ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠠᠷᠠᠳ ᠲᠦᠮᠡᠨ ᠤ ᠵᠣᠭᠰᠣᠯᠲᠠ ᠳᠤ ᠪᠠᠲᠤ ᠵᠤᠬᠰᠤᠰᠤᠭᠠᠢ
ᠨᠡᠶᠢᠲᠡᠯᠡᠭᠰᠡᠨ ᠴᠠᠭ᠄
2023/5/8
                  — ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ                        ᠦᠷ᠎ᠡ  ᠪᠦᠲᠦᠮᠵᠢ  ᠤᠯᠬᠤ  ᠶᠢ  ᠠᠬᠢᠭᠤᠯᠤᠶ᠎ᠡ     ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠪᠣᠯ ᠳᠠᠷᠤᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠬᠦ᠂ ᠰᠠᠭᠤᠬᠳᠠᠭᠤᠯᠬᠤ᠂ ᠤᠨᠳᠤᠤᠰᠢᠯᠠᠭᠤᠯᠬᠤ ᠠᠵᠢᠯ ᠢ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠳᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠭᠡᠷᠡᠭᠳᠡᠢ︾ ᠭᠡᠵᠦ ᠶᠡᠷᠦᠩᠬᠡᠶ ᠱᠦᠵᠢ ᠰᠢ ᠶᠢᠨ ᠫᠢᠩ ᠣᠶᠢᠷ᠎ᠠ ᠳᠤ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠲᠣᠳᠣᠷᠬᠠᠶ ᠱᠠᠭᠠᠷᠳᠠᠯᠭ᠎ᠠ ᠲᠤᠷᠠᠳᠴᠤ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ︾ ᠲᠤᠬᠠᠶ ᠭᠦᠨᠵᠡᠭᠡᠶ ᠲᠠᠶᠢᠯᠪᠤᠷᠢᠯᠠᠯᠲᠠ ᠬᠢᠵᠡᠶ᠂ ᠡᠭᠦᠨ ᠳᠤ ︽ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠬᠤ︾ ᠲᠤᠬᠠᠢ ᠲᠣᠳᠣᠷᠬᠠᠶᠢᠯᠠᠨ ᠥᠭᠦᠯᠡᠬᠦ ᠳᠡᠭᠡᠨ᠂ ︽ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠬᠦᠯᠵᠦ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠦᠨᠳᠦᠰᠦᠨ ᠪᠠᠷᠢᠮᠵᠢᠶ᠎ᠠ ᠪᠣᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠶ ᠬᠢᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ︾ ᠭᠡᠵᠦ ᠴᠢᠬᠤᠯᠠᠴᠢᠯᠠᠪᠠ᠃     ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ ᠴᠢᠨᠠᠷ ᠤᠨ ᠰᠢᠨᠵᠢ ᠮᠥᠨ᠂ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠨᠠᠮ ᠢᠮᠠᠭᠲᠠ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠮᠠᠨ ᠤ ᠲᠡᠮᠡᠴᠡᠬᠦ ᠬᠠᠷᠠᠯᠲᠠ ᠮᠥᠨ︾᠂ ︽ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠪᠣᠯ ︿ᠤᠯᠤᠰ ᠤᠨ ᠶᠡᠭᠡ ᠶᠠᠪᠤᠳᠠᠯ﹀ ᠮᠥᠨ︾ ᠭᠡᠳᠡᠭ ᠢ ᠪᠠᠷᠢᠮᠲᠠᠯᠠᠵᠤ᠂ ︽ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠬᠤ︾ ᠶᠢ ᠪᠠᠷᠢᠮᠲᠠᠯᠠᠵᠤ᠂ ᠤᠯᠤᠰ ᠤᠨ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ ᠢᠷᠠᠭᠤ ᠬᠠᠭᠤᠳᠠᠰᠤ ᠶᠢ ᠪᠢᠴᠢᠭᠯᠡᠵᠡᠢ᠃ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠤ ᠲᠡᠷᠡ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠬᠤ ᠳᠤ ᠴᠤ ᠲᠡᠷᠡ᠂ ᠡᠷᠡᠭᠦᠯ ᠡᠩᠬᠡ ᠳᠤᠮᠳᠠᠳᠤ ᠤᠯᠤᠰ᠂ ᠠᠮᠤᠷ ᠠᠮᠤᠭᠤᠯᠠᠩ ᠳᠤᠮᠳᠠᠳᠤ ᠤᠯᠤᠰ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠤ ᠲᠡᠷᠡ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠶᠢ ᠪᠠᠷᠢᠮᠲᠠᠯᠠᠬᠤ ᠳᠤ ᠴᠤ ᠲᠡᠷᠡ᠂ ᠬᠢᠵᠢᠭ ᠤᠨ ᠢ ᠰᠡᠷᠭᠡᠶᠢᠯᠡᠨ ᠬᠤᠷᠢᠬᠯᠠᠬᠤ ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠶ ᠢᠯᠠᠯᠲᠠ ᠶᠢ ᠣᠯᠬᠤ ᠳᠤ ᠴᠤ ᠲᠡᠷᠡ᠂ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠢᠯᠡ ᠲᠣᠳᠣ ᠮᠥᠨ ᠴᠢᠨᠠᠷ ᠪᠠ ᠦᠨᠳᠦᠰᠦᠨ ᠵᠣᠭᠰᠣᠯᠲᠠ ᠶᠢ ᠬᠦᠢᠴᠡᠳ ᠢᠯᠡᠷᠡᠭᠦᠯᠤᠭ᠍ᠰᠡᠨ ᠶᠤᠮ᠃     ᠨᠠᠮ ᠤᠨ ᠤᠨᠤᠯ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠲᠥᠯᠥᠭᠡ ᠪᠤᠳᠤᠯᠬᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠤᠨᠤᠯ ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠠ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ︾ ᠶᠢ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢᠨ ᠲᠡᠷᠢᠭᠦᠨ ᠪᠠᠶᠢᠷᠢᠨ ᠳᠤ ᠲᠠᠯᠪᠢᠵᠠᠢ᠃ ᠡᠨᠡ ᠬᠦ ᠰᠢᠨᠵᠢᠯᠡᠬᠦ ᠤᠬᠠᠭᠠᠨᠴᠢ ᠤᠨᠤᠯ ᠳᠤ᠂ ︽ᠠᠷᠠᠳ ᠲᠦᠮᠡᠨ︾ ᠭᠡᠬᠦ ᠦᠭᠡ ᠨᠢ ᠰᠠᠭᠤᠷᠢ ᠴᠢᠨᠠᠷᠲᠠᠢ᠂ ᠦᠨᠳᠦᠰᠦᠨ ᠴᠢᠨᠠᠷᠲᠠᠢ ᠪᠠᠶᠢᠷᠢ ᠰᠠᠭᠤᠷᠢ ᠪᠠ ᠦᠢᠯᠡᠳᠦᠯ ᠲᠠᠢ ᠪᠦᠭᠡᠳ ᠠᠷᠠᠳ ᠲᠦᠮᠡᠨ ᠢ ᠳᠡᠭᠡᠳᠦᠯᠡᠬᠦ ᠨᠢ ᠤᠨᠤᠯ ᠤᠨ ᠰᠠᠭᠤᠷᠢ ᠴᠡᠭ᠂ ᠦᠷᠳᠡᠭ ᠤᠨ ᠲᠤᠯᠤᠭᠴᠢ ᠴᠡᠭ᠂ ᠦᠢᠯᠡᠳᠦᠯᠭᠡ ᠶᠢᠨ ᠤᠭ ᠴᠡᠭ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ ᠡᠨᠡ ᠬᠦ ᠰᠢᠨᠵᠢᠯᠡᠬᠦ ᠤᠬᠠᠭᠠᠨᠴᠢ ᠤᠨᠤᠯ ᠢ ᠪᠡᠶᠡᠴᠢ ᠶᠢᠷᠲᠢᠨᠴᠦ ᠪᠣᠯᠤᠨ ᠪᠤᠰᠤᠳᠴᠢ ᠶᠢᠷᠲᠢᠨᠴᠦ ᠪᠠᠨ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠬᠤ ᠳᠤ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠴᠢᠬᠤᠯᠠ ᠵᠣᠭᠰᠣᠯᠲᠠ ᠦᠵᠡᠯᠲᠡ ᠠᠷᠭ᠎ᠠ ᠶᠢ ᠣᠨᠣᠪᠴᠢᠲᠠᠢ ᠡᠵᠡᠮᠰᠢᠵᠦ᠂ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠡᠷᠭᠡᠪᠰᠢ ︽ᠲᠥᠷᠥ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠬᠦᠷᠦᠨ ᠢ ᠪᠠᠶᠢᠭᠤᠯᠵᠤ᠂ ᠲᠦᠷᠦ ᠬᠦᠷᠦᠨ ᠢ ᠰᠠᠬᠢᠨ ᠬᠠᠮᠠᠭᠠᠯᠠᠵᠤ ᠪᠠᠶᠢᠬᠤ ᠨᠢ ᠲᠠᠷᠤᠢ ᠠᠷᠠᠳ ᠲᠦᠮᠡᠨ ᠤ ᠰᠡᠳᠬᠢᠯ ᠢ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠪᠤᠯᠤᠨ᠎ᠠ︾ ᠭᠡᠳᠡᠭ ᠢ ᠬᠦᠨᠵᠡᠭᠡᠢ ᠲᠠᠨᠢᠬᠤ ᠭᠡᠷᠡᠭᠳᠡᠢ᠃ ᠭᠠᠭᠴᠠ ᠬᠦ ᠠᠷᠠᠳ ᠲᠦᠮᠡᠨ ᠤ ᠵᠣᠭᠰᠣᠯᠲᠠ ᠳᠡᠭᠡᠷ᠎ᠡ ᠪᠠᠲᠤ ᠵᠣᠭᠰᠣᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠠᠰᠢᠭ ᠲᠤᠰᠠ ᠶᠢ ᠢᠮᠠᠭᠲᠠ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠢᠮᠠᠭᠲᠠ ᠠᠷᠠᠳ ᠲᠦᠮᠡᠨ ᠲᠠᠢ ᠬᠠᠮᠲᠤ ᠪᠠᠶᠢᠵᠤ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠥ᠂ ᠠᠷᠠᠳ ᠲᠦᠮᠡᠨ ᠲᠠᠢ ᠬᠠᠮᠲᠤ ᠪᠠᠷ ᠠᠵᠢᠯᠯᠠᠪᠠᠯ ᠰᠠᠶ᠋ᠢ ᠠᠷᠠᠳ ᠤᠨ ᠰᠡᠳᠬᠢᠯ ᠢ ᠣᠯᠵᠤ᠂ ᠴᠠᠭ ᠦᠶ᠎ᠡ ᠶᠢᠨ ᠢᠯᠠᠯᠲᠠ ᠣᠯᠵᠤ᠂ ᠲᠠᠰᠤᠷᠠᠯᠳᠠ ᠦᠭᠡᠢ ᠢᠯᠠᠯᠲᠠ ᠠᠴᠠ ᠰᠢᠨ᠎ᠡ ᠢᠯᠠᠯᠲᠠ ᠵᠦᠭ ᠤᠷᠤᠭᠰᠢᠯᠠᠵᠤ ᠴᠢᠳᠠᠨ᠎ᠠ᠃     ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ᠃ ᠭᠠᠭᠴᠠ ᠬᠦ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠶᠢᠨ ᠡᠭᠦᠰᠦᠯᠲᠡ ᠪᠠ ᠲᠤᠰᠤᠯᠳᠠ ᠪᠠᠨ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ ᠬᠠᠮᠠᠭᠠᠯᠠᠵᠤ ᠠᠬᠢᠭᠤᠯᠪᠠᠯ ᠰᠠᠶ᠋ᠢ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠶᠢ ᠠᠬᠢᠭᠤᠯᠵᠤ ᠴᠢᠳᠠᠨ᠎ᠠ᠃ ᠵᠣᠷᠢᠯᠲᠠ ᠪᠠᠨ ᠦᠢᠯᠡᠳᠦᠯᠭᠡᠵᠢᠬᠦᠯᠵᠦ ᠠᠷᠠᠳ ᠲᠦᠮᠡᠨ ᠳᠤ ᠪᠤᠶᠠᠨ ᠦᠢᠯᠡᠳᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ ᠢᠶᠠᠨ ᠪᠠᠳᠤᠳᠬᠠᠬᠤ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠦ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠠ ᠳᠤ ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠦ᠂ ᠤᠬᠠᠮᠰᠠᠷ ᠠᠴᠠ ᠪᠠᠨ ᠠᠷᠠᠳ ᠠᠴᠠ ᠠᠷᠭ᠎ᠠ ᠪᠣᠳᠣᠯᠭ᠎ᠠ ᠠᠰᠠᠭᠤᠵᠦ᠂ ᠠᠷᠠᠳ ᠤᠨ ᠬᠡᠷᠡᠭᠴᠡᠭᠡ ᠶᠢ ᠠᠰᠠᠭᠤᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠵᠦ᠂ ᠰᠡᠳᠬᠢᠯ ᠵᠢᠷᠦᠬᠡ ᠪᠠᠨ ᠬᠤᠯᠪᠣᠵᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠤᠪᠠᠨᠢᠵᠦ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠭᠦ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠳᠠᠯ᠎ᠠ ᠬᠢᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠶᠢ ᠨᠡᠮᠡᠭᠳᠡᠬᠦᠯᠬᠦ ᠭᠡᠷᠡᠭᠳᠡᠢ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ᠂ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ᠃     ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠡᠪ ᠬᠠᠮᠲᠤ ᠨᠠᠮ ᠳᠤ ᠥᠪᠡᠷ ᠤᠨ ᠠᠰᠢᠭ ᠲᠤᠰᠠ ᠭᠡᠵᠦ ᠪᠠᠶᠢᠬᠤ ᠦᠭᠡᠢ᠂ ᠲᠦᠷᠦ ᠪᠠᠷᠢᠬᠤ ᠪᠣᠯ ᠳᠠᠷᠤᠢ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠶᠠᠪᠤᠳᠠᠯ ᠪᠣᠯᠤᠨ᠎ᠠ︾ ᠭᠡᠵᠦ ᠴᠢᠬᠤᠯᠠᠴᠢᠯᠠᠪᠠ᠃ ᠢᠷᠡᠭᠡᠳᠦᠢ ᠳᠤ ᠬᠠᠨᠳᠤᠵᠤ᠂ ᠰᠡᠳᠬᠢᠯ ᠳᠡᠭᠡᠨ ᠠᠷᠠᠳ ᠲᠦᠮᠡᠨ ᠢ ᠪᠤᠳᠤᠵᠤ᠂ ᠭᠠᠷ ᠲᠠᠭᠠᠨ ᠦᠨᠡᠨ ᠶᠣᠰᠣ ᠶᠢ ᠪᠠᠷᠢᠵᠤ᠂ ᠬᠥᠮᠦᠨ ᠤ ᠶᠢᠷᠲᠢᠨᠴᠦ ᠶᠢᠨ ᠵᠥᠪ ᠵᠠᠮ ᠢᠶᠠᠷ ᠯᠠᠪᠳᠠᠭᠤᠨ ᠵᠠᠮᠨᠠᠪᠠᠯ᠂ ᠪᠢᠳᠡ ᠢᠲᠡᠭᠡᠯ ᠲᠡᠭᠦᠯᠳᠡᠷ᠂ ᠬᠦᠴᠦᠨ ᠲᠡᠭᠦᠯᠳᠡᠷ ᠪᠣᠯᠤᠨ᠎ᠠ ᠃ ᠪᠢᠳᠡ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠢᠮᠠᠭᠲᠠ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠪᠤᠳᠤᠵᠥ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠣᠳᠠᠲᠤ ᠠᠬᠤᠢ ᠪᠣᠯᠭᠠᠵᠤ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠲᠡᠦᠬᠡ ᠪᠣᠯᠤᠨ ᠠᠷᠠᠳ ᠲᠦᠮᠡᠨ ᠳᠤ ᠰᠢᠨ᠎ᠡ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠰᠤᠭᠠᠢ︕                       ᠰᠤᠪᠤᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号