ᠬᠤᠷᠴᠢᠨ ᠵᠡᠭᠦᠨ ᠭᠠᠷᠤᠨ ᠬᠤᠶᠢᠲᠤ  ᠬᠤᠰᠢᠭᠤᠨ ᠤ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ  ᠶᠢ ᠡᠷᠡᠰ ᠬᠤᠷᠢᠬᠯᠠᠬᠤ︾ ᠲᠤᠬᠠᠶ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/5/31
  ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ  ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠪᠢᠯᠠᠨ ᠭᠠᠮᠨᠠᠬᠤ ᠳᠠᠳᠬᠠᠯ ᠢ ᠦᠨᠡᠨ ᠬᠦ ᠬᠥᠮᠦᠵᠢᠭᠦᠯᠵᠦ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠭᠡᠬᠦ ᠨᠢ ᠢᠴᠢᠭᠦᠷᠢ ᠭᠤᠳᠤᠮᠰᠢᠭ ᠭᠡᠬᠦ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠪᠣᠯᠪᠠᠰᠤᠨ᠂ ᠡᠷᠡᠭᠦᠯ ᠰᠠᠷᠠᠭᠤᠯ ᠢᠳᠡᠭᠡᠨ ᠤᠮᠳᠠᠭᠠᠨ ᠤ ᠰᠣᠶᠣᠯ ᠢ ᠤᠯᠠᠮ ᠨᠢᠭᠡ ᠠᠯᠬᠤᠮ  ᠡᠬᠦᠳᠴᠦ᠂ ᠥᠷᠭᠡᠨ ᠣᠯᠠᠨ ᠠᠷᠠᠳ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠡᠷᠡᠭᠦᠯ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠱᠤᠭᠤᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠡᠰᠡᠷᠬᠦᠴᠡᠬᠦ ᠬᠠᠤᠯᠢ︾ ᠵᠢᠩᠬᠢᠨᠢ  ᠪᠠᠷ ᠭᠡᠷᠡᠭᠵᠢᠬᠦᠯᠦᠭᠳᠡᠭᠰᠡᠨ ᠬᠤᠶᠠᠷ ᠵᠢᠯ ᠤᠨ ᠤᠢ ᠶᠢᠨ ᠲᠠᠰᠢᠷᠠᠮ ᠳᠤ ᠪᠦᠬᠦ ᠬᠤᠰᠢᠭᠤᠨ ᠤ ᠦᠷᠭᠡᠨ ᠤᠯᠠᠨ ᠲᠦᠮᠡᠨ ᠪᠠ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢᠳ ᠲᠤ ᠣᠨᠴᠠᠭᠠᠶᠢᠯᠠᠨ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    ᠨᠢᠭᠡ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠯ᠎ᠡ ᠡᠵᠡᠩᠨᠡᠭᠴᠢ᠂ ᠢᠳᠡᠭᠡᠨ ᠤᠮᠳᠠᠭᠠᠨ  ᠢ  ᠪᠦᠷᠢᠯᠭᠡᠨ ᠰᠦᠢᠳᠬᠡᠬᠦ ᠶᠢ ᠡᠰᠡᠷᠭᠦᠴᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠂ ᠱᠠᠯᠢᠨ ᠪᠦᠷᠢᠯᠭᠡᠬᠦ ᠶᠢ ᠡᠰᠡᠷᠭᠦᠴᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃ ᠢᠳᠡᠭᠡᠨ ᠤᠮᠳᠠᠭᠠᠨ ᠢ ᠬᠤᠳᠠᠯᠳᠤᠨ ᠠᠪᠬᠤ᠂ ᠬᠠᠳᠠᠭᠠᠯᠠᠵᠤ ᠲᠡᠭᠡᠭᠡᠪᠦᠷᠢᠯᠡᠬᠦ᠂ ᠡᠳ᠋ᠰᠢᠭᠦᠯᠬᠦ᠂ ᠡᠵᠡᠩᠨᠡᠬᠦ᠂ ᠬᠡᠷᠡᠭᠯᠡᠬᠦ ᠵᠡᠷᠭᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠶᠢᠨ ᠬᠠᠮᠲᠤ ᠲᠣᠭᠤᠭᠠᠴᠢ ᠶᠢᠨ ᠡᠩᠨᠡᠭᠡᠨ ᠤ ᠪᠠᠶᠢᠭᠤᠯᠤᠯᠲᠠ ᠪᠠ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠬᠦ ᠶᠠᠪᠤᠴᠠ ᠳᠠᠬᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠥᠪᠡᠷ ᠤᠨ ᠥᠷᠲᠡᠭ ᠢ ᠡᠵᠡᠮᠳᠡᠬᠦ ᠪᠠ ᠢᠳᠡᠭᠡᠨ ᠤᠮᠳᠠᠭᠠᠨ ᠢ ᠠᠷᠪᠢᠯᠠᠨ ᠭᠠᠮᠨᠠᠬᠤ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠠᠷᠪᠢᠯᠠᠨ ᠭᠠᠮᠨᠠᠬᠤ ᠶᠢ ᠴᠢᠩᠭ᠎ᠠ ᠡᠷᠬᠢᠮᠯᠡᠬᠦ ᠶᠢ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠦᠨ ᠬᠥᠭᠵᠢᠭᠦᠯᠬᠦ ᠶᠢᠨ ᠴᠢᠬᠤᠯᠠ ᠡᠭᠦᠷᠭᠡ ᠪᠣᠯᠭᠠᠵᠤ᠂ ︽ᠢᠳᠡᠭᠡᠨ ᠢ ᠨᠠᠨᠳᠢᠩᠨᠠᠬᠤ᠂ ᠦᠯᠡᠳᠡᠭᠰᠡᠨ ᠵᠦᠢᠯ ᠢ ᠪᠣᠭᠤᠳᠠᠯᠯᠠᠬᠤ᠂ ᠪᠦᠷᠢᠯᠭᠡᠬᠦ ᠶᠢ ᠬᠤᠷᠢᠭᠯᠠᠬᠤ︾ ᠬᠡᠷᠡᠭᠯᠡᠭᠡᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ  ᠬᠠᠳᠠᠩᠰᠢᠭᠤᠯᠬᠤ ᠭᠡᠷᠡᠭᠳᠡᠢ᠃    ᠬᠤᠶᠠᠷ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠳᠡᠯᠭᠡᠭᠦᠷ ᠤᠨ ᠢᠯᠡ ᠭᠠᠵᠠᠷ ᠲᠤ ᠤᠬᠠᠭᠤᠯᠭ᠎ᠠ ᠶᠢᠨ ᠦᠭᠡ ᠬᠡᠯᠡ᠂ ᠤᠬᠠᠭᠤᠯᠭ᠎ᠠ ᠶᠢᠨ ᠫᠠᠶᠢᠰᠠ ᠲᠠᠯᠪᠢᠬᠤ᠂ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ ᠪᠠ ᠰᠦᠯᠵᠢᠶᠡᠨ ᠤ ᠢᠳᠡᠭᠡᠨ ᠤᠮᠳᠠᠭᠠᠨ ᠤ ᠠᠷᠠᠯᠵᠢᠶᠠᠨ ᠤ ᠲᠠᠪᠴᠠᠩ ᠪᠠ ᠰᠦᠯᠵᠢᠶᠡᠨ ᠤ ᠢᠳᠡᠭᠡᠨ ᠤᠮᠳᠠᠭᠠᠨ ᠤ ᠡᠵᠡᠩᠨᠡᠭᠴᠢᠳ ᠭᠤᠤᠯ ᠬᠠᠭᠤᠳᠠᠰᠤᠨ ᠳᠤ ︽ᠢᠳᠡᠭᠡᠨ  ᠢ ᠪᠦᠷᠢᠯᠭᠡᠬᠦ ᠶᠢ ᠡᠰᠡᠷᠭᠦᠴᠡᠬᠦ ᠬᠠᠤᠯᠢ︾ ᠶᠢ ᠤᠬᠠᠭᠤᠯᠵᠤ᠂ ᠬᠡᠷᠡᠭᠯᠡᠭᠴᠢᠳ ᠤᠨ ᠢᠳᠡᠭᠡᠨ ᠢ ᠪᠦᠷᠢᠯᠭᠡᠬᠦ ᠤᠬᠠᠮᠰᠠᠷ ᠢ ᠴᠢᠩᠭᠠᠳᠬᠠᠬᠤ ᠬᠡᠷᠡᠭᠲᠡᠶ᠃    ᠭᠤᠷᠪᠠ᠂  ᠦᠢᠯᠡᠴᠢᠯᠡᠭᠡᠨ ᠤ ᠵᠠᠭᠪᠤᠷ  ᠤᠨ ᠰᠢᠨ᠎ᠡ ᠶᠢ ᠡᠭᠦᠳᠦᠨ᠎ᠡ᠃ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ︽ᠵᠢᠵᠢᠭ ᠬᠤᠪᠢ ᠬᠤᠭᠤᠯᠠ ᠨᠢ ᠠᠮᠤ ᠪᠤᠳᠠᠭᠠᠨ ᠤ ᠠᠷᠪᠢᠯᠠᠨ ᠭᠠᠮᠨᠠᠬᠤ ᠳᠤ ᠬᠦᠴᠦᠨ ᠨᠡᠮᠡᠷᠢᠯᠡᠬᠦ︾ ᠰᠢᠷᠢᠰ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠲᠣᠪᠶᠤᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠤᠨ᠂ ᠨᠣᠭᠤᠭ᠎ᠠ ᠶᠢᠨ ᠲᠤᠭ᠎ᠠ᠂ ᠬᠡᠮᠵᠢᠶ᠎ᠡ ᠶᠢ ᠵᠦᠶ ᠵᠣᠬᠢᠰᠲᠠᠶ ᠳᠣᠭᠢᠷᠠᠭᠤᠯᠵᠤ᠂ ᠬᠠᠭᠠᠰ ᠬᠤᠪᠢ ᠨᠣᠭᠤᠭ᠎ᠠ᠂ ᠵᠢᠵᠢᠭ ᠬᠤᠪᠢ ᠨᠣᠭᠤᠭ᠎ᠠ ᠪᠠ ᠵᠢᠵᠢᠭ ᠬᠤᠪᠢ ᠬᠤᠭᠤᠯᠠ ᠭᠠᠷᠭᠠᠬᠤ ᠶᠢ ᠵᠣᠷᠢᠭᠵᠢᠭᠤᠯᠵᠤ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠤᠭᠤᠯᠠ ᠵᠠᠬᠢᠶᠠᠯᠠᠭᠤᠯᠤᠨ᠎ᠠ᠃  ᠲᠤᠬᠢᠷᠠᠮᠵᠢᠳᠠᠢ ᠬᠡᠮᠵᠢᠶᠡᠨ ᠤ ᠬᠤᠭᠤᠯᠠ ᠵᠠᠬᠢᠶᠠᠯᠠᠬᠤ ᠶᠢ ᠢᠳᠡᠪᠬᠢᠳᠡᠢ ᠰᠠᠨᠠᠭᠤᠯᠵᠤ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠠᠷᠪᠢᠯᠠᠨ ᠭᠠᠮᠨᠠᠬᠤ ᠰᠠᠶᠢᠬᠠᠨ ᠵᠠᠩ ᠮᠣᠷᠠᠯ ᠢ ᠤᠯᠠᠮᠵᠢᠯᠠᠵᠤ᠂ ︽ᠨᠢᠭᠤᠷ ᠢᠶᠠᠨ ᠬᠠᠶᠢᠷᠠᠯᠠᠬᠤ᠂ ᠯᠠᠷᠵᠢᠶ᠎ᠠ  ᠲᠠᠳᠠᠬᠤ  ᠂  ᠪᠠᠶᠠᠨ ᠢᠶᠠᠨ ᠠᠳᠠᠯᠢᠳᠬᠠᠬᠤ︾ ᠬᠡᠷᠡᠭᠯᠡᠭᠡᠨ ᠤ ᠮᠠᠭᠤ ᠳᠠᠳᠬᠠᠯ ᠢ ᠢᠳᠡᠪᠬᠢᠲᠡᠶ ᠬᠤᠷᠢᠭᠯᠠᠵᠤ᠂ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠨ᠂ ︽ᠨᠡᠶᠢᠲᠡ ᠶᠢᠨ ᠰᠠᠪᠬ᠎ᠠ ᠨᠡᠶᠢᠲᠡ ᠶᠢᠨ ᠬᠠᠯᠪᠠᠭ᠎ᠠ︾ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠤᠪᠢᠶᠠᠨ ᠬᠤᠭᠤᠯᠠᠯᠠᠬᠤ ᠲᠦᠷᠢᠮ ᠢ ᠳᠡᠯᠭᠡᠷᠡᠭᠦᠯᠦᠨ᠂ ︽ᠬᠤᠭᠤᠰᠣᠨ  ᠫᠢᠯᠠ ᠶᠢᠨ ᠠᠵᠢᠯᠯᠠᠭ᠎ᠠ︾ ᠶᠢ  ᠰᠤᠷᠳᠠᠯᠴᠢᠯᠠᠬᠤ ᠭᠡᠷᠡᠭᠳᠡᠢ᠃    ᠳᠥᠷᠪᠡ᠂ ᠰᠦᠯᠵᠢᠶᠡᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠲᠠᠪᠴᠠᠩ ᠢᠶᠠᠷ ᠳᠠᠮᠵᠢᠭᠤᠯᠤᠨ ᠦᠢᠯᠡᠴᠢᠯᠡᠭᠡ ᠬᠠᠩᠭᠠᠭᠰᠠᠨ ᠪᠠᠶᠢᠪᠠᠯ᠂ ᠲᠠᠪᠴᠠᠩ ᠤᠨ ᠲᠠᠸᠠᠷ ᠤᠨ ᠦᠵᠡᠭᠦᠯᠭᠡ ᠶᠢᠨ ᠬᠠᠭᠤᠳᠠᠰᠤᠨ ᠳᠡᠭᠡᠷ᠎ᠡ ᠬᠡᠷᠡᠭᠯᠡᠭᠴᠢᠳ ᠲᠤ ᠢᠳᠡᠭᠡᠨ ᠤ ᠬᠤᠪᠢ ᠶᠢᠨ ᠬᠡᠮᠵᠢᠶ᠎ᠡ᠂ ᠬᠡᠪ ᠪᠠᠷᠢᠮᠵᠢᠶ᠎ᠠ ᠪᠤᠶᠤ ᠭᠡᠳᠦᠨ ᠬᠦᠮᠦᠨ ᠭᠡᠷᠡᠭᠯᠡᠪᠡᠯ ᠵᠤᠬᠢᠬᠤ ᠵᠡᠷᠭᠡ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃     ᠲᠠᠪᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠤ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂  ᠬᠤᠳᠠᠯᠳᠤᠨ ᠠᠪᠬᠤ ᠪᠠ ᠭᠡᠷᠡᠭᠯᠡᠬᠦ ᠭᠤᠭᠴᠤᠭ᠎ᠠ ᠪᠦᠷᠢ ᠳᠤ ᠪᠠᠷᠢᠮᠳᠠᠯᠠᠬᠤ ᠬᠡᠷᠡᠭᠲᠡᠶ᠃ ︽ᠠᠷᠪᠢᠯᠠᠬᠤ ᠨᠢ ᠢᠷᠠᠭᠤ ᠠᠯᠳᠠᠷᠲᠠᠶ᠂ ᠪᠦᠷᠢᠯᠭᠡᠬᠦ ᠨᠢ ᠢᠴᠢᠭᠦᠷᠢ ᠭᠤᠲᠤᠮᠰᠢᠭ︾ ᠪᠠᠶᠢᠬᠤ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠵᠦ᠂ ᠢᠳᠡᠭᠡᠨ ᠤᠮᠳᠠᠭᠠᠨ ᠤ ᠬᠡᠷᠡᠭᠯᠡᠭᠡ ᠶᠢ ᠨᠠᠩ ᠪᠣᠯᠪᠠᠰᠤᠨ᠂ ᠨᠠᠩ ᠡᠷᠡᠭᠦᠯ ᠪᠤᠯᠭᠠᠬᠤ ᠭᠡᠷᠡᠭᠳᠡᠢ᠃          ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ  ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ  
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号