ᠰᠣᠶᠣᠯ ᠤᠨ ᠰᠢᠨ᠎ᠡ ᠡᠭᠦᠷᠭᠡ ᠶᠢ ᠨᠠᠩ ᠰᠠᠶᠢᠳᠤᠷ ᠡᠭᠦᠷᠭᠡᠯᠡᠰᠦᠭᠡᠢ — ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠤᠯᠠᠮᠵᠢᠯᠠᠯ ᠬᠦᠭᠵᠢᠯᠳᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2023/6/16
                                           ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ          ᠰᠢᠨ᠎ᠡ ᠴᠠᠭ ᠦᠶ᠎ᠡ᠂ ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ᠃ ︽ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠡᠨᠡ ᠴᠠᠭ ᠦᠶ᠎ᠡ ᠳᠤ ᠬᠠᠷᠢᠶᠠᠯᠠᠭᠳᠠᠬᠤ ᠰᠢᠨ᠎ᠡ ᠰᠣᠶᠣᠯ ᠢ ᠬᠠᠮᠲᠤ ᠪᠠᠷ ᠴᠢᠷᠮᠠᠶᠢᠨ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ︾᠃ ᠰᠣᠶᠣᠯ ᠤᠨ ᠤᠯᠠᠮᠵᠢᠯᠠᠯ ᠬᠦᠭᠵᠢᠯᠳᠡ ᠶᠢᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠪᠢᠳᠡᠨ ᠤ ᠰᠢᠨ᠎ᠡ ᠴᠠᠭ ᠦᠶ᠎ᠡ ᠶᠢᠨ ᠰᠣᠶᠣᠯ ᠤᠨ ᠰᠢᠨ᠎ᠡ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠴᠢᠷᠮᠠᠶᠢᠨ ᠪᠠᠶᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠲᠤᠷᠠᠳᠤᠬᠰᠠᠨ ᠨᠢ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠪᠣᠯᠤᠨ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠴᠢᠬᠤᠯᠠ ᠶᠡᠭᠡ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ︽ᠭᠠᠭᠴᠠ ᠬᠦ ᠲᠡᠦᠬᠡ ᠠᠴᠠ ᠢᠷᠡᠭᠡᠳᠦᠢ ᠵᠦᠭ ᠤᠷᠤᠭᠰᠢᠯᠠᠬᠤ ᠶᠢ ᠪᠠᠷᠢᠮᠲᠠᠯᠠᠵᠦ᠂ ᠦᠨᠳᠦᠰᠦᠲᠡᠨ ᠤ ᠰᠣᠶᠣᠯ ᠤᠨ ᠠᠮᠢᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠶᠢᠨ ᠳᠤᠮᠳᠠ ᠵᠠᠮ ᠨᠡᠭᠡᠭᠡᠨ ᠤᠷᠤᠭᠰᠢᠯᠠᠪᠡᠯ᠂ ᠪᠢᠳᠠ ᠰᠠᠶ᠋ᠢ ᠥᠨᠥᠳᠦᠷ ᠤᠨ ᠦᠢᠯᠡᠰ ᠢᠶᠠᠨ ᠰᠠᠶᠢᠲᠤᠷ ᠬᠢᠵᠦ ᠴᠢᠳᠠᠨ᠎ᠠ︾᠂ ︽ᠨᠢᠭᠡ ᠤᠯᠤᠰ᠂ ᠨᠢᠭᠡ ᠦᠨᠳᠦᠰᠦᠲᠡᠨ ᠤ ᠬᠦᠴᠦᠷᠬᠡᠭᠵᠢᠯ ᠨᠢ ᠬᠡᠵᠢᠶᠡᠳᠡ ᠰᠣᠶᠣᠯ ᠤᠨ ᠬᠥᠭᠵᠢᠯ ᠪᠠᠳᠠᠷᠠᠯ ᠢᠶᠠᠷ ᠲᠤᠯᠭᠠᠭᠤᠷᠢ ᠪᠤᠯᠭᠠᠳᠠᠭ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠢ ᠳᠤᠮᠳᠠᠳᠤ ᠶᠢᠨ ᠰᠣᠶᠣᠯ ᠤᠨ ᠬᠥᠭᠵᠢᠯ ᠴᠡᠴᠡᠭᠯᠡᠯ ᠢᠶᠠᠷ ᠨᠥᠬᠦᠴᠡᠯ ᠪᠣᠯᠭᠠᠬᠤ ᠬᠡᠷᠡᠭᠲᠡᠢ︾᠂ ︽ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠵᠦ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠬᠦ ᠬᠡᠷᠡᠭᠲᠡᠢ︾ ᠁    ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶ᠎ᠠ ᠨᠢ ᠨᠠᠮ ᠪᠣᠯᠤᠨ ᠠᠷᠠᠳ ᠲᠦᠮᠡᠨ ᠢ ᠤᠳᠤᠷᠢᠳᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠦᠢᠯᠡᠳᠦᠯᠭᠡ ᠶᠢ ᠠᠬᠢᠭᠤᠯᠬᠤ ᠳᠤᠮᠳᠠ᠂ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠦ᠂ ᠮᠠᠨ ᠤ ᠤᠯᠤᠰ ᠤᠨ ᠰᠣᠶᠣᠯ ᠤᠨ ᠪᠠᠶᠢᠭᠤᠯᠤᠯᠲᠠ ᠶᠢᠨ ᠲᠡᠦᠬᠡᠲᠦ ᠴᠢᠨᠠᠷᠲᠠᠶ ᠠᠮᠵᠢᠯᠲᠠ ᠤᠯᠬᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠬᠤ ᠶᠢ ᠠᠬᠢᠭᠤᠯᠵᠠᠢ᠃    ᠶᠡᠷᠦᠩᠬᠡᠢ ᠱᠦᠵᠢ ᠰᠢ ᠶᠢᠨ ᠫᠢᠩ ᠳᠡᠯᠡᠬᠡᠢ ᠶᠢᠨ ᠬᠡᠪᠴᠢᠶᠡᠨ ᠳᠠᠬᠢ ᠦᠵᠡᠯ ᠰᠠᠨᠠᠭ᠎ᠠ ᠰᠣᠶᠣᠯ ᠤᠨ ᠬᠠᠷᠢᠯᠴᠠᠨ ᠳᠣᠯᠭᠢᠰᠤᠯ ᠪᠠ ᠮᠠᠨ ᠤ ᠤᠯᠤᠰ ᠤᠨ ᠨᠡᠶᠢᠭᠡᠮ ᠤᠨ ᠦᠵᠡᠯ ᠰᠠᠨᠠᠭ᠎ᠠ ᠣᠶᠢᠯᠠᠭᠠᠭᠳᠠᠬᠤᠨ ᠤ ᠭᠦᠨᠵᠡᠭᠡᠢ ᠬᠤᠪᠢᠷᠠᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠳᠤᠷᠠᠳᠤᠨ ᠭᠠᠷᠭᠠᠪᠠ᠂ ᠡᠨᠡ ᠪᠣᠯ ᠰᠢᠨ᠎ᠡ ᠴᠠᠭ ᠦᠶ᠎ᠡ ᠶᠢᠨ ᠨᠠᠮ ᠤᠨ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠮᠥᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠨ ᠲᠤᠤᠱᠯᠠᠭᠤᠯᠵᠤ᠂ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠳᠤᠷ ᠡᠭᠦᠷᠭᠡᠯᠡᠵᠦ᠂ ᠰᠢᠨ᠎ᠡ ᠲᠡᠦᠬᠡ ᠶᠢᠨ ᠭᠠᠷᠤᠭ᠎ᠠ ᠠᠴᠠ ᠰᠣᠶᠣᠯ ᠤᠨ ᠴᠡᠴᠡᠭᠯᠡᠯ ᠬᠥᠭᠵᠢᠯ ᠢ ᠦᠷᠭᠦᠯᠵᠢᠯᠡᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ᠃ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃     ᠶᠡᠷᠦᠩᠬᠡᠶ ᠱᠦᠵᠢ ᠰᠢ ᠶᠢᠨ ᠫᠢᠩ᠄ ︽ᠪᠢᠳᠡ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠬᠥᠮᠦᠨ ᠪᠣᠯᠬᠤ ᠢᠲᠡᠭᠡᠯ ᠵᠣᠷᠢᠭ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ ᠣᠳᠣᠬᠠᠨ ᠤ ᠳᠡᠯᠡᠬᠡᠶ ᠶᠢᠷᠲᠢᠨᠴᠦ ᠳᠤ᠂ ᠠᠯᠢ ᠨᠢᠭᠡ ᠲᠥᠷᠥ ᠶᠢᠨ ᠨᠠᠮ᠂ ᠠᠯᠢ ᠨᠢᠭᠡ ᠤᠯᠤᠰ᠂ ᠠᠯᠢ ᠨᠢᠭᠡ ᠦᠨᠳᠦᠰᠦᠲᠡᠨ ᠪᠡᠶ᠎ᠡ ᠳᠡᠭᠡᠨ ᠢᠲᠡᠭᠡᠯ ᠲᠠᠢ ᠪᠠᠶᠢᠳᠠᠭ ᠪᠣᠶ ᠭᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠂ ᠳᠤᠮᠳᠠᠳᠤ ᠶᠢᠨ ᠦᠨᠳᠦᠰᠦᠲᠡᠨ ᠪᠣᠯ ᠪᠡᠶ᠎ᠡ ᠳᠡᠭᠡᠨ ᠬᠠᠮᠤᠭ ᠠᠴᠠ ᠢᠯᠡᠭᠦᠦ ᠢᠲᠡᠭᠡᠯ ᠲᠠᠢ ᠪᠠᠶᠢᠳᠠᠭ᠃ 960 ᠭᠠᠷᠤᠢ ᠲᠦᠮᠡᠨ ᠲᠡᠭᠰᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠵᠣᠭᠰᠣᠵᠤ᠂ ᠳᠤᠮᠳᠠᠳᠤ ᠶᠢᠨ ᠦᠨᠳᠦᠰᠦᠲᠡᠨ ᠤ ᠤᠷᠳᠤ ᠤᠳᠠᠭᠠᠨ ᠲᠡᠮᠡᠴᠡᠯ ᠤᠨ ᠳᠤᠮᠳᠠ ᠬᠤᠷᠠᠮᠳᠤᠭᠤᠯᠤᠭᠰᠠᠨ ᠰᠣᠶᠣᠯ ᠤᠨ ᠰᠢᠮ᠎ᠡ ᠲᠡᠵᠢᠭᠡᠯ ᠢ ᠰᠢᠩᠭᠡᠭᠡᠵᠦ᠂ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠤᠭᠯᠠᠷᠠᠨ ᠨᠡᠶᠢᠯᠡᠭᠰᠡᠨ ᠰᠦᠷ ᠳᠠᠯᠠᠶᠢᠴᠠᠲᠠᠢ ᠬᠦᠴᠦᠨ ᠲᠠᠢ ᠪᠤᠯᠬᠤᠷ ᠪᠢᠳᠡ ᠥᠪᠡᠷ ᠤᠨ ᠵᠠᠮ ᠢᠶᠠᠷ ᠢᠶᠠᠨ ᠵᠠᠮᠨᠠᠬᠤ ᠶᠢ ᠪᠠᠷᠢᠮᠲᠠᠯᠠᠬᠤ ᠳᠤ ᠬᠢᠵᠠᠭᠠᠯᠠᠰᠢ ᠦᠭᠡᠢ ᠥᠷᠭᠡᠨ ᠠᠭᠤᠳᠠᠮ ᠲᠠᠪᠴᠠᠩ ᠲᠠᠢ᠂ ᠬᠢᠵᠠᠭᠠᠯᠠᠰᠢ ᠦᠭᠡᠢ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠲᠠᠢ᠂ ᠬᠢᠵᠠᠭᠠᠯᠠᠰᠢ ᠦᠭᠡᠢ ᠬᠦᠴᠦᠷᠬᠡᠭ ᠶᠡᠭᠡ ᠤᠷᠤᠭᠰᠢᠯᠠᠯᠲᠠ ᠶᠢᠨ ᠲᠣᠭᠲᠠᠯ ᠬᠦᠴᠦᠨ ᠲᠠᠢ ᠶᠤᠮ᠃ ᠰᠢᠨ᠎ᠡ ᠠᠶᠠᠨ ᠵᠠᠮ ᠳᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠲᠡᠦᠬᠡ ᠶᠢᠨ ᠦᠢᠯᠡᠳᠦᠯᠭᠡ ᠪᠣᠯᠤᠨ ᠤᠳᠤ ᠦᠶ᠎ᠡ ᠶᠢᠨ ᠦᠢᠯᠡᠳᠦᠯᠭᠡ ᠳᠤ ᠰᠠᠭᠤᠷᠢᠯᠠᠵᠤ᠂ ᠳᠤᠮᠳᠠᠳᠤ ᠤᠯᠤᠰ ᠤᠨ ᠶᠣᠰᠣ ᠵᠢᠷᠦᠮ ᠢᠶᠠᠷ ᠳᠤᠮᠳᠠᠳᠤ ᠤᠯᠤᠰ ᠤᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠳᠤᠮᠳᠠᠳᠤ ᠤᠯᠤᠰ ᠤᠨ ᠲᠤᠷᠰᠢᠯᠭ᠎ᠠ ᠶᠢ ᠳᠤᠮᠳᠠᠳᠤ ᠤᠯᠤᠰ ᠤᠨ ᠤᠨᠤᠯ ᠪᠣᠯᠭᠠᠨ ᠳᠡᠭᠡᠭᠰᠢᠯᠡᠭᠦᠯᠵᠦ᠂ ᠤᠶᠤᠨ ᠰᠠᠨᠠᠭᠠᠨ ᠤ ᠲᠠᠯ᠎ᠠ ᠪᠠᠷ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠡᠶᠡᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠦᠨᠳᠦᠰᠦ ᠬᠠᠳᠬᠤᠨ ᠰᠦᠭ ᠰᠦᠨᠡᠰᠦ ᠶᠢ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠬᠤ ᠬᠡᠷᠡᠭᠲᠡᠢ᠃    ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠪᠣᠯᠪᠠᠰᠤᠨ ᠡᠷᠲᠡᠨ ᠠᠴᠠ ᠪᠠᠨ ᠠᠪᠤᠭᠠᠳ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠪᠠᠷ ᠳᠡᠯᠡᠬᠡᠢ ᠳᠤ ᠠᠯᠳᠠᠷᠰᠢᠵᠤ᠂ ᠪᠤᠰᠤᠳ ᠪᠣᠯᠪᠠᠰᠤᠨ ᠯᠤᠭ᠎ᠠ ᠶᠢᠨ ᠰᠣᠯᠢᠯᠴᠠᠭ᠎ᠠ ᠲᠣᠯᠢᠯᠠᠯ ᠲᠤᠮᠳᠠ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ︾ ᠭᠡᠵᠦ ᠵᠢᠭᠠᠵᠤ ᠭᠠᠷᠭᠠᠪᠠ᠃ ᠳᠤᠮᠳᠠᠳᠤ ᠶᠢᠨ ᠪᠣᠯᠪᠠᠰᠤᠨ ᠨᠢ ᠤᠷᠳᠤ ᠬᠤᠭᠤᠴᠠᠭᠠᠨ ᠤ ᠬᠤᠪᠢᠰᠤᠯᠲᠠ ᠶᠢᠨ ᠶᠠᠪᠤᠴᠠ ᠳᠠᠭᠠᠨ ᠥᠷᠭᠡᠨ ᠳᠡᠯᠭᠡᠷ ᠭᠦᠨ ᠭᠦᠨᠵᠡᠭᠡᠢ ᠰᠢᠯᠢᠳᠡᠭ ᠤᠯᠠᠮᠵᠢᠯᠠᠯᠲᠤ ᠰᠣᠶᠣᠯ ᠢ ᠡᠭᠦᠳᠦᠨ ᠪᠦᠲᠦᠭᠡᠭᠰᠡᠨ ᠪᠦᠭᠡᠳ ᠪᠠᠰᠠ ᠤᠯᠠᠨ ᠤ ᠰᠠᠶᠢᠨᠳᠠᠢ ᠲᠠᠯ᠎ᠠ ᠶᠢ ᠥᠷᠭᠡᠨ ᠢᠶᠠᠷ ᠰᠢᠩᠭᠡᠭᠡᠨ ᠠᠪᠬᠤ ᠰᠣᠶᠣᠯ ᠤᠨ ᠢᠲᠡᠭᠡᠯ ᠢ ᠪᠤᠢ ᠪᠣᠯᠭᠠᠵᠠᠢ᠃ ᠳᠤᠮᠳᠠᠳᠤ ᠶᠢᠨ ᠰᠣᠶᠣᠯ ᠪᠣᠯ ᠲᠡᠦᠬᠡ ᠶᠢᠨ ᠬᠢ ᠮᠥᠷᠲᠡᠭᠡᠨ ᠤᠳᠤ ᠦᠶ᠎ᠡ ᠶᠢᠨ ᠬᠢ ᠶᠤᠮ᠂ ᠦᠨᠳᠦᠰᠦᠲᠡᠨ ᠤ ᠬᠢ ᠮᠥᠷᠲᠡᠭᠡᠨ ᠪᠠᠰᠠ ᠳᠡᠯᠡᠬᠡᠢ ᠶᠢᠨ ᠬᠢ ᠶᠤᠮ᠃ ᠥᠨᠥᠳᠦᠷ᠂ ᠪᠢᠳᠡ ᠲᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠳᠤ᠂ ᠨᠡᠩ ᠠᠭᠤᠳᠠᠮᠴᠢ ᠪᠠᠭᠲᠠᠭᠠᠮᠵᠢ ᠪᠠᠷ ᠡᠯ᠎ᠡ ᠤᠯᠤᠰ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢ ᠨᠡᠩ ᠥᠷᠭᠡᠨ ᠳᠡᠯᠭᠡᠷ ᠥᠷᠨᠢᠭᠦᠯᠵᠦ᠂ ᠳᠡᠯᠡᠬᠡᠢ ᠶᠢᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢᠯᠠᠬᠤ ᠬᠡᠷᠡᠭᠲᠡᠢ᠃ ᠰᠢᠨ᠎ᠡ ᠠᠶᠠᠨ ᠵᠠᠮ ᠳᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠤᠭ ᠢᠶᠠᠨ ᠮᠠᠷᠲᠠᠬᠤ ᠦᠭᠡᠢ᠂ ᠭᠠᠳᠠᠭᠠᠳᠤ ᠶᠢᠨ ᠬᠢ ᠶᠢ ᠰᠢᠩᠭᠡᠭᠡᠨ ᠠᠪᠬᠤ᠂ ᠢᠷᠡᠭᠡᠳᠦᠢ ᠳᠤ ᠬᠠᠨᠳᠤᠬᠤ ᠶᠢ ᠪᠠᠷᠢᠮᠲᠠᠯᠠᠵᠤ᠂ ᠵᠠᠯᠭᠠᠮᠵᠢᠯᠠᠬᠤ ᠳᠤᠮᠳᠠ ᠬᠤᠪᠢᠷᠠᠭᠤᠯᠵᠤ᠂ ᠰᠤᠷᠤᠯᠴᠠᠬᠤ ᠳᠤᠮᠳᠠ ᠳᠠᠪᠠᠯᠲᠠ ᠲᠠᠢ ᠪᠣᠯᠭᠠᠵᠤ᠂ ᠭᠠᠳᠠᠭᠠᠳᠤ ᠶᠢᠨ ᠰᠣᠶᠣᠯ ᠢ ᠣᠷᠣᠨ ᠨᠤᠲᠤᠭᠴᠢᠯᠠᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠢ ᠲᠠᠰᠤᠷᠠᠯᠲᠠ ᠦᠭᠡᠢ ᠪᠤᠶᠢᠵᠢᠭᠤᠯᠤᠨ ᠡᠭᠦᠳᠬᠦ ᠬᠡᠷᠡᠭᠲᠡᠢ᠃ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ᠂ ᠲᠥᠪ ᠶᠣᠰᠣ ᠶᠢ ᠰᠠᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ︽ᠲᠥᠪ ᠶᠣᠰᠣ ᠶᠢ ᠰᠠᠬᠢᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠳᠦᠯᠥᠨ ᠳᠠᠭᠠᠭᠤᠯᠵᠤ ᠴᠢᠳᠠᠨ᠎ᠠ︾᠃     ᠶᠡᠷᠦᠩᠬᠡᠢ ᠱᠦᠵᠢ ᠰᠢ ᠶᠢᠨ ᠫᠢᠩ᠄ ︽ᠪᠣᠯᠪᠠᠰᠤᠨ ᠨᠢᠭᠡᠪᠦᠷᠢ ᠨᠢ ᠴᠥᠮ ᠨᠢᠭᠡ ᠤᠯᠤᠰ ᠪᠠ ᠦᠨᠳᠦᠰᠦᠲᠡᠨ ᠤ ᠤᠶᠤᠨ ᠰᠠᠨᠠᠭᠠᠨ ᠤ ᠠᠮᠢᠨ ᠰᠤᠳᠠᠰᠤ ᠶᠢ ᠦᠷᠭᠦᠯᠵᠢᠯᠡᠭᠦᠯᠵᠦ ᠪᠠᠶᠢᠳᠠᠭ ᠠᠴᠠ ᠦᠶ᠎ᠡ ᠶᠢᠨ ᠦᠶ᠎ᠡ ᠳᠡᠭᠡᠨ ᠤᠯᠠᠮᠵᠢᠯᠠᠵᠤ᠂ ᠦᠶ᠎ᠡ ᠶᠢᠨ ᠦᠶ᠎ᠡ ᠳᠡᠭᠡᠨ ᠰᠠᠬᠢᠨ ᠬᠠᠮᠠᠭᠠᠯᠠᠬᠤ ᠴᠢᠬᠤᠯᠠᠲᠠᠢ ᠮᠥᠷᠲᠡᠭᠡᠨ ᠨᠡᠩ ᠴᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠴᠢᠬᠤᠯᠠᠲᠠᠢ ᠶᠤᠮ︾ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠨᠠᠮ ᠮᠠᠷᠺᠰ ᠤᠨ ᠦᠵᠡᠯ ᠤᠨ ᠭᠤᠤᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠂ ᠪᠦᠲᠦᠭᠡᠯᠴᠢ ᠪᠠᠷ ᠬᠤᠪᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠶᠢ ᠡᠭᠦᠳᠬᠦ ᠴᠢᠨᠠᠷᠲᠠᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠥᠭᠵᠢᠭᠦᠯᠪᠡ᠃ ᠰᠢᠨ᠎ᠡ ᠠᠶᠠᠨ ᠵᠠᠮ ᠳᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠬᠤ ᠪᠠ ᠮᠠᠷᠺᠰ ᠤᠨ ᠦᠵᠡᠯ ᠢ ᠬᠥᠭᠵᠢᠭᠦᠯᠬᠦ ᠶᠢ ᠨᠡᠩ ᠰᠠᠶᠢᠲᠤᠷ ᠨᠢᠭᠡᠳᠬᠡᠵᠦ᠂ ︽ᠬᠤᠶᠠᠷ ᠢ ᠤᠶᠠᠯᠳᠤᠭᠤᠯᠬᠤ︾ ᠶᠢ ᠦᠷᠭᠦᠯᠵᠢᠯᠡᠨ ᠠᠬᠢᠭᠤᠯᠵᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠵᠣᠷᠢᠭ ᠢᠶᠠᠷ ᠲᠡᠦᠬᠡ ᠰᠤᠶᠤᠯ ᠤᠨ ᠵᠠᠯᠭᠠᠮᠵᠢᠯᠠᠯ ᠢ ᠦᠷᠭᠦᠯᠵᠢᠯᠡᠭᠦᠯᠵᠦ᠂ ᠤᠳᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠳᠡᠭᠡᠳᠦ ᠬᠡᠮᠵᠢᠶᠡᠨ ᠤ ᠰᠣᠶᠣᠯ ᠤᠨ ᠢᠲᠡᠭᠡᠯ ᠦᠭᠡᠢ᠂ ᠰᠣᠶᠣᠯ ᠤᠨ ᠴᠡᠴᠡᠭᠯᠡᠯ ᠬᠥᠭᠵᠢᠯ ᠦᠭᠡᠢ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠶᠢᠨ ᠫᠢᠩ ᠄ ︽ᠳᠤᠮᠳᠠᠳᠤ ᠶᠢᠨ ᠦᠨᠳᠦᠰᠦᠲᠡᠨ ᠥᠨᠢ ᠤᠳᠠᠭᠠᠨ ᠲᠡᠦᠬᠡ ᠲᠠᠢ ᠳᠤᠮᠳᠠᠳᠤ ᠶᠢᠨ ᠰᠣᠶᠣᠯ ᠢ ᠡᠭᠦᠳᠦᠨ ᠪᠦᠲᠦᠭᠡᠭᠰᠡᠨ ᠶᠤᠮ᠂ ᠳᠤᠮᠳᠠᠳᠤ ᠶᠢᠨ ᠦᠨᠳᠦᠰᠦᠲᠡᠨ ᠪᠠᠰᠠ ᠳᠤᠮᠳᠠᠳᠤ ᠶᠢᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠯᠠᠪᠲᠠᠢ ᠡᠭᠦᠳᠦᠨ ᠪᠦᠲᠦᠭᠡᠵᠦ ᠴᠢᠳᠠᠬᠤ ᠶᠤᠮ︾ ᠭᠡᠵᠦ ᠵᠢᠭᠠᠵᠤ ᠭᠠᠷᠭᠠᠪᠠ᠃ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ ᠂ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠰᠤᠶᠤᠯ ᠢᠶᠠᠷ ᠦᠢᠯᠡᠰ ᠢᠶᠠᠨ ᠮᠠᠨᠳᠤᠭᠤᠯᠵᠤ᠂ ᠰᠣᠶᠣᠯ ᠤᠨ ᠪᠠᠶᠢᠭᠤᠯᠤᠯᠳᠠ ᠪᠠᠷ ᠰᠠᠭᠤᠷᠢ ᠪᠤᠯᠭᠠᠵᠤ᠂ ᠰᠤᠶᠤᠯ ᠢᠶᠠᠷ ᠡᠷᠴᠢ ᠵᠤᠷᠢᠭ ᠢᠶᠠᠨ ᠬᠦᠪᠴᠢᠯᠡᠵᠦ᠂ ᠰᠤᠶᠤᠯ ᠢᠶᠠᠷ ᠰᠦᠭ ᠰᠦᠨᠡᠰᠦ ᠶᠢ ᠱᠤᠭᠤᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠵᠤᠷᠢᠭ ᠰᠠᠨᠠᠭᠠᠨ ᠤ ᠬᠦᠴᠦᠨ ᠢᠶᠠᠨ ᠬᠦᠭᠵᠢᠭᠡᠵᠦ᠂ ᠨᠠᠩ ᠢᠳᠡᠪᠬᠢᠲᠡᠶ ᠲᠡᠦᠬᠡᠨ ᠡᠭᠦᠷᠭᠡᠯᠡᠯ ᠢ ᠢᠯᠡᠷᠡᠭᠦᠯᠪᠡᠯ ᠪᠢᠳᠡ ᠯᠠᠪᠲᠠᠶ ᠰᠣᠶᠣᠯ ᠤᠨ ᠰᠢᠨ᠎ᠡ ᠡᠭᠦᠷᠭᠡ ᠶᠢ ᠨᠠᠩ ᠰᠠᠶᠢᠳᠤᠷ ᠡᠭᠦᠷᠭᠡᠯᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠬᠦᠨ ᠵᠤᠵᠠᠭᠠᠨ ᠶᠤᠰᠤ ᠮᠤᠷᠠᠯ ᠬᠠᠳᠠᠭᠠᠯᠠᠬᠰᠠᠨ ᠰᠣᠶᠣᠯ ᠤᠨ ᠡᠭᠦᠳᠦᠯᠲᠡ ᠪᠠᠷ ᠳᠤᠮᠳᠠᠳᠤ ᠶᠢᠨ ᠰᠣᠶᠣᠯ ᠤᠨ ᠰᠢᠨ᠎ᠡ ᠬᠢᠯᠠᠯᠵᠠᠬᠰᠠᠨ ᠠᠮᠵᠢᠯᠲᠠ ᠪᠦᠳᠦᠮᠵᠢ ᠶᠢ ᠤᠯᠵᠤ᠂ ᠰᠣᠶᠣᠯ ᠤᠨ ᠴᠡᠴᠡᠭᠯᠡᠯ ᠬᠥᠭᠵᠢᠯ ᠳᠤᠮᠳᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ ᠴᠢᠳᠠᠨ᠎ᠠ᠃            
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号