| | 1. ᠥᠨᠳᠥᠷ ᠬᠦᠴᠦᠯᠡᠴᠡ ᠲᠠᠢ ᠪᠡᠶ᠎ᠡ ᠶᠢᠨ ᠲᠠᠮᠢᠷ ᠪᠤᠶᠤ ᠣᠶᠣᠨ ᠤ ᠬᠥᠳᠡᠯᠭᠡᠭᠡᠨ ᠬᠢᠭᠰᠡᠨ ᠤ ᠳᠠᠷᠠᠭ᠎ᠠ᠄ | ᠰᠢᠷᠦᠭᠦᠨ ᠬᠥᠳᠡᠯᠭᠡᠭᠡᠨ ᠬᠢᠭᠰᠡᠨ ᠤ ᠳᠠᠷᠠᠭ᠎ᠠ᠂ ᠴᠢᠰᠤᠨ ᠤ ᠡᠷᠭᠢᠯᠲᠡ ᠢᠳᠡᠪᠬᠢ ᠪᠠᠶᠢᠳᠠᠯ ᠳᠤ ᠣᠷᠣᠰᠢᠵᠤ ᠪᠠᠶᠢᠳᠠᠭ | ᠪᠤᠯᠬᠤᠷ ᠪᠠᠷᠢᠨ ᠲᠤᠤᠷ᠎ᠠ ᠪᠠᠨ ᠪᠡᠶ᠎ᠡ ᠪᠠᠨ ᠤᠬᠢᠶᠠᠪᠠᠯ ᠵᠢᠷᠦᠬᠡ ᠪᠠ ᠴᠢᠰᠤᠨ ᠰᠤᠳᠠᠯ ᠤᠨ ᠳᠠᠷᠤᠭᠠᠰᠤ ᠶᠢ | ᠬᠦᠨᠳᠦᠷᠡᠭᠦᠯᠳᠡᠭ᠂ ᠢᠯᠠᠩᠭᠤᠶ᠎ᠠ ᠬᠦᠢᠲᠡᠨ ᠤᠰᠤ ᠪᠠᠷ ᠪᠡᠶ᠎ᠡ ᠪᠠᠨ ᠤᠬᠢᠶᠠᠵᠤ ᠪᠣᠯᠬᠤ ᠦᠭᠡᠢ᠃ | 2. ᠴᠠᠳᠳᠠᠯ᠎ᠠ ᠢᠳᠡᠭᠰᠡᠨ ᠤ ᠲᠠᠷᠠᠭ᠎ᠠ ᠪᠤᠶᠤ ᠥᠯᠥᠨ ᠪᠠᠶᠢᠬᠤ ᠦᠶ᠎ᠡ ᠳᠤ᠄ ᠴᠠᠳᠲᠠᠯ᠎ᠠ ᠢᠳᠡᠭᠰᠡᠨ ᠤ ᠳᠠᠷᠠᠭ᠎ᠠ | ᠂ ᠪᠡᠶ᠎ᠡ ᠶᠢᠨ ᠳᠣᠲᠣᠷᠠᠬᠢ ᠴᠢᠰᠤ ᠭᠤᠣᠯᠳᠠᠭᠤ ᠰᠢᠩᠭᠡᠭᠡᠯᠲᠡ ᠶᠢᠨ ᠰᠢᠰᠲ᠋ᠧᠮ ᠳᠤ ᠲᠥᠪᠯᠡᠷᠡᠳᠡᠭ᠂ ᠡᠨᠡ ᠦᠶ᠎ᠡ ᠳᠤ | ᠪᠡᠶ᠎ᠡ ᠤᠬᠢᠶᠠᠪᠠᠯ᠂ ᠡᠷᠭᠢᠨ ᠲᠣᠭᠤᠷᠢᠨ ᠤ ᠴᠢᠰᠤᠨ ᠰᠤᠳᠠᠯ ᠲᠡᠯᠡᠭᠳᠡᠨ᠂ ᠰᠢᠩᠭᠡᠭᠡᠯᠲᠡ ᠶᠢᠨ ᠰᠢᠰᠲ᠋ᠧᠮ ᠤᠨ ᠴᠢᠰᠤᠨ | ᠡᠷᠭᠢᠯᠲᠡ ᠶᠢ ᠬᠠᠷᠢᠴᠠᠩᠭᠤᠶ ᠪᠠᠷ ᠪᠠᠭᠠᠰᠬᠠᠵᠤ᠂ ᠰᠢᠩᠭᠡᠭᠡᠯᠲᠡ ᠶᠢ ᠠᠮᠠᠷᠬᠠᠨ ᠮᠠᠭᠤᠳᠠᠭᠤᠯᠤᠨ᠎ᠠ᠃ ᠥᠯᠥᠨ ᠪᠠᠶᠢᠬᠤ | ᠦᠶ᠎ᠡ ᠳᠤ᠂ ᠪᠡᠶ᠎ᠡ ᠶᠢᠨ ᠳᠣᠲᠣᠷᠠᠬᠢ ᠴᠢᠰᠤᠨ ᠰᠢᠬᠢᠷ ᠤᠨ ᠬᠡᠮᠵᠢᠶ᠎ᠡ ᠬᠠᠷᠢᠴᠠᠩᠭᠤᠢ ᠪᠠᠷ ᠨᠡᠯᠢᠶᠡᠳ ᠲᠣᠣᠷ᠎ᠠ ᠪᠠᠶᠢᠳᠠᠭ | ᠂ ᠬᠡᠷᠪᠡ ᠪᠡᠶ᠎ᠡ ᠤᠬᠢᠶᠠᠬᠤ ᠳᠤ ᠬᠦᠷᠪᠡᠯ ᠠᠷᠠᠰᠤᠨ ᠤ ᠨᠡᠬᠡᠳᠡᠰᠦ ᠤᠷᠤᠭᠤ ᠤᠷᠤᠰᠬᠤ ᠴᠢᠰᠤ ᠨᠡᠮᠡᠭᠳᠡᠨ᠂ ᠲᠠᠷᠢᠬᠢᠨ ᠤ | ᠬᠡᠰᠡᠭ ᠤᠨ ᠴᠢᠰᠤᠨ ᠤ ᠬᠡᠮᠵᠢᠶ᠎ᠡ ᠪᠠᠭᠠᠰᠴᠤ᠂ ᠮᠠᠨᠠᠷᠠᠬᠤ ᠵᠡᠷᠭᠡ ᠭᠡᠨᠡᠳᠲᠡ ᠶᠢᠨ ᠠᠶᠤᠯ ᠢ ᠡᠭᠦᠰᠭᠡᠵᠦ ᠮᠡᠳᠡᠨ᠎ᠡ᠃ | 3. ᠠᠷᠢᠬᠢ ᠤᠤᠭᠤᠭᠰᠠᠨ ᠤ ᠳᠠᠷᠠᠭ᠎ᠠ᠄ ᠠᠷᠢᠬᠢᠨ ᠳᠤ ᠰᠣᠭᠲᠣᠪᠠᠯ ᠬᠥᠮᠦᠨ ᠤ ᠪᠡᠶ᠎ᠡ ᠶᠢᠨ ᠲᠡᠩᠴᠡᠭᠦᠷᠢ ᠶᠢ | ᠠᠯᠳᠠᠭᠤᠯᠳᠠᠭ᠂ ᠡᠶᠢᠮᠦ ᠠᠴᠠ ᠭᠠᠵᠠᠷ ᠨᠢ ᠬᠦᠯᠢᠭᠡᠷ ᠮᠦᠷᠳᠡᠭᠡᠨ ᠴᠢᠬᠢᠭᠯᠢᠭ ᠤᠬᠢᠶᠠᠯᠭ᠎ᠠ ᠶᠢᠨ ᠭᠡᠷ ᠲᠤ ᠪᠡᠶ᠎ᠡ | ᠤᠬᠢᠶᠠᠪᠠᠯ ᠠᠮᠠᠷᠬᠠᠨ ᠬᠠᠯᠳᠤᠷᠢᠵᠦ ᠤᠨᠠᠨ᠎ᠠ᠃ | 4. ᠴᠢᠰᠤᠨ ᠳᠠᠷᠤᠯᠲᠠ ᠳᠣᠣᠷ᠎ᠠ ᠪᠤᠶᠤ ᠴᠢᠰᠤᠨ ᠰᠢᠬᠢᠷ ᠳᠣᠣᠷ᠎ᠠ ᠦᠶ᠎ᠡ ᠳᠤ᠄ ᠴᠢᠰᠤᠨ ᠳᠠᠷᠤᠯᠲᠠ ᠳᠣᠣᠷ᠎ᠠ᠂ | ᠴᠢᠰᠤᠨ ᠰᠢᠬᠢᠷ ᠳᠣᠣᠷ᠎ᠠ ᠦᠶ᠎ᠡ ᠳᠤ ᠪᠤᠶᠤ ᠡᠰᠡᠬᠦᠯ᠎ᠡ ᠲᠦᠢᠯ ᠢᠶᠠᠷ ᠶᠠᠳᠠᠷᠠᠵᠦ ᠵᠦᠳᠡᠷᠡᠭᠰᠡᠨ ᠦᠶ᠎ᠡ ᠳᠤ ᠪᠡᠶ᠎ᠡ ᠪᠠᠨ | ᠤᠬᠢᠶᠠᠪᠠᠯ᠂ ᠬᠦᠴᠢᠯᠲᠥ᠋ᠷᠥᠭᠴᠢ ᠳᠤᠲᠠᠭᠰᠠᠨ ᠠᠴᠠ ᠪᠣᠯᠵᠤ ᠠᠮᠠᠷᠬᠠᠨ ᠲᠣᠯᠣᠭᠠᠢ ᠡᠷᠭᠢᠬᠦ ᠪᠤᠶᠤ ᠮᠠᠨᠠᠷᠠᠨ᠎ᠠ᠃ ᠵᠠᠪᠠᠯ | ᠤᠬᠢᠶᠠᠬᠤ ᠴᠢᠬᠤᠯᠠᠳᠠᠢ ᠪᠤᠯᠤᠬᠰᠠᠨ ᠴᠤ᠂ ᠤᠬᠢᠶᠠᠯᠭ᠎ᠠ ᠶᠢᠨ ᠭᠡᠷ ᠲᠤ ᠬᠡᠲᠦᠷᠬᠡᠶ ᠤᠳᠠᠭᠠᠨ ᠪᠠᠶᠢᠵᠤ ᠪᠣᠯᠬᠤ ᠦᠭᠡᠢ᠂ | ᠤᠬᠢᠶᠠᠯᠭ᠎ᠠ ᠶᠢᠨ ᠭᠡᠷ ᠲᠡᠭᠡᠨ ᠵᠣᠬᠢᠰᠲᠠᠶ ᠰᠠᠯᠬᠢ ᠨᠡᠪᠲᠡᠷᠡᠭᠦᠯᠵᠦ᠂ ᠬᠦᠴᠢᠯᠲᠥ᠋ᠷᠥᠭᠴᠢ ᠶᠢᠨ ᠠᠭᠤᠯᠤᠭᠳᠠᠴᠠ ᠶᠢ | ᠨᠡᠮᠡᠭᠳᠡᠭᠦᠯᠬᠦ ᠶᠢ ᠠᠩᠬᠠᠷᠬᠤ ᠭᠡᠷᠡᠭᠳᠡᠢ᠃ | 5. ᠤᠨᠲᠠᠬᠤ ᠠᠴᠠ ᠪᠠᠨ ᠡᠮᠦᠨ᠎ᠡ᠄ ᠪᠡᠶ᠎ᠡ ᠪᠠᠨ ᠤᠬᠢᠶᠠᠬᠰᠠᠨ ᠤ ᠲᠠᠷᠠᠭ᠎ᠠ᠂ ᠬᠥᠮᠦᠨ ᠤ ᠪᠡᠶ᠎ᠡ ᠵᠢᠭᠠᠬᠠᠨ | ᠬᠥᠭᠰᠡᠬᠦ ᠪᠠᠶᠢᠳᠠᠯ ᠳᠤ ᠤᠷᠤᠵᠤ᠂ ᠠᠮᠠᠷᠬᠠᠨ ᠤᠨᠲᠠᠬᠤ ᠦᠭᠡᠢ ᠪᠠᠶᠢᠳᠠᠭ᠂ ᠡᠶᠢᠮᠦ ᠠᠴᠠ ᠤᠨᠲᠠᠬᠤ ᠠᠴᠠ ᠪᠠᠨ | ᠡᠮᠦᠨ᠎ᠡ ᠪᠡᠶ᠎ᠡ ᠪᠠᠨ ᠪᠢᠳᠡᠭᠡᠢ ᠤᠬᠢᠶᠠᠭᠠᠷᠠᠢ᠃ ︽ᠤᠨᠲᠠᠯᠭ᠎ᠠ ᠶᠢᠨ ᠠᠨᠠᠭᠠᠬᠤ ᠤᠬᠠᠭᠠᠨ ᠤ ᠰᠢᠭᠦᠮᠵᠢ︾ ᠰᠡᠳᠬᠦᠯ ᠳᠤ | ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠬᠤ ᠠᠴᠠ ᠪᠠᠨ 1 — 2 ᠴᠠᠭ ᠤᠨ | ᠡᠮᠦᠨ᠎ᠡ ᠪᠡᠶ᠎ᠡ ᠪᠠᠨ ᠤᠬᠢᠶᠠᠪᠠᠯ᠂ ᠤᠨᠲᠠᠬᠤ ᠬᠤᠷᠳᠤᠴᠠ ᠶᠢ ᠲᠤᠮᠳᠠᠴᠢ ᠪᠠᠷ 10 ᠮᠢᠨᠦ᠋ᠲ ᠲᠦᠷᠭᠡᠳᠬᠡᠨ᠎ᠠ ᠬᠡᠰᠡᠨ | ᠪᠠᠶᠢᠨ᠎ᠠ᠃ ᠪᠡᠶ᠎ᠡ ᠤᠬᠢᠶᠠᠬᠤ ︽ᠬᠠᠮᠤᠭ ᠰᠠᠶᠢᠨ ᠴᠠᠭ︾ ᠶᠡᠷᠦ ᠶᠢᠨ ᠪᠠᠶᠢᠳᠠᠯ ᠲᠤᠤᠷ᠎ᠠ᠂ ᠰᠦᠷᠴᠢᠬᠦᠷ | ᠤᠬᠢᠶᠠᠯᠭ᠎ᠠ ᠪᠠᠷ ᠪᠤᠯ 10 — 15 ᠮᠢᠨᠦ᠋ᠲ ᠪᠡᠶ᠎ᠡ ᠪᠠᠨ ᠤᠬᠢᠶᠠᠪᠠᠯ ᠪᠣᠯᠴᠢᠬᠠᠨ᠎ᠠ᠂ ᠪᠡᠶ᠎ᠡ ᠤᠬᠢᠶᠠᠬᠤ | ᠤᠡᠭᠭᠤᠴᠠ ᠳᠤ ᠪᠡᠶ᠎ᠡ ᠪᠠᠨ ᠤᠬᠢᠶᠠᠬᠰᠠᠨ ᠴᠤ ᠬᠠᠮᠤᠭ ᠰᠠᠶᠢᠨ ᠨᠢ 20 ᠮᠢᠨᠦ᠋ᠲ ᠠᠴᠠ ᠬᠡᠲᠦᠷᠡᠵᠦ ᠪᠣᠯᠬᠤ ᠦᠭᠡᠢ᠃ | |