ᠥᠪᠥᠷ ᠮᠣᠩᠭᠤᠯ 1000 ᠲᠦᠮᠡᠨ ᠵᠢᠭᠤᠯᠴᠢᠨ ᠬᠦᠯᠢᠶᠡᠨ ᠠᠪᠤᠯ᠎ᠠ
ᠨᠡᠶᠢᠲᠡᠯᠡᠭᠰᠡᠨ ᠴᠠᠭ᠄
2023/5/8
         5 ᠰᠠᠷ᠎ᠠ ᠶᠢᠨ 1 ᠤ ᠠᠮᠠᠷᠠᠯᠲᠠ ᠶᠢᠨ ᠬᠤᠭᠤᠴᠠᠭᠠᠨ ᠳᠤ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠲᠠᠪᠬᠤᠷᠳᠠᠭᠰᠠᠨ ᠲᠤᠭ᠎ᠠ ᠪᠠᠷ ᠨᠡᠶᠢᠲᠡ 1000 ᠭᠠᠷᠤᠢ ᠲᠦᠮᠡᠨ ᠵᠢᠭᠤᠯᠴᠢᠨ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠢᠶᠠᠷ ᠨᠡᠮᠡᠭᠳᠡᠵᠦ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠪᠦᠲᠦᠭᠡᠭᠳᠡᠬᠦᠨ ᠤ ᠵᠠᠬᠢᠶᠠᠯᠠᠭ᠎ᠠ ᠠᠳᠠᠯᠢ ᠬᠤᠭᠤᠴᠠᠭᠠᠨ ᠤ ᠬᠢ ᠠᠴᠠ 3000% ᠪᠠᠷ ᠨᠡᠮᠡᠭᠳᠡᠵᠦ᠂ ᠪᠦᠬᠦ ᠣᠷᠣᠨ ᠤ A ᠳᠡᠰ ᠤᠨ 304 ᠦᠵᠡᠮᠵᠢ ᠶᠢᠨ ᠣᠷᠣᠨ ᠲᠠᠪᠬᠤᠷᠳᠠᠭᠰᠠᠨ ᠲᠤᠭ᠎ᠠ ᠪᠠᠷ ᠨᠡᠶᠢᠲᠡ 481 ᠲᠦᠮᠡ 2400 ᠵᠢᠭᠤᠯᠴᠢᠨ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 24 ᠳ᠋ᠦᠩᠰᠢᠭᠤᠷ 600 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 600% ᠪᠠᠷ ᠨᠡᠮᠡᠭᠳᠡᠵᠦ᠂ 300 ᠭᠠᠷᠤᠢ ᠣᠳᠣᠨ ᠳᠡᠰ ᠤᠨ ᠵᠣᠴᠢᠳ ᠤᠨ ᠪᠠᠭᠤᠳᠠᠯ ᠪᠣᠯᠣᠨ ᠠᠷᠠᠳ ᠠᠴᠠ ᠡᠷᠬᠢᠯᠡᠭᠰᠡᠨ ᠪᠠᠭᠤᠳᠠᠯ ᠤᠨ ᠣᠷᠣᠯᠭ᠎ᠠ ᠨᠢ ᠳᠠᠬᠢᠨ ᠢᠶᠠᠷ ᠨᠡᠮᠡᠭᠳᠡᠵᠦ᠂ ᠰᠣᠶᠣᠯ ᠵᠢᠭᠤᠯᠴᠢᠯᠠᠯ ᠤᠨ ᠦᠢᠯᠡᠰ ᠪᠦᠬᠦ ᠲᠠᠯ᠎ᠠ ᠪᠠᠷ ᠰᠡᠷᠭᠦᠨ ᠬᠥᠭᠵᠢᠵᠦ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号