ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠶᠢᠨ ᠰᠤᠯᠠ ᠠᠵᠢᠯ ᠤᠨ ᠵᠠᠬ᠎ᠠ ᠲᠡᠯᠭᠡᠬᠦᠷ ᠢ ᠡᠬᠢᠯᠡᠵᠥ ᠠᠵᠢᠯᠯᠠᠭᠤᠯᠬᠤ ᠠᠯᠪᠠᠨ ᠵᠠᠷ
ᠨᠡᠶᠢᠲᠡᠯᠡᠭᠰᠡᠨ ᠴᠠᠭ᠄
2023/6/20
ᠬᠤᠲᠠ ᠬᠥᠳᠡᠭᠡ ᠶᠢᠨ ᠥᠷᠭᠡᠨ ᠣᠯᠠᠨ ᠬᠦᠳᠡᠯᠮᠦᠷᠢᠯᠡᠭᠴᠢ᠂ ᠠᠵᠢᠯᠴᠢᠨ ᠬᠡᠷᠡᠭᠯᠡᠬᠦ ᠭᠤᠣᠯ ᠴᠣᠭᠴᠠ ᠳᠤ᠄       ᠬᠤᠲᠠ ᠤᠷᠤᠵᠥ  ︽ᠰᠤᠯᠠ ᠠᠵᠢᠯ  ᠡᠷᠢᠭᠰᠡᠳ  ︾   ᠤᠨ ᠠᠵᠢᠯ ᠬᠦᠯᠢᠶᠡᠬᠦ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠬᠤᠲᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂  ᠬᠦᠯᠦᠰᠯᠡᠵᠥ ᠬᠦᠯᠦᠰᠯᠡᠭᠳᠡᠬᠦ ᠬᠤᠶᠠᠷ ᠡᠳᠡᠭᠡᠳ ᠢ ᠨᠠᠷᠢᠯᠢᠭ ᠣᠨᠣᠴᠠᠲᠠᠶ ᠪᠠᠷ ᠵᠤᠯᠭᠠᠭᠤᠯᠤᠨ᠂ ᠠᠵᠢᠯᠴᠢᠨ ᠡᠯᠰᠡᠬᠦ ᠪᠠ ᠠᠵᠢᠯ ᠣᠯᠭᠤᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯᠴᠢᠨ ᠬᠡᠷᠡᠭᠯᠡᠬᠦ ᠭᠤᠤᠯ ᠴᠣᠭᠴᠠ ᠪᠠ ᠬᠦᠳᠡᠯᠮᠦᠷᠢᠯᠡᠭᠴᠢ ᠬᠤᠶᠠᠷ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ  ᠡᠨᠡ ᠵᠢᠯ ᠤᠨ 5 ᠰᠠᠷ᠎ᠠ ᠳᠤ ᠨᠢᠭᠡ ︽ᠰᠤᠯᠠ ᠠᠵᠢᠯ ᠤᠨ ᠵᠠᠬ᠎ᠠ ᠳᠡᠯᠭᠡᠭᠦᠷ︾ ᠢ ᠥᠭᠡᠷᠡᠴᠢᠯᠡᠨ ᠪᠠᠶᠢᠭᠤᠯᠵᠤ᠂ ᠨᠢᠭᠡᠨᠲᠡ ᠠᠰᠢᠭᠯᠠᠯᠲᠠ ᠳᠤ ᠣᠷᠣᠭᠤᠯᠪᠠ᠃ ︽ᠲᠦᠩᠯᠢᠶᠣᠤ ᠶᠢᠨ ᠰᠤᠯᠠ ᠠᠵᠢᠯᠴᠢᠨ︾ ᠤ ᠸᠢᠴᠠᠲ  ᠤᠨ ᠳ᠋ᠤᠭᠠᠷ ᠢ ᠴᠤᠬᠠᠭᠠᠷ ᠰᠦᠯᠵᠢᠶᠡᠨ ᠳᠤ ᠭᠠᠷᠭᠠᠵᠤ᠂   ᠠᠵᠢᠯ ᠡᠷᠢᠭᠰᠡᠳ ᠠᠳᠡ ᠠᠴᠠ ᠨᠡᠩ ᠤᠯᠠᠨ ᠠᠵᠢᠯ  ᠤᠨ ᠪᠠᠶᠢᠷᠢ ᠣᠯᠵᠤ ᠪᠣᠯᠤᠨ᠎ᠠ᠂ ᠠᠵᠢᠯᠴᠢᠨ ᠬᠡᠷᠡᠭᠯᠡᠬᠦ  ᠲᠠᠯ᠎ᠠ   ᠶᠢᠨ ᠬᠢᠨᠢ ᠪᠠᠰᠠ  ᠲᠠᠪᠴᠠᠩ   ᠢᠶᠠᠷ ᠳᠠᠮᠵᠢᠭᠤᠯᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠦ ᠪᠣᠯᠤᠨ᠎ᠠ᠃ ᠡᠳᠦᠭᠡ ᠬᠤᠯᠪᠣᠭᠳᠠᠯ ᠪᠥᠬᠦᠶ ᠡᠬᠢᠯᠡᠵᠦ ᠬᠡᠷᠡᠭᠯᠡᠬᠦ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄     ᠰᠤᠯᠠ ᠠᠵᠢᠯ ᠤᠨ ᠵᠠᠬ᠎ᠠ ᠳᠡᠯᠭᠡᠭᠦᠷ ᠤᠨ ᠬᠠᠶ᠋ᠢᠭ᠄ ᠭᠠᠨᠵᠤᠭ᠎ᠠ ᠪᠠᠯᠭᠠᠰᠤᠨ ᠤ 304 ᠤᠯᠤᠰ ᠤᠨ ᠵᠠᠮ ᠤᠨ ᠵᠡᠭᠦᠨ ᠲᠠᠯ᠎ᠠ᠂ ᠲᠦᠩᠯᠢᠶᠣᠤ ᠶᠢᠨ ᠳᠠᠬᠢᠯᠲᠠ ᠲᠡᠮᠦᠷᠯᠢᠭ ᠤᠨ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠬᠦᠷᠢᠶᠡᠨ ᠳᠤ︔ ᠬᠠᠷᠢᠯᠴᠠᠬᠤ ᠤᠲᠠᠰᠤ᠄ 0475-6358585      ᠵᠠᠬ᠎ᠠ ᠳᠡᠯᠭᠡᠭᠦᠷ ᠨᠡᠭᠡᠭᠡᠬᠦ ᠴᠠᠭ᠄ ᠵᠤᠨ ᠤ ᠤᠯᠠᠷᠢᠯ᠄ 5᠄ 00-17᠄ 00᠂     ᠡᠪᠦᠯ ᠤᠨ ᠤᠯᠠᠷᠢᠯ 6᠄ 00-16᠄ 00     ᠰᠤᠯᠠ ᠠᠵᠢᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠬᠡᠪᠴᠢᠶ᠎ᠡ᠄  ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯᠴᠢᠨ ᠬᠡᠷᠡᠭᠯᠡᠬᠦ ᠠᠵᠢᠯ ᠡᠷᠢᠬᠦ ᠳᠡᠩᠰᠡᠯᠡᠯᠲᠡ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠦᠢᠯᠡᠴᠢᠯᠡᠭᠡ᠂ ᠬᠥᠳᠡᠯᠮᠦᠷᠢ ᠦᠢᠯᠡᠴᠢᠯᠡᠭᠡᠨ ᠤ ᠡᠷᠬᠡ ᠪᠠᠨ ᠬᠠᠮᠠᠭᠠᠯᠠᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠤᠩᠬᠤᠪᠴᠢ ᠲᠠᠢ  ︔  ᠰᠤᠯᠠ ᠠᠵᠢᠯ ᠡᠷᠢᠭᠴᠢ ᠬᠦᠯᠢᠶᠡᠭᠴᠢ᠂ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ᠂ ᠪᠡᠶ᠎ᠡ ᠪᠠᠨ ᠳᠠᠭᠠᠭᠠᠵᠤ ᠵᠥᠪᠳᠡᠯᠴᠡᠵᠦ ᠶᠠᠷᠢᠯᠴᠠᠬᠤ ᠲᠣᠭᠤᠷᠢᠭ ᠵᠡᠷᠭᠡ ᠴᠢᠳᠠᠮᠵᠢ ᠲᠠᠢ︔  ᠰᠦᠢᠳᠬᠡᠯ ᠬᠤᠷᠢᠶᠠᠬᠤ ᠥᠬᠡᠶ ᠪᠠᠷ ᠣᠯᠠᠨ ᠲᠦᠮᠡᠨ ᠳᠤ ᠬᠠᠯᠠᠭᠤᠨ ᠤᠰᠤ᠂ ᠲᠦᠷ ᠴᠠᠭ ᠴᠠᠬᠢᠯᠭᠠᠨ ᠴᠡᠨᠡᠭᠯᠡᠬᠦ᠂ ᠠᠵᠢᠯ ᠬᠦᠯᠢᠶᠡᠵᠦ ᠠᠮᠠᠷᠠᠬᠤ ᠵᠢᠴᠢ ᠡᠷᠬᠡ ᠠᠰᠢᠭ ᠢ ᠬᠠᠮᠠᠭᠠᠯᠠᠬᠤ ᠵᠡᠷᠭᠡ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号