6 ᠰᠠᠷ᠎ᠠ ᠶᠢᠨ 22 - 28 ᠤ ᠡᠳᠦᠷ ᠪᠣᠯᠲᠠᠯ᠎ᠠ ᠶᠠᠪᠤᠭᠳᠠᠨ᠎ᠠ — ᠰᠤᠷᠭᠠᠨ ᠬᠥᠮᠦᠵᠢᠯ ᠤᠨ ᠶᠠᠮᠤᠨ2023 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠦᠯᠵᠢᠶᠡᠨ ᠳᠤ ᠵᠦᠪᠯᠡᠯᠭᠡ ᠥᠭᠬᠦ ᠭᠠᠷᠠᠭ ᠤᠨ ᠴᠠᠭ ᠤᠨ ᠲᠣᠬᠢᠷᠠᠭᠤᠯᠤᠯᠲᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2023/6/28
      ᠰᠤᠷᠭᠠᠨ ᠬᠥᠮᠦᠵᠢᠯ ᠤᠨ ᠶᠠᠮᠤᠨ ᠤ ︽2023 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠠᠮᠠᠭᠠᠯᠠᠬᠤ ᠠᠵᠢᠯᠯᠠᠭ᠎ᠠ︾ ᠶᠢᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠢ ᠦᠨᠳᠦᠰᠦᠯᠡᠨ᠂ ᠪᠥᠬᠦ ᠤᠯᠤᠰ ᠤᠨ ᠡᠯ᠎ᠡ ᠮᠤᠵᠢ ︵ᠣᠷᠣᠨ᠂ ᠬᠤᠲᠠ︶ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ ᠲᠠᠭᠯᠠᠬᠤ ᠴᠠᠭ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ︽2023 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠦᠯᠵᠢᠶᠡᠨ ᠳᠤ ᠵᠦᠪᠯᠡᠯᠭᠡ ᠥᠭᠬᠦ ᠭᠠᠷᠠᠭ︾ ᠤᠨ ᠠᠵᠢᠯᠯᠠᠭ᠎ᠠ 6 ᠰᠠᠷ᠎ᠠ ᠶᠢᠨ 22 - 28 ᠤ ᠡᠳᠦᠷ ᠪᠣᠯᠲᠠᠯ᠎ᠠ ᠰᠤᠷᠭᠠᠨ ᠬᠥᠮᠦᠵᠢᠯ ᠤᠨ ᠶᠠᠮᠤᠨ ᠤ ︽ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ︾ ᠳᠤ ᠶᠠᠪᠤᠭᠳᠠᠨ᠎ᠠ᠃ ᠬᠠᠮᠲᠤ ᠳᠤ ᠪᠠᠨ ᠪᠣᠳᠠᠲᠠᠶ ᠲᠣᠬᠢᠷᠠᠭᠤᠯᠤᠯᠲᠠ ᠶᠢ ᠦᠵᠡᠵᠡᠭᠡᠶ᠎ᠡ︕      ᠠᠵᠢᠯᠯᠠᠭᠠᠨ ᠤ ᠬᠡᠯᠪᠡᠷᠢ      ᠠᠵᠢᠯᠯᠠᠭᠠᠨ ᠤ ᠬᠤᠭᠤᠴᠠᠭᠠᠨ ᠳᠤ᠂ ᠲᠠᠪᠴᠠᠩ ᠨᠢ ᠥᠰᠥᠭ ᠪᠢᠴᠢᠭ ᠢᠶᠠᠷ ᠠᠰᠠᠭᠤᠵᠤ ᠬᠠᠷᠢᠭᠤᠯᠬᠤ ᠪᠠ ᠸᠢᠳᠢᠤ᠋ ᠪᠠᠷ ᠰᠢᠭᠤᠳ ᠨᠡᠪᠲᠡᠷᠡᠭᠦᠯᠬᠦ ᠬᠤᠶᠠᠷ ᠵᠦᠢᠯ ᠤᠨ ᠠᠷᠭ᠎ᠠ ᠬᠡᠯᠪᠡᠷᠢ ᠶᠢ ᠬᠠᠩᠭᠠᠨ᠎ᠠ᠃ ᠥᠰᠥᠭ ᠪᠢᠴᠢᠭ ᠢᠶᠠᠷ ᠠᠰᠠᠭᠤᠵᠤ ᠬᠠᠷᠢᠭᠤᠯᠬᠤ ᠶᠢᠨ ᠵᠦᠪᠯᠡᠯᠭᠡ ᠥᠭᠬᠦ ᠴᠠᠭ ᠨᠢ 9 - 17 ᠴᠠᠭ ᠪᠠᠶᠢᠵᠤ᠂ ᠳᠡᠭᠡᠳᠦ ᠰᠤᠷᠭᠠᠭᠤᠯᠢ ᠶᠢᠨ ᠬᠢᠨ ᠸᠢᠳᠢᠤ᠋ ᠰᠢᠭᠤᠳ ᠨᠡᠪᠲᠡᠷᠡᠭᠦᠯᠭᠡ ᠶᠢᠨ ᠠᠷᠭ᠎ᠠ ᠬᠡᠯᠪᠡᠷᠢ ᠶᠢ ᠢᠳᠡᠪᠬᠢᠲᠡᠶ ᠬᠡᠷᠡᠭᠯᠡᠨ ᠰᠣᠷᠣᠭᠴᠢ ᠡᠯᠰᠡᠬᠦ ᠤᠬᠠᠭᠤᠯᠭ᠎ᠠ ᠪᠠ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠡᠯ᠎ᠡ ᠳᠡᠭᠡᠳᠦ ᠰᠤᠷᠭᠠᠭᠤᠯᠢ ᠰᠦᠯᠵᠢᠶᠡᠨ ᠳᠤ ᠰᠣᠷᠣᠭᠴᠢ ᠡᠯᠰᠡᠬᠦ ᠤᠬᠠᠭᠤᠯᠭ᠎ᠠ ᠪᠠᠨ ᠴᠢᠩᠭᠠᠳᠬᠠᠵᠤ᠂ ᠰᠢᠯᠭᠠᠭᠤᠯᠤᠭᠴᠢ᠂ ᠬᠡᠷ ᠤᠨ ᠠᠬᠠᠮᠠᠳ ᠲᠤ ᠣᠨᠣᠪᠴᠢᠲᠠᠶ ᠪᠥᠭᠡᠳ ᠡᠷᠬᠡ ᠰᠦᠷᠲᠡᠢ᠂ ᠨᠠᠷᠢᠨ ᠨᠢᠮᠪᠠᠶ ᠡᠷᠡᠮᠡᠯᠵᠡᠯ ᠲᠠᠭᠯᠠᠬᠤ ᠵᠥᠪᠯᠡᠯᠭᠡ ᠥᠭᠬᠦ ᠵᠢᠯᠣᠭᠤᠳᠣᠯᠭ᠎ᠠ ᠪᠠ ᠦᠢᠯᠡᠴᠢᠯᠡᠭᠡ ᠶᠢ ᠬᠠᠩᠭᠠᠨ᠎ᠠ᠃     ᠣᠷᠣᠯᠴᠠᠬᠤ ᠬᠡᠯᠪᠡᠷᠢ     ᠰᠢᠯᠭᠠᠭᠤᠯᠤᠭᠴᠢ ᠰᠤᠷᠭᠠᠨ ᠬᠥᠮᠦᠵᠢᠯ ᠤᠨ ᠶᠠᠮᠤᠨ ᠤ ︽ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ︾ ᠤᠨ ᠰᠦᠯᠵᠢᠶᠡᠨ ᠨᠢᠭᠤᠷ᠂ ︽ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ︾ ᠤᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ︽ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ︾ ᠤᠨ ᠪᠠᠶ ᠳ᠋ᠦ᠋ ᠵᠢᠵᠢᠭ ᠫᠷᠤᠭ᠍ᠷᠠᠮ ᠵᠡᠷᠭᠡ ᠪᠠᠷ ᠳᠠᠮᠵᠢᠭᠤᠯᠤᠨ ᠵᠥᠪᠯᠡᠯᠭᠡ ᠥᠭᠬᠦ ᠭᠠᠷᠠᠭ ᠤᠨ ᠠᠵᠢᠯᠯᠠᠭ᠎ᠠ ᠳᠤ ᠣᠷᠣᠯᠴᠠᠵᠤ᠂ ᠬᠤᠯᠪᠣᠭᠳᠠᠯ ᠪᠥᠬᠦᠶ ᠳᠡᠭᠡᠳᠦ ᠰᠤᠷᠭᠠᠭᠤᠯᠢ ᠶᠢᠨ ᠸᠢᠳᠢᠣ᠋ ᠰᠢᠭᠤᠳ ᠨᠡᠪᠲᠡᠷᠡᠭᠦᠯᠭᠡ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠣᠶᠢᠯᠠᠭᠠᠵᠤ ᠪᠣᠯᠤᠨ᠎ᠠ᠃ ᠡᠭᠦᠨ ᠤ ᠬᠠᠮᠲᠤ᠂ ᠵᠦᠪᠯᠡᠯᠭᠡ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠯᠭᠠᠭᠤᠯᠤᠭᠴᠢ ᠤᠷᠢᠳ ᠢᠶᠠᠷ ᠡᠯ᠎ᠡ ᠳᠡᠭᠡᠳᠦ ᠰᠤᠷᠭᠠᠭᠤᠯᠢ ᠶᠢᠨ ᠨᠡᠶᠢᠲᠡᠯᠡᠭᠰᠡᠨ ᠬᠠᠮᠢᠶ᠎ᠠ ᠪᠥᠬᠦᠶ ᠮᠡᠳᠡᠭᠡ ᠵᠠᠩᠭᠢ ᠶᠢ ᠶᠡᠭᠡ ᠲᠥᠯᠦᠪ ᠦᠵᠡᠵᠦ᠂ ᠬᠠᠮᠢᠶ᠎ᠠ ᠪᠥᠬᠦᠶ ᠪᠠᠶᠢᠳᠠᠯ ᠢ ᠣᠶᠢᠯᠠᠭᠠᠭᠠᠷᠠᠶ᠃       ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠵᠢᠨ‌ᠵᠦ᠋ᠪᠯᠡᠯᠭᠡ ᠥᠭᠬᠦ ᠭᠠᠷᠠᠭ ᠤᠨ ᠰᠦᠯᠵᠢᠶᠡᠨ ᠬᠠᠶ᠋ᠢᠭ https://gaokao.chsi.com.cn ᠢᠷᠡᠯᠲᠡ᠄ ᠰᠤᠷᠭᠠᠨ ᠬᠥᠮᠥᠵᠢᠯ ᠤᠨ ᠲᠢᠩᠬᠢᠮ
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号