| | 5 ᠰᠠᠷ᠎ᠠ ᠶᠢᠨ 25 ᠤ ᠡᠳᠦᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠤᠯᠠᠮ ᠨᠢᠭᠡ ᠠᠯᠬᠤᠮ ᠪᠠᠲᠤᠳᠬᠠᠵᠤ᠂ ᠦᠨᠳᠦᠰᠦᠲᠡᠨ ᠤ ᠪᠦᠯᠬᠦᠮᠳᠡᠯ ᠨᠢᠭᠡ ᠬᠡᠷ ᠤᠨ ᠬᠥᠮᠦᠨ ᠮᠡᠲᠦ ᠳᠣᠲᠣᠨᠣ | ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠪᠣᠳᠠᠲᠠᠶ ᠪᠣᠶ ᠪᠣᠯᠭᠠᠬᠤ ᠶᠢᠨ ᠲᠥᠯᠥᠭᠡ᠂ ᠬᠤᠰᠢᠭᠤᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠢᠭᠡᠳ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠰᠦᠮ᠎ᠡ ᠲᠠᠢ ᠰᠤᠭᠤ | ᠭᠠᠴᠠᠭ᠎ᠠ ᠳᠤ ᠬᠦᠷᠴᠦ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ | ᠥᠷᠨᠢᠭᠦᠯᠪᠡ᠃ | | | | | | ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠢᠭᠡᠳ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠪᠠᠷ ᠭᠤᠤᠯ ᠠᠭᠤᠯᠭ᠎ᠠ ᠪᠣᠯᠭᠠᠵᠤ᠂ ᠶᠠᠷᠢᠯᠴᠠᠬᠤ | ᠬᠤᠷᠠᠯ ᠤᠨ ᠬᠡᠯᠪᠡᠷᠢ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠤ ᠺᠠᠳ᠋ᠷ᠂ ᠲᠣᠰᠬᠤᠨ ᠤ ᠠᠷᠠᠳ ᠲᠤ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ | ︾ ᠤᠨ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠷᠬᠠᠭᠠᠬᠤ ᠶᠢᠨ ᠬᠠᠮᠲᠤ ᠲᠥᠬᠦᠮ ᠣᠶᠢᠯᠠᠭᠠᠮᠵᠢᠲᠠᠶ ᠦᠭᠡ | ᠬᠡᠯᠡ ᠪᠠᠷ ᠲᠦᠷᠢᠮ ᠤᠨ ᠠᠭᠤᠯᠭ᠎ᠠ ᠳᠤ ᠤᠯᠠᠮ ᠨᠢᠭᠡ ᠠᠯᠬᠤᠮ ᠲᠠᠶᠢᠯᠤᠮᠵᠢ ᠬᠢᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠨᠠᠮ ᠪᠠ ᠤᠯᠤᠰ ᠤᠨ ᠦᠨᠳᠦᠰᠦᠲᠡᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ | ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠵᠤ᠂ ᠦᠨᠳᠦᠰᠦᠲᠡᠨ ᠤ | ᠲᠥᠷᠥ ᠶᠢᠨ ᠪᠣᠳᠣᠯᠭ᠎ᠠ᠂ ᠦᠨᠳᠦᠰᠦᠲᠡᠨ ᠤ ᠬᠠᠷᠢᠴᠠᠭ᠎ᠠ᠂ ᠦᠨᠳᠦᠰᠦᠲᠡᠨ ᠤ ᠮᠡᠳᠡᠯᠭᠡ ᠶᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠭᠠᠴᠠᠭ᠎ᠠ ᠲᠣᠰᠬᠤᠨ ᠤ ᠦᠨᠳᠦᠰᠦᠲᠡᠨ ᠨᠦᠭᠦᠳ ᠤᠨ ᠲᠣᠰᠬᠤᠨ ᠤ ᠠᠷᠠᠳ ᠤᠨ | ᠡᠶ᠎ᠡ ᠵᠣᠬᠢᠴᠠᠩᠭᠤᠶ ᠬᠥᠭᠵᠢᠯᠲᠡ᠂ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ | ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠶ ᠪᠣᠯᠭᠠᠪᠠ᠃ | ᠡᠭᠦᠨ ᠤ ᠬᠠᠮᠲᠤ᠂ ᠤᠯᠠᠭᠠᠨ ᠵᠠᠭᠠᠯᠮᠠᠶᠢᠲᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠠᠭᠠᠨ | ᠵᠠᠭᠠᠯᠮᠠᠶᠢᠲᠠᠨ ᠤ ᠪᠠᠭᠰᠢ ᠨᠠᠷ ᠭᠠᠴᠠᠭ᠎ᠠ ᠲᠣᠰᠬᠤᠨ ᠤ ᠡᠯ᠎ᠡ ᠦᠨᠳᠦᠰᠦᠲᠡᠨ ᠤ ᠲᠣᠰᠬᠤᠨ ᠤ ᠠᠷᠠᠳ ᠲᠤ ᠪᠠᠰᠠ | ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠥᠷᠨᠢᠭᠦᠯᠵᠦ᠂ | ᠪᠣᠭᠤᠳᠠᠯᠯᠠᠬᠤ᠂ ᠵᠢᠷᠦᠬᠡ ᠠᠭᠤᠰᠬᠢᠨ ᠤ ᠰᠡᠷᠭᠦᠭᠡᠯᠲᠡ ᠵᠡᠷᠭᠡ ᠮᠡᠳᠡᠯᠭᠡ ᠶᠢᠨ ᠴᠢᠬᠤᠯᠠ ᠵᠦᠢᠯ ᠪᠠ ᠭᠤᠤᠯᠳᠠᠯᠭ᠎ᠠ ᠶᠢ | ᠨᠠᠷᠢᠨ ᠲᠠᠶᠢᠯᠪᠤᠷᠢᠯᠠᠵᠤ᠂ ᠭᠠᠴᠠᠭ᠎ᠠ ᠲᠣᠰᠬᠤᠨ ᠤ ᠠᠷᠠᠳ ᠢ ᠬᠠᠪᠰᠤᠷᠤᠨ ᠡᠷᠡᠭᠦᠯ ᠮᠡᠨᠳᠦ ᠶᠢᠨ ᠪᠠᠴᠢᠮ ᠪᠠᠶᠢᠳᠠᠯ ᠢ | ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠦᠨᠳᠦᠰᠦᠲᠡᠨ ᠤ ᠲᠣᠰᠬᠤᠨ ᠤ ᠠᠷᠠᠳ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ | | |