︽ᠰᠢᠨ᠎ᠡ ᠲᠢᠲᠢᠮᠯᠢᠭ ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠬᠳᠠᠬᠰᠠᠨ︾ ᠵᠠᠯᠠᠭᠤᠴᠤᠳ ᠨᠡᠩ ᠤᠯᠠᠨ ᠪᠠᠶᠢᠨ᠎ᠠ ᠬᠡᠵᠢ ᠤᠤ︖ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠤ ᠳᠠᠷᠠᠭ᠎ᠠ ᠠᠷᠬᠠᠭ ᠰᠠᠭᠤᠨ᠎ᠠ ᠦᠦ︖ ᠲᠤᠰᠬᠠᠶ ᠮᠡᠷᠭᠡᠵᠢᠯᠲᠡᠨ ᠬᠠᠷᠢᠭᠤ ᠦᠭᠪᠡ
ᠨᠡᠶᠢᠲᠡᠯᠡᠭᠰᠡᠨ ᠴᠠᠭ᠄
2023/6/7
   ᠤᠢᠢᠷ᠎ᠠ ᠳᠤ᠂ ᠰᠢᠨ᠎ᠡ ᠲᠢᠲᠢᠮᠯᠢᠭ ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠬᠳᠠᠬᠰᠠᠨ ᠲᠤᠬᠠᠢ ᠶᠠᠷᠢᠶᠠᠨ ᠤ ᠰᠡᠳᠦᠪ ᠤᠯᠠᠨ ᠤ ᠠᠩᠬᠠᠷᠤᠯ ᠢ ᠲᠠᠲᠠᠪᠠ᠃ ᠶᠠᠭᠠᠬᠢᠭᠠᠳ ︽ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠵᠦ︾ ᠥᠩᠭᠡᠷᠡᠭᠰᠡᠨ ᠪᠠᠶᠢᠳᠠᠯ᠎ᠠ ᠪᠠᠨ ᠲᠠᠬᠢᠨ ︽ᠬᠠᠯᠳᠠᠪᠤᠷᠢᠯᠠᠬᠳᠠᠳᠠᠭ︾ ᠪᠣᠢ︖ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠤ ᠳᠠᠷᠠᠭ᠎ᠠ ᠠᠷᠬᠠᠭ ᠰᠠᠭᠤᠨ᠎ᠠ ᠦᠦ︖ ᠭᠡᠳᠡᠭ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠬᠢᠨ ᠣᠶᠢᠷ᠎ᠠ ᠳᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠠᠷᠢᠭᠤᠯᠲᠠ ᠥᠭᠪᠡ᠃   ᠰᠢᠨ᠎ᠡ ᠲᠢᠲᠢᠮᠯᠢᠭ ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠬᠳᠠᠬᠰᠠᠨ ᠬᠦᠮᠦᠰ ᠤᠨ ᠲᠤᠳᠤᠷ᠎ᠠ ᠵᠠᠯᠠᠭᠤᠴᠤᠳ ᠤᠯᠠᠨ ᠪᠤᠢ ᠲᠡᠳᠡᠨ ᠤ ᠡᠪᠡᠳᠴᠢᠨ ᠤ ᠢᠯᠡᠷᠡᠯ ᠨᠢ ᠨᠡᠯᠢᠶᠡᠳ ᠬᠥᠩᠭᠡᠨ ᠪᠠᠶᠢᠨ᠎ᠠ ᠮᠠᠨ ᠤ ᠡᠷᠬᠢᠨ ᠲᠣᠭᠤᠷᠢᠨ ᠳᠠᠬᠢ ᠰᠢᠨ᠎ᠡ ᠲᠢᠲᠢᠮᠯᠢᠭ ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠭᠳᠠᠭᠰᠠᠨ ᠡᠪᠡᠳᠴᠢᠲᠡᠨ ᠤ ᠪᠠᠶᠢᠳᠠᠯ ᠢ ᠠᠵᠢᠭᠯᠠᠪᠠᠯ᠂ ᠵᠠᠯᠠᠭᠤᠴᠤᠳ ᠤᠨ ᠤᠯᠠᠨ ᠪᠠᠶᠢᠭ᠎ᠠ ᠰᠢᠭ᠋ ᠪᠠᠶᠢᠨ᠎ᠠ᠂ ᠪᠤᠳᠠᠳᠤ ᠪᠠᠶᠢᠳᠠᠯ ᠡᠶᠢᠮᠦ ᠬᠡᠵᠢ ᠤᠤ︖ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠴᠤᠤᠶᠠᠩ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠲᠦᠩ ᠵᠣᠣ ᠾᠦᠢ᠄ ᠡᠨᠡ ᠤᠳᠠᠭᠠᠨ ᠤ ᠪᠠᠶᠢᠴᠠᠭᠠᠯᠲᠠ ᠠᠴᠠ ᠦᠵᠡᠪᠡᠯ᠂ ︽ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠬᠳᠠᠬᠰᠡᠳ︾ ᠤᠨ ᠲᠤᠳᠤᠷ᠎ᠠ ᠵᠠᠯᠠᠭᠤᠴᠤᠳ ᠣᠯᠠᠨ ᠪᠥᠭᠡᠳ ᠡᠪᠡᠳᠴᠢᠨ ᠤ ᠢᠯᠡᠷᠡᠯ ᠨᠢ ᠴᠦ ᠨᠡᠯᠢᠶᠡᠳ ᠬᠥᠩᠭᠡᠨ ᠪᠠᠶᠢᠵᠤ᠂ ᠭᠤᠤᠯᠳᠠᠭᠤ ᠠᠮᠢᠰᠬᠤᠯ ᠤᠨ ᠵᠠᠮ ᠨᠢ ᠬᠠᠯᠳᠠᠪᠤᠷᠢᠯᠠᠯ ᠠᠪᠴᠤ ᠪᠤᠢ᠃ ᠤᠤᠯ ᠨᠢ ᠸᠢᠷᠦ᠋ᠰ ᠲᠤ ᠬᠠᠯᠳᠠᠪᠤᠷᠢᠯᠠᠭᠳᠠᠭᠰᠠᠨ ᠥᠬᠡᠶ ᠬᠦᠮᠦᠰ ᠡᠨᠡ ᠤᠳᠠᠭ᠎ᠠ ᠸᠢᠷᠦ᠋ᠰ ᠲᠤ ᠬᠠᠯᠳᠠᠪᠤᠷᠢᠯᠠᠭᠳᠠᠬᠤ ᠳᠤ ᠨᠢᠳᠤᠨᠤᠨ ᠡᠪᠦᠯ ᠤᠨ ᠰᠢᠭ ᠪᠠᠶᠢᠵᠤ᠂ ᠡᠪᠡᠳᠴᠢᠨ ᠤ ᠪᠠᠶᠢᠳᠠᠯ ᠨᠢ ᠬᠠᠷᠢᠴᠠᠩᠭᠤᠶ ᠪᠠᠷ ᠬᠦᠨᠳᠦ ᠰᠢᠭ ᠪᠠᠶᠢᠨ᠎ᠠ᠂ ᠵᠢᠱᠢᠶᠡᠯᠡᠪᠡᠯ ᠪᠡᠶ᠎ᠡ ᠶᠢᠨ ᠬᠠᠯᠠᠭᠤᠨ ᠨᠢ 38°C᠂ 38 . 5 °C ᠠᠴᠠ ᠳᠡᠭᠡᠭᠰᠢ ᠪᠤᠯᠵᠤ ᠮᠡᠳᠡᠨ᠎ᠡ᠃ ︽ᠸᠢᠷᠦ᠋ᠰ ᠲᠤ ᠬᠤᠶᠠᠳᠠᠬᠢ ᠤᠳᠠᠭ᠎ᠠ ᠬᠠᠯᠳᠠᠪᠤᠷᠢᠯᠠᠬᠳᠠᠬᠰᠡᠨ︾ ᠬᠦᠮᠦᠰ ᠨᠢ ᠪᠠᠭ᠎ᠠ ᠬᠠᠯᠠᠭᠤᠷᠠᠵᠦ ᠪᠤᠢ᠂ ᠡᠨᠡ ᠨᠢ ᠪᠡᠶ᠎ᠡ ᠶᠢᠨ ᠴᠢᠨᠢ ᠳᠣᠲᠣᠷ᠎ᠠ ᠵᠣᠬᠢᠬᠤ ᠬᠡᠮᠵᠢᠶᠡᠨ ᠤ ᠠᠨᠲ᠋ᠢᠪᠤᠳᠢ ᠲᠠᠢ ᠪᠤᠯᠤᠬᠰᠠᠨ ᠮᠠᠭᠠᠳ ᠦᠬᠡᠢ ᠮᠥᠷᠲᠡᠭᠡᠨ ᠴᠢᠮ᠎ᠠ ᠳᠤ ᠪᠠᠰᠠ ᠡᠰ ᠤᠨ ᠡᠭᠡᠯᠢᠯᠡᠭᠡ ᠶᠢᠨ ᠴᠡᠭᠡᠵᠢᠯᠡᠬᠦᠶ ᠲᠠᠢ ᠪᠠᠶᠢᠵᠤ᠂ ᠬᠥᠮᠦᠨ ᠤ ᠪᠡᠶ᠎ᠡ ᠶᠢ ᠬᠠᠮᠠᠭᠠᠯᠠᠬᠤ ᠦᠢᠯᠡᠳᠦᠯ ᠨᠢ ᠪᠠᠰᠠ ᠪᠠᠶᠢᠬᠰᠠᠭᠠᠷ ᠶᠤᠮ᠃ ᠶᠡᠷᠦᠩᠬᠡᠶ ᠳᠤᠨᠢ ᠠᠪᠴᠤ ᠬᠡᠯᠡᠪᠡᠯ ᠣᠯᠠᠨ ᠢᠶᠠᠷ ᠢᠶᠠᠨ ᠰᠠᠨᠠᠭ᠎ᠠ ᠵᠣᠪᠠᠭ᠋ᠤ ᠬᠡᠷᠡᠭ ᠦᠭᠡᠢ ᠬᠡᠵᠦ ᠬᠡᠯᠡᠪᠡ᠃     ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠠᠷᠬᠠᠭ ᠰᠠᠭᠤᠨ᠎ᠠ ᠦᠦ︖ ᠲᠤᠰᠬᠠᠶ ᠮᠡᠷᠭᠡᠵᠢᠯᠲᠡᠨ ᠤ ᠦᠵᠡᠬᠦ ᠪᠠᠷ᠂ ᠠᠷᠬᠠᠭ ᠰᠠᠭᠤᠨ᠎ᠠ ᠭᠡᠳᠡᠭ ᠨᠢ ᠶᠡᠷᠦ ᠨᠢ ᠡᠪᠡᠳᠴᠢᠨ ᠡᠮᠭᠡᠭ ᠠᠴᠠ ᠪᠣᠯᠤᠭᠰᠠᠨ ᠨᠠᠰᠤᠨ ᠲᠤᠷᠰᠢᠳᠠ ᠣᠷᠣᠰᠢᠬᠤ ᠬᠤᠤᠷ ᠬᠥᠨᠥᠭᠡᠯ ᠢ ᠵᠢᠭᠠᠵᠤ ᠪᠤᠢ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠠᠴᠠ ᠪᠣᠯᠤᠭᠰᠠᠨ ᠡᠪᠡᠳᠴᠢᠨ ᠤ ᠢᠯᠡᠷᠡᠯ ᠨᠢ ᠶᠡᠷᠦ ᠳᠡᠭᠡᠨ ᠠᠯᠭᠤᠷ ᠠᠭᠠᠵᠢᠮ ᠢᠶᠠᠷ ᠠᠷᠢᠯᠳᠠᠭ ᠪᠣᠯᠬᠤᠷ ᠲᠡᠭᠦᠨ ᠢ ᠠᠷᠬᠠᠭ ᠰᠠᠭᠤᠯ᠎ᠠ ᠭᠡᠵᠦ ᠬᠡᠯᠡᠬᠦ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号