| ᠮᠤᠳᠤᠳᠤ ᠰᠤᠮᠤ ᠶᠢᠨ ᠭᠤᠤᠯ ᠰᠤᠷᠭᠠᠭᠤᠯᠢ 2023 ᠣᠨ ᠤ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ | ᠪᠠᠶᠢᠭᠤᠯᠬᠤ︾ ᠭᠤᠤᠯ ᠰᠡᠳᠦᠪ ᠤᠨ ᠲᠣᠭᠤᠷᠢᠨ ᠳᠤ ᠤᠯᠤᠰ ᠤᠨ ᠲᠤᠭ ᠤᠨ ᠳᠣᠤᠷᠠᠬᠢ ᠶᠠᠷᠢᠶ᠎ᠠ ᠢᠯᠡᠳᠬᠡᠯ ᠂ | ᠭᠤᠤᠯ ᠰᠡᠳᠦᠪᠲᠦ ᠠᠩᠭᠢ ᠶᠢᠨ ᠬᠤᠷᠠᠯ ᠢ ᠠᠰᠢᠬᠯᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠰᠤᠷᠤᠯᠴᠠᠭᠰᠠᠨ ᠪᠥᠭᠡᠳ ᠲᠣᠰ | ᠲᠦᠷᠢᠮ ᠤᠨ ᠲᠤᠬᠠᠶ ᠣᠯᠤᠯᠲᠠ ᠲᠥᠷᠥᠭᠳᠡᠯ ᠢᠶᠠᠨ ᠪᠢᠴᠢᠪᠡ᠃ | | | | ᠡᠯ᠎ᠡ ᠠᠩᠭᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠠᠶᠢᠭᠤᠯᠬᠤ︾ ᠭᠤᠤᠯ ᠰᠡᠳᠦᠪᠲᠦ | ᠠᠩᠭᠢ ᠶᠢᠨ ᠬᠤᠷᠠᠯ ᠥᠷᠨᠢᠭᠦᠯᠪᠡ᠃ | | | | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠪᠠᠭᠰᠢ ᠰᠤᠷᠤᠭᠴᠢᠳ ᠲᠤ ᠦᠨᠳᠦᠰᠦᠲᠡᠨ ᠤ | ᠪᠦᠯᠬᠦᠮᠳᠡᠯ ᠢ ᠬᠠᠮᠠᠭᠠᠯᠠᠬᠤ ᠪᠣᠯ ᠨᠡᠶᠢᠭᠡᠮ ᠤᠨ ᠠᠮᠤᠷ ᠲᠣᠭᠲᠠᠭᠤᠨ᠂ ᠤᠯᠤᠰ ᠣᠷᠣᠨ ᠤ ᠬᠥᠭᠵᠢᠯ ᠴᠡᠴᠡᠭᠯᠡᠯ ᠪᠠ | ᠦᠨᠳᠦᠰᠦᠲᠡᠨ ᠤ ᠲᠠᠪᠰᠢᠯᠳᠠ ᠬᠥᠭᠵᠢᠯ ᠪᠠᠳᠠᠷᠠᠯ ᠤᠨ ᠴᠢᠬᠤᠯᠠ ᠨᠥᠬᠦᠴᠡᠯ᠂ ᠦᠨᠳᠦᠰᠦᠳᠡᠨ ᠤ ᠪᠦᠯᠬᠦᠮᠳᠡᠯ ᠢ | ᠬᠠᠮᠠᠭᠠᠯᠠᠬᠤ ᠪᠣᠯ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢᠨ ᠤᠷᠢᠲᠠᠯ ᠂ ᠡᠬᠡ | ᠤᠯᠤᠰ ᠤᠨ ᠨᠢᠭᠡᠳᠦᠯ ᠤᠨ ᠰᠠᠭᠤᠷᠢ ᠮᠥᠨ᠃ ᠦᠨᠳᠦᠰᠦᠲᠡᠨ ᠤ ᠪᠦᠯᠬᠦᠮᠳᠡᠯ ᠪᠣᠯ ᠨᠡᠶᠢᠭᠡᠮ ᠵᠢᠷᠤᠮ ᠤᠨ | ᠨᠡᠶᠢᠭᠡᠮ ᠤᠨ ᠬᠥᠭᠵᠢᠯᠲᠡ ᠳᠠᠪᠰᠢᠯᠲᠠ ᠶᠢᠨ ᠴᠢᠬᠤᠯᠠ ᠤᠷᠢᠲᠠᠯ ᠪᠠ ᠴᠢᠬᠤᠯᠠ ᠠᠴᠢ ᠬᠤᠯᠪᠣᠭᠳᠠᠯ ᠪᠣᠯᠤᠨ᠎ᠠ ᠭᠡᠳᠡᠭ | ᠢ ᠲᠠᠨᠢᠭᠤᠯᠵᠥ᠂ ᠪᠦᠬᠦ ᠰᠤᠷᠭᠠᠭᠤᠯᠢ ᠳᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ | ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ᠃ | | | | | | |