ᠨᠠᠶᠢᠵᠠ ᠶᠢᠨ ᠲᠣᠭᠤᠷᠢᠭ ᠲᠤ ᠡᠳᠡᠭᠡᠷ ᠶᠠᠭᠤᠮ᠎ᠠ ᠶᠢ ᠶᠠᠪᠤᠭᠤᠯᠵᠤ ᠪᠣᠯᠬᠤ ᠦᠭᠡᠢ
ᠨᠡᠶᠢᠲᠡᠯᠡᠭᠰᠡᠨ ᠴᠠᠭ᠄
2023/6/7
     ᠣᠶᠢᠷ᠎ᠠ ᠳᠤ᠂ ᠸᠢᠴᠠᠲ ᠤᠨ ᠪᠦᠯᠬᠦᠮ ᠤᠨ ᠬᠢᠨ ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠢᠶᠠᠷ ᠴᠠᠭᠠᠵᠠᠲᠠᠶ ᠡᠳ᠋ ᠪᠣᠳᠠᠰ ᠨᠡᠶᠢᠲᠡᠯᠡᠬᠦ ᠦᠢᠯᠡ ᠠᠵᠢᠯᠯᠠᠭ᠎ᠠ ᠶᠢ ᠵᠠᠰᠠᠬᠤ ᠪᠠᠨ ᠴᠢᠩᠭᠠᠳᠬᠠᠭᠰᠠᠨ ᠪᠠᠶᠢᠨ᠎ᠠ᠂ ᠡᠭᠦᠨ ᠳᠤ ᠲᠤᠬᠳᠠᠭᠠᠯ ᠠᠴᠠ ᠵᠦᠷᠢᠴᠡᠵᠦ ᠢᠨᠲ᠋ᠧᠷ ᠰᠦᠯᠵᠢᠶ᠎ᠡ ᠶᠢ ᠠᠰᠢᠭᠯᠠᠨ ᠣᠨᠴᠠ ᠲᠣᠭᠲᠠᠭᠰᠠᠨ ᠲᠠᠸᠠᠷ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ︵ᠵᠢᠱᠢᠶᠡᠯᠡᠪᠡᠯ ᠲᠠᠮᠠᠬᠢ᠂ ᠡᠯᠧᠺᠳ᠋ᠷᠣᠨ ᠲᠠᠮᠠᠬᠢ ᠵᠡᠷᠭᠡ︶ ᠨᠡᠶᠢᠲᠡᠯᠡᠬᠦ ᠪᠤᠶᠤ ᠢᠨᠲ᠋ᠧᠷ ᠰᠦᠯᠵᠢᠶ᠎ᠡ ᠶᠢ ᠠᠰᠢᠭᠯᠠᠨ ᠴᠠᠭᠠᠵᠠᠲᠠᠶ ᠡᠳ᠋ ᠪᠣᠳᠠᠰ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ︵ᠵᠢᠱᠢᠶᠡᠯᠡᠪᠡᠯ ᠲᠠᠴᠢᠶᠠᠯ ᠬᠦᠳᠡᠯᠭᠡᠬᠦ ᠡᠮ᠂ ᠬᠠᠤᠯᠢ ᠪᠤᠰᠤ ᠡᠷᠡᠭᠦᠯᠵᠢᠯ ᠤᠨ ᠡᠳ᠋ ᠵᠡᠷᠭᠡ︶ ᠨᠡᠶᠢᠲᠡᠯᠡᠬᠦ ᠦᠢᠯᠡ ᠠᠵᠢᠯᠯᠠᠭ᠎ᠠ ᠵᠡᠷᠭᠡ ᠪᠠᠭᠳᠠᠵᠤ ᠪᠤᠢ᠃ ᠡᠶᠢᠮᠦᠷᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠬᠡᠷᠡᠭᠯᠡᠭᠴᠢᠳ ᠤᠨ ᠬᠡᠪ ᠤᠨ ᠬᠡᠷᠡᠭᠯᠡᠯᠲᠡ ᠶᠢ ᠬᠦᠨᠳᠦ ᠨᠣᠴᠢᠲᠠᠶ ᠨᠥᠯᠥᠭᠡᠯᠡᠭᠦ ᠪᠥᠭᠡᠳ ᠮᠡᠬᠡᠯᠡᠨ ᠬᠢᠬᠠᠬᠤ ᠵᠡᠷᠭᠡ ᠮᠠᠭᠤ ᠰᠠᠨᠠᠭᠠᠲᠤ ᠦᠢᠯᠡ ᠠᠵᠢᠯᠯᠠᠭ᠎ᠠ ᠶᠢ ᠠᠮᠠᠷᠬᠠᠨ ᠡᠭᠦᠰᠭᠡᠳᠡᠭ᠃ ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠤᠨ ᠮᠡᠳᠡᠭᠡ ᠵᠠᠩᠭᠢ ᠨᠡᠶᠢᠲᠡᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠸᠢᠴᠠᠲ ᠤᠨ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠨᠢ ᠶᠠᠮᠠᠷᠪᠠ ᠬᠡᠯᠪᠡᠷᠢ ᠪᠠᠷ ᠡᠯ᠎ᠡ ᠲᠥᠷᠥᠯ ᠤᠨ ︽ᠴᠠᠭᠠᠵᠠᠲᠠᠶ ᠡᠳ᠋︾ ᠡᠵᠡᠩᠨᠡᠨ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠭᠰᠡᠨ᠂ ᠳᠡᠯᠭᠡᠨ ᠦᠵᠡᠭᠦᠯᠦᠭᠰᠡᠨ᠂ ᠤᠯᠠᠮᠵᠢᠯᠠᠨ ᠲᠠᠷᠬᠠᠭᠠᠭᠰᠠᠨ ᠳᠤ ᠬᠦᠷᠪᠡᠯ᠂ ᠸᠢᠴᠠᠲ ᠤᠨ ᠪᠦᠯᠬᠦᠮ ᠤᠨ ᠬᠢᠨ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠵᠢᠴᠢ ︽ᠲᠸᠡᠭ ᠰᠢᠶᠦ᠋ᠨ ᠸᠢᠴᠠᠲ ᠤᠨ ᠵᠥᠭᠡᠯᠡᠨ ᠲᠣᠨᠤᠭ ᠤᠨ ᠵᠥᠪᠰᠢᠶᠡᠷᠡᠯ ᠵᠢᠴᠢ ᠦᠢᠯᠡᠴᠢᠯᠡᠭᠡᠨ ᠤ ᠵᠥᠪᠯᠡᠯᠴᠡᠭᠡᠷ︾᠂ ︽ᠸᠢᠴᠠᠲ ᠤᠨ ᠬᠤᠪᠢ ᠬᠥᠮᠦᠨ ᠤ ᠲᠠᠩᠰᠠᠨ ᠨᠣᠮᠧᠷ ᠤᠨ ᠬᠡᠷᠡᠭᠯᠡᠯᠲᠡ ᠶᠢᠨ ᠵᠢᠷᠤᠮᠵᠢᠯ︾ ᠤᠨ ᠲᠣᠭᠲᠠᠭᠠᠯ ᠶᠣᠰᠣᠭᠠᠷ᠂ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠶᠢᠨ ᠬᠡᠮᠵᠢᠶ᠎ᠡ ᠶᠢ ᠦᠵᠡᠵᠦ ᠪᠠᠶᠢᠭᠠᠳ ᠱᠠᠲᠤᠯᠢᠭ ᠮᠠᠶ᠋ᠢᠭ ᠢᠶᠠᠷ ᠰᠢᠢᠳᠪᠦᠷᠢᠯᠡᠨ᠎ᠡ᠄ • ᠠᠩᠬ᠎ᠠ ᠤᠳᠠᠭ᠎ᠠ ᠪᠤᠶᠤ ᠡᠩ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠠᠩᠰᠠᠨ ᠨᠣᠮᠧᠷ ᠢ ᠰᠡᠷᠡᠮᠵᠢᠯᠡᠭᠦᠯᠬᠦ ᠪᠤᠶᠤ ᠴᠢᠳᠠᠮᠵᠢ ᠪᠠᠷ ᠲᠣᠷᠭᠠᠨ᠎ᠠ᠃ • ᠣᠯᠠᠨ ᠤᠳᠠᠭ᠎ᠠ ᠪᠤᠶᠤ ᠬᠠᠤᠯᠢ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠭᠠᠷᠭᠠᠬᠰᠠᠨ ᠲᠠᠩᠰᠠᠨ ᠤ ᠨᠣᠮᠧᠷ ᠢ ᠪᠥᠬᠦ ᠲᠠᠯ᠎ᠠ ᠪᠠᠷ ᠬᠢᠵᠠᠭᠠᠷᠯᠠᠨ ᠰᠢᠢᠳᠭᠡᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号