰᠡᠭᠦᠯᠡᠷ ᠲᠠᠬᠢᠨ 2 | ᠤᠭᠤᠲᠠ ᠵᠢᠶᠠ ᠮᠸᠢ ᠶᠢᠨ ᠳ᠋ᠢᠶᠠᠨ ︵嘉美金点︶ ᠲᠣᠬᠢᠷᠠᠭᠤᠯᠤᠭᠴᠢ ᠪᠠ 100 ᠵᠢᠩ ᠤᠰᠤ ᠨᠡᠮᠡᠵᠦ | ᠵᠢᠭᠳᠡ ᠬᠤᠯᠢᠭᠠᠳ ᠰᠦᠷᠴᠢᠨ᠎ᠡ᠃ ᠡᠨᠡ ᠬᠦ ᠠᠷᠭ᠎ᠠ ᠨᠢ ᠰᠢᠰᠢ ᠶᠢᠨ ᠮᠢᠩ ᠬᠤᠷᠣᠬᠠᠢ᠂ ᠲᠡᠯᠡᠭᠴᠢ ᠬᠤᠷᠣᠬᠠᠢ᠂ | ᠭᠤᠷᠪᠠᠨ ᠭᠤᠣᠯᠵᠢᠳᠠᠳᠣ ᠮᠢᠩ ᠡᠷᠪᠡᠬᠡᠢ᠂ ᠨᠠᠪᠴᠢᠨ ᠬᠤᠮᠢᠭᠤᠷ ᠬᠤᠷᠣᠬᠠᠢ᠂ ᠪᠠᠭᠠᠷᠠᠩ ᠬᠤᠷᠣᠬᠠᠢ᠂ ᠤᠯᠠᠭᠠᠨ | ᠠᠭᠠᠯᠵᠢ᠂ ᠰᠢᠷᠣᠢ ᠶᠢᠨ ᠬᠦᠷᠢ ᠵᠡᠷᠭᠡ ᠡᠯ᠎ᠡ ᠵᠦᠢᠯ ᠤᠨ ᠬᠥᠨᠥᠭᠡᠯᠳᠦ ᠬᠤᠷᠣᠬᠠᠢ ᠶᠢ ᠬᠦᠴᠦᠨ ᠲᠠᠢ ᠰᠡᠷᠭᠡᠶᠢᠯᠡᠬᠦ ᠪᠠ | ᠠᠯᠠᠵᠤ ᠲᠡᠶᠢᠯᠥᠨ᠎ᠡ᠃ ᠰᠣᠩᠭᠢᠨ᠎ᠠ ᠰᠠᠷᠢᠮᠰᠠᠭ ᠢᠶᠠᠷ ᠬᠤᠷᠣᠬᠠᠢ ᠠᠯᠠᠬᠤ ᠰᠠᠷᠢᠮᠰᠠᠭ ᠪᠠ ᠪᠥᠭᠡᠷᠡᠩᠬᠡᠢ ᠰᠣᠩᠭᠢᠨ᠎ᠠ ᠶᠢ | ᠲᠣᠰ ᠲᠣᠰ 20 ᠭᠷᠡᠮ ᠬᠤᠯᠢᠵᠤ ᠨᠢᠴᠠᠯᠤᠨ᠂ ᠰᠡᠶᠢᠮᠡᠬᠡᠢ ᠪᠥᠰ ᠢᠶᠠᠷ ᠪᠠᠭᠯᠠᠵᠤ᠂ 20 ᠵᠢᠩ ᠣᠰᠣᠠ ᠳᠤ 24 | ᠴᠠᠭ ᠳᠡᠪᠲᠦᠭᠡᠭᠰᠡᠨ ᠤ ᠰᠡᠭᠦᠯᠡᠷ ᠲᠠᠬᠢᠨ ᠰᠡᠶᠢᠮᠡᠬᠡᠢ ᠪᠥᠰ ᠢ ᠠᠪᠴᠤ ᠭᠠᠷᠭᠠᠨ᠎ᠠ᠂ ᠲᠣᠰ ᠡᠮ ᠤᠨ ᠰᠢᠩᠭᠡᠨ ᠢᠶᠠᠷ | ᠴᠣᠬᠤ᠂ ᠪᠠᠭᠠᠷᠠᠩ ᠬᠤᠷᠣᠬᠠᠢ᠂ ᠤᠯᠠᠭᠠᠨ ᠠᠭᠠᠯᠵᠢ ᠵᠡᠷᠭᠡ ᠬᠥᠨᠥᠭᠡᠯᠳᠦ ᠬᠤᠷᠣᠬᠠᠢ ᠶᠢ ᠰᠡᠷᠭᠡᠶᠢᠯᠡᠬᠦ ᠪᠠ ᠠᠯᠠᠬᠤ ᠳᠤ | ᠬᠡᠷᠡᠭᠯᠡᠵᠦ ᠪᠣᠯᠣᠨ᠎ᠠ᠃ | ᠭᠤᠯᠢᠷ ᠢᠶᠠᠷ ᠬᠤᠷᠣᠬᠠᠢ ᠠᠯᠠᠬᠤ | 250 ᠭᠷᠡᠮ ᠪᠤᠭᠤᠳᠠᠢ ᠶᠢᠨ ᠭᠤᠯᠢᠷ ᠲᠤ 15 - 16 ᠵᠢᠩ ᠤᠰᠤ ᠨᠡᠮᠡᠵᠦ ᠵᠢᠭᠤᠷᠠᠭᠠᠳ ᠭᠤᠣᠯ ᠦᠳᠡ ᠶᠢᠨ | 12 ᠴᠠᠭ ᠤᠨ ᠦᠶ᠎ᠡ ᠪᠠᠷ ᠤᠯᠠᠭᠠᠨ ᠠᠭᠠᠯᠵᠢ ᠶᠢᠨ ᠬᠥᠨᠥᠭᠡᠯ ᠲᠠᠢ ᠨᠠᠪᠴᠢᠨ ᠤ ᠠᠷᠤ ᠳᠤ ᠵᠢᠭᠳᠡ ᠰᠦᠷᠴᠢᠨ᠎ᠡ᠃ | 10 ᠮᠢᠨᠦ᠋ᠲ ᠤᠨ ᠲᠠᠷᠠᠭ᠎ᠠ ᠤᠯᠠᠭᠠᠨ ᠠᠭᠠᠯᠵᠢ ᠶᠢᠨ ᠬᠥᠯ ᠨᠢ ᠭᠤᠯᠢᠷ ᠲᠠᠢ ᠨᠠᠭᠠᠯᠳᠤᠵᠤ ᠨᠠᠪᠴᠢᠨ ᠤ ᠠᠷᠤ ᠳᠤ | ᠬᠠᠳᠠᠵᠣ ᠦᠬᠦᠬᠦ ᠪᠣᠯᠣᠨ᠎ᠠ᠃ ᠲᠣᠰ ᠠᠷᠭ᠎ᠠ ᠶᠢ ᠢᠳᠡᠰᠢᠨ ᠨᠣᠭᠤᠭ᠎ᠠ᠂ ᠵᠢᠮᠢᠰ ᠤᠨ ᠮᠣᠳᠣ᠂ ᠬᠥᠪᠥᠩ ᠵᠡᠷᠭᠡ | ᠲᠠᠷᠢᠮᠠᠯ ᠳᠤ ᠠᠳᠠᠯᠢᠬᠠᠨ ᠬᠡᠷᠡᠭᠯᠡᠵᠦ ᠲᠣᠬᠢᠷᠠᠨ᠎ᠠ᠃ | ᠪᠠᠭ᠎ᠠ ᠰᠤᠳᠠ ᠪᠠᠷ ᠭᠡᠮ ᠬᠤᠷᠣᠬᠠᠢ ᠶᠢ ᠰᠡᠷᠭᠡᠶᠢᠯᠡᠬᠦ | 0.2% ᠥᠳᠬᠡᠴᠡ ᠲᠠᠢ ᠪᠠᠭ᠎ᠠ ᠰᠤᠳᠠ ᠶᠢᠨ ᠠᠭᠤᠰᠤᠮᠠᠯ᠂ ᠳᠠᠷᠤᠢ 0.2 ᠵᠢᠩ ᠪᠠᠭ᠎ᠠ ᠰᠤᠳᠠ ᠳᠡᠭᠡᠷ᠎ᠡ | 100 ᠵᠢᠩ ᠤᠰᠤ ᠬᠤᠯᠢᠵᠤ ᠵᠢᠭᠤᠷᠠᠭᠠᠳ ᠰᠦᠷᠴᠢᠨ᠎ᠡ᠂ ᠲᠣᠰ ᠨᠠᠶᠢᠷᠠᠯᠭ᠎ᠠ ᠨᠢ ᠥᠷᠭᠡᠰᠥᠳᠥ ᠬᠡᠮᠬᠡ᠂ ᠴᠠᠭᠠᠨ | ᠨᠣᠭᠤᠭ᠎ᠠ ᠶᠢᠨ ᠴᠠᠭᠠᠨ ᠲᠣᠭᠤᠰᠣᠲᠤ ᠭᠡᠮ᠂ ᠪᠣᠳᠣ ᠭᠡᠮ᠂ ᠴᠠᠭᠠᠨ ᠬᠥᠭᠡᠴᠦ ᠭᠡᠮ ᠵᠡᠷᠭᠡ ᠳᠤ ᠪᠦᠷ ᠨᠡᠯᠢᠶᠡᠳ | ᠰᠠᠶᠢᠨ ᠦᠢᠯᠡᠳᠦᠯ ᠲᠠᠢ ᠪᠠᠶᠢᠵᠤ᠂ ᠰᠡᠷᠭᠡᠶᠢᠯᠡᠬᠦ ᠦᠷ᠎ᠡ ᠳ᠋ᠦᠩ ᠨᠢ 93.1% ᠳᠤ ᠬᠥᠷᠥᠨ᠎ᠡ᠃ ᠪᠠᠰᠠ | ᠲᠤᠲᠤᠷᠭᠠᠨ ᠤ ᠬᠠᠯᠠᠭᠤᠨ ᠭᠡᠮ ᠢ ᠭᠤᠣᠯᠯᠠᠨ ᠵᠠᠰᠠᠵᠤ ᠲᠡᠶᠢᠯᠥᠨ᠎ᠡ᠂ ᠲᠤᠲᠤᠷᠭ᠎ᠠ ᠶᠢᠨ ᠬᠢᠵᠢᠭᠰᠢᠷᠡᠭᠦ ᠲᠠᠯᠬ᠎ᠠ ︵稲瘟 | 灵︶᠂ ᠭᠤᠷᠪᠠᠨ ᠴᠠᠭᠠᠷᠢᠭᠲᠤ ᠢᠮᠢᠳᠡᠽᠥᠯ ᠵᠡᠷᠭᠡ ᠲᠠᠢ ᠬᠤᠯᠢᠵᠤ ᠬᠡᠷᠡᠭᠯᠡᠪᠡᠯ ᠦᠢᠯᠡᠳᠦᠯ ᠨᠢ ᠨᠡᠮᠡᠭᠳᠡᠬᠦ ᠪᠣᠯᠣᠨ᠎ᠠ | ᠃ ᠭᠡᠪᠡᠴᠦ ᠬᠦᠴᠢᠯᠯᠢᠭ ᠲᠠᠷᠢᠶᠠᠨ ᠡᠮ ᠲᠠᠢ ᠬᠤᠯᠢᠵᠤ ᠬᠡᠷᠡᠭᠯᠡᠵᠦ ᠪᠣᠯᠬᠤ ᠦᠭᠡᠢ᠃ | | |