ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ  ᠪᠤᠢ ᠪᠤᠯᠭᠠᠵᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠤᠬᠠᠢ ᠮᠡᠳᠡᠵᠦ ᠴᠢᠳᠠᠪᠠᠯ ᠵᠤᠬᠢᠬᠤ ᠮᠡᠳᠡᠯᠭᠡ
ᠨᠡᠶᠢᠲᠡᠯᠡᠭᠰᠡᠨ ᠴᠠᠭ᠄
2023/6/7
   1. ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠨᠢ ᠶᠠᠭᠤ ᠪᠣᠶ︖     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠤᠯᠤᠨ᠎ᠠ᠃ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠶᠢᠨ ᠲᠥᠯᠥᠭᠡ ᠶᠤᠮ᠃      2. ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠨᠢ ᠶᠠᠮᠠᠷ ᠲᠤᠭ ᠢ ᠮᠠᠨᠳᠤᠭᠤᠯᠬᠤ ᠪᠤᠢ︖     ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠳᠤᠮᠳᠠ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃      3. ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ ᠵᠠᠮ ᠢᠶᠠᠷ ᠵᠠᠮᠨᠠᠬᠤ ᠪᠤᠢ︖   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃      4. ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠨᠢ ᠶᠠᠭᠤ ᠪᠣᠶ︖     ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠠᠪᠤᠳᠠᠯ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠨ᠎ᠠ᠃     5. ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠤᠯᠤᠰ ᠲᠦᠷᠦ ᠶᠢᠨ ᠦᠨᠳᠦᠰᠦᠨ ᠪᠠᠲᠤᠯᠠᠭ᠎ᠠ ᠨᠢ ᠶᠠᠭᠤ ᠪᠤᠢ︖    ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ᠂ ᠡᠷᠬᠡᠪᠰᠢ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠤᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ ᠰᠠᠶᠢᠲᠤᠷ ᠪᠠᠶᠢᠭᠤᠯᠵᠤ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠣᠶᠢᠯᠠᠭᠠᠬᠤ ᠬᠥᠮᠥᠨ ᠲᠠᠢ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠪᠠᠲᠤ ᠴᠢᠩᠭ᠎ᠠ ᠤᠯᠤᠰ ᠲᠦᠷᠦ ᠶᠢᠨ ᠤᠳᠤᠷᠢᠳᠤᠯᠭ᠎ᠠ ᠪᠠᠷ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠰᠢᠨ᠎ᠡ ᠢᠷᠠᠭᠤ ᠠᠯᠳᠠᠷ ᠪᠠ ᠬᠦᠰᠡᠯ ᠵᠡᠭᠦᠳᠦ ᠶᠢ ᠬᠠᠮᠲᠤ ᠪᠠᠷ ᠡᠳ᠋ᠯᠡᠨ᠎ᠡ᠃     6. ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠦᠵᠡᠯ ᠰᠠᠨᠠᠭ᠎ᠠ ᠨᠢ ᠶᠠᠭᠤ ᠪᠤᠢ︖   ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠭᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠵᠡᠷᠭᠡ ᠣᠶᠢᠯᠠᠭᠠᠭᠳᠠᠬᠤᠨ ᠢ ᠴᠢᠬᠤᠯᠠᠴᠢᠯᠠᠵᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠡᠢ᠃     7. ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠰᠡᠳᠬᠢᠴᠡ ᠪᠠ ᠱᠠᠭᠠᠷᠳᠠᠯᠭ᠎ᠠ ᠨᠢ ᠶᠠᠭᠤ ᠪᠣᠶ︖    ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠨ᠎ᠠ︔ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠪᠠ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ︔ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ︔ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠴᠠᠭᠠᠵᠠ ᠶᠢᠨ ᠡᠮᠦᠨ᠎ᠡ ᠬᠥᠮᠥᠨ ᠪᠦᠬᠦᠨ ᠡᠷᠬᠡ ᠲᠡᠭᠰᠢ ᠪᠠᠶᠢᠬᠤ ᠶᠢ ᠦᠨᠡᠨ ᠬᠦ ᠪᠠᠳᠤᠯᠠᠨ᠎ᠠ᠃    8. ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢᠨ ᠵᠥᠪ ᠡᠵᠡᠮᠰᠢᠬᠦ ᠲᠦᠷᠪᠡᠨ ᠬᠠᠷᠢᠴᠠᠭ᠎ᠠ ᠨᠢ ᠶᠠᠭᠤ ᠪᠤᠶ︖ ᡼    ᠨᠢᠭᠡ ᠳᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠰᠢᠬᠦ ᠬᠡᠷᠡᠭᠳᠡᠢ᠂ ᠨᠡᠶᠢᠲᠡᠯᠢᠭ ᠴᠢᠨᠠᠷ ᠢ ᠨᠡᠮᠡᠭᠳᠡᠭᠦᠯᠦᠨ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠲᠠᠭᠠᠬᠤ ᠪᠣᠯ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠮᠥᠨ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ ᠶᠢ ᠵᠥᠪ ᠡᠵᠡᠮᠰᠢᠬᠦ ᠬᠡᠷᠡᠭᠳᠡᠢ᠂ ᠦᠨᠳᠦᠰᠦᠲᠡᠨ ᠨᠦᠭᠦᠳ ᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠤᠰ ᠦᠨᠳᠦᠰᠦᠲᠡᠨ ᠤ ᠦᠵᠡᠯ ᠤᠬᠠᠮᠰᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠬᠦᠯᠢ ᠴᠣᠭᠴᠠ ᠶᠢᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠨᠦᠭᠦᠳ ᠤᠨ ᠪᠣᠳᠠᠲᠠᠢ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠬᠡᠷᠡᠭᠲᠡᠢ᠂ ᠬᠢᠲᠠᠳ ᠤᠨ ᠳᠡᠭᠡᠷᠡᠩᠭᠦᠢ ᠦᠵᠡᠯ ᠪᠠ ᠣᠷᠣᠨ ᠨᠤᠲᠤᠭ ᠤᠨ ᠦᠨᠳᠦᠰᠦᠲᠡᠨ ᠤ ᠦᠵᠡᠯ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠠᠰᠢᠭ ᠦᠭᠡᠢ ᠶᠤᠮ᠃ ᠭᠤᠷᠪᠠ ᠳᠤ ᠳᠤᠮᠳᠠᠳᠤ ᠶᠢᠨ ᠰᠣᠶᠣᠯ ᠪᠣᠯᠣᠨ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ ᠶᠢ ᠵᠥᠪ ᠡᠵᠡᠮᠰᠢᠬᠦ ᠬᠡᠷᠡᠭᠳᠡᠢ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠭᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ ᠲᠤᠯᠭᠠᠭᠤᠷᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠪᠥᠭᠡᠳ ᠢᠳᠡᠷᠬᠡᠭ ᠪᠠᠶᠢᠪᠠᠯ ᠰᠠᠶ᠋ᠢ ᠰᠠᠯᠠᠭ᠎ᠠ ᠨᠠᠮᠠᠭ᠎ᠠ ᠨᠢ ᠢᠭᠴᠤ  ᠰᠠᠬᠤᠤᠯᠢᠭ ᠪᠠᠶᠢᠵᠤ ᠴᠢᠳᠠᠨ᠎ᠠ᠃ ᠳᠥᠷᠪᠡ ᠳᠤ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠰᠢᠬᠦ ᠬᠡᠷᠡᠭᠳᠡᠢ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ ᠢ ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠨ ᠤ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠤᠢ ᠪᠣᠯᠭᠠᠬᠤ ᠬᠡᠷᠡᠭᠲᠡᠢ᠃    9. ᠮᠠᠨ ᠤ ᠤᠯᠤᠰ ᠤᠨ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭᠠᠨ ᠤ ᠮᠥᠨ ᠴᠢᠨᠠᠷ ᠤᠨ ᠣᠨᠴᠠᠯᠢᠭ ᠨᠢ ᠶᠠᠭᠤ ᠪᠤᠢ︖     ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ᠃    10. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠡᠷᠬᠢᠨ ᠲᠠᠨᠢᠬᠤ ᠪᠤᠢ︖    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠤᠯᠤᠰ ᠤᠨ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃     11. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠲᠠᠪᠤᠨ ᠶᠡᠭᠡ ᠰᠠᠭᠤᠷᠢ ᠨᠢ ᠶᠠᠭᠤ ᠪᠤᠢ︖     ᠤᠯᠤᠰ ᠲᠦᠷᠦ ᠶᠢᠨ ᠰᠠᠭᠤᠷᠢ᠂ ᠪᠣᠳᠠᠰ ᠤᠨ ᠰᠠᠭᠤᠷᠢ᠂ ᠦᠵᠡᠯ ᠰᠠᠨᠠᠭᠠᠨ ᠤ ᠰᠠᠭᠤᠷᠢ᠂ ᠨᠡᠶᠢᠭᠡᠮ ᠤᠨ ᠰᠠᠭᠤᠷᠢ᠂ ᠬᠠᠤᠯᠢ ᠪᠠᠷ ᠵᠠᠰᠠᠬᠤ ᠰᠠᠭᠤᠷᠢ ᠵᠡᠷᠭᠡ ᠪᠣᠯᠣᠨ᠎ᠠ᠃     12. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠤᠯᠤᠰ ᠲᠦᠷᠦ ᠶᠢᠨ ᠰᠠᠭᠤᠷᠢ ᠶᠢ ᠬᠡᠷᠬᠢᠨ ᠣᠶᠢᠯᠠᠭᠠᠵᠤ ᠡᠵᠡᠮᠰᠢᠬᠦ ᠪᠤᠢ︖    ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠯᠤᠰ ᠲᠦᠷᠦ ᠶᠢᠨ ᠰᠠᠭᠤᠷᠢ ᠮᠥᠨ᠃      13. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠪᠣᠳᠠᠰ ᠤᠨ ᠰᠠᠭᠤᠷᠢ ᠶᠢ ᠬᠡᠷᠬᠢᠨ ᠣᠶᠢᠯᠠᠭᠠᠵᠤ ᠡᠵᠡᠮᠰᠢᠬᠦ ᠪᠤᠢ︖     ᠡᠯ᠎ᠡ ᠵᠦᠢᠯ ᠤᠨ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠥᠭᠡᠨ ᠲᠣᠭᠠᠲᠤ ᠦᠨᠳᠦᠰᠦᠲᠡᠨ ᠪᠣᠯᠣᠨ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠵᠦ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠨᠢᠭᠡ ᠦᠨᠳᠦᠰᠦᠲᠡᠨ ᠴᠦ ᠲᠤᠲᠠᠭᠳᠠᠵᠤ ᠪᠣᠯᠬᠤ ᠦᠭᠡᠢ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠢᠭᠡ ᠦᠨᠳᠦᠰᠦᠲᠡᠨ ᠴᠦ ᠲᠤᠲᠠᠭᠳᠠᠵᠤ ᠪᠣᠯᠬᠤ ᠦᠭᠡᠢ︾ ᠭᠡᠳᠡᠭ ᠢ ᠦᠨᠡᠨᠬᠦ ᠪᠠᠲᠤᠯᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠬᠦᠴᠦᠯᠡᠨ ᠠᠬᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠣᠳᠠᠰ ᠤᠨ ᠰᠠᠭᠤᠷᠢ ᠮᠥᠨ᠃     14. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠵᠡᠯ ᠰᠠᠨᠠᠭᠠᠨ ᠤ ᠰᠠᠭᠤᠷᠢ ᠶᠢ ᠬᠡᠷᠬᠢᠨ ᠣᠶᠢᠯᠠᠭᠠᠨ ᠡᠵᠡᠮᠰᠢᠬᠦ ᠪᠤᠢ︖    ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠳᠤᠮᠳᠠᠳᠤ ᠶᠢᠨ ᠰᠣᠶᠣᠯ ᠢ ᠮᠡᠳᠡᠷᠡᠬᠦ ᠶᠢ ᠬᠦᠴᠦᠯᠡᠨ ᠴᠢᠩᠭᠠᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠤᠯᠭᠠᠬᠤ ᠶᠢᠨ ᠦᠵᠡᠯ ᠰᠠᠨᠠᠭᠠᠨ ᠤ ᠰᠠᠭᠤᠷᠢ ᠮᠥᠨ᠃     15. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠨᠡᠶᠢᠭᠡᠮ ᠤᠨ ᠰᠠᠭᠤᠷᠢ ᠶᠢ ᠬᠡᠷᠬᠢᠨ ᠣᠶᠢᠯᠠᠭᠠᠨ ᠡᠵᠡᠮᠰᠢᠬᠦ ᠪᠤᠢ︖     ᠮᠠᠨ ᠤ ᠤᠯᠤᠰ ᠤᠨ ᠡᠯ᠎ᠡ ᠦᠨᠳᠦᠰᠦᠲᠡᠨ ᠤ ᠬᠥᠮᠥᠨ ᠠᠮᠠ ᠶᠢᠨ ᠲᠠᠷᠬᠠᠯᠲᠠ ᠶᠢᠨ ᠪᠠᠶᠢᠷᠢᠰᠢᠯ ᠤᠨ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠪᠠᠶᠢᠳᠠᠯ ᠳᠤ ᠵᠣᠬᠢᠴᠠᠭᠤᠯᠤᠨ᠂ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠡᠭᠦᠯᠳᠡᠷᠵᠢᠭᠦᠯᠬᠦ ᠶᠠᠪᠤᠴᠠ ᠳᠤ᠂ ᠮᠠᠨ ᠤ ᠨᠠᠮ ᠤᠨ ᠵᠠᠭᠤᠨ ᠵᠢᠯ ᠤᠨ ᠦᠨᠳᠦᠰᠦᠲᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠭᠠᠨ ᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠦᠵᠡᠯ ᠰᠠᠨᠠᠭ᠎ᠠ ᠣᠶᠢᠯᠠᠭᠠᠭᠳᠠᠬᠤᠨ᠂ ᠣᠶᠣᠨ ᠰᠠᠨᠠᠭᠠᠨ ᠤ ᠳᠤᠷ᠎ᠠ ᠰᠣᠨᠢᠷᠬᠠᠯ᠂ ᠠᠮᠢᠳᠤᠷᠠᠯ ᠤᠨ ᠠᠷᠭ᠎ᠠ ᠮᠠᠶ᠋ᠢᠭ ᠢ ᠣᠳᠣᠬᠢᠴᠢᠯᠠᠯᠲᠠ ᠲᠡᠰᠢ ᠤᠷᠤᠭᠰᠢᠯᠠᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠪᠠᠲᠤᠯᠠᠬᠤ ᠬᠡᠷᠡᠭᠲᠡᠢ᠃    ᠦᠨᠳᠦᠰᠦᠲᠡᠨ ᠨᠦᠭᠦᠳ ᠤᠨ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠭᠳᠠᠯᠴᠠᠭ᠎ᠠ ᠨᠢ ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠶᠢ ᠪᠠᠶᠢᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠪᠠᠶᠢᠭᠤᠯᠤᠮᠵᠢ ᠲᠣᠭᠲᠠᠴᠠ ᠶᠢ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠴᠢᠩᠭᠠᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠨᠡᠶᠢᠭᠡᠮ ᠤᠨ ᠰᠠᠭᠤᠷᠢ ᠪᠣᠯᠣᠨ᠎ᠠ᠃     16. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠬᠠᠤᠯᠢ ᠪᠠᠷ ᠵᠠᠰᠠᠬᠤ ᠰᠠᠭᠤᠷᠢ ᠶᠢ ᠬᠡᠷᠬᠢᠨ ᠣᠶᠢᠯᠠᠭᠠᠨ ᠡᠵᠡᠮᠰᠢᠬᠦ ᠪᠤᠢ︖   ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠭᠳᠠᠯᠴᠠᠭ᠎ᠠ ᠶᠢ ᠪᠦᠷᠢᠨᠰᠢᠭᠦᠯᠦᠨ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠬᠠᠤᠯᠢ ᠪᠠᠷ ᠵᠠᠰᠠᠬᠤ ᠰᠠᠭᠤᠷᠢ ᠮᠥᠨ᠃     17. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠢᠨ ᠭᠤᠣᠯ ᠠᠭᠤᠯᠭ᠎ᠠ ᠨᠢ ᠶᠠᠭᠤ ᠪᠤᠢ︖    ︽ᠨᠢᠭᠡ ᠬᠠᠷᠠᠯᠲᠠ︾ ᠶᠢ ᠪᠡᠶᠡᠯᠡᠭᠦᠯᠦᠨ᠎ᠡ᠂ ᠲᠤᠬᠠᠶᠢᠯᠠᠪᠠᠯ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠨ᠎ᠡ︔ ︽ᠬᠤᠶᠠᠷ ᠬᠠᠮᠲᠤ ᠪᠠᠷ︾ ᠲᠤ ᠬᠦᠷᠭᠡᠨ᠎ᠡ᠂ ᠲᠤᠬᠠᠶᠢᠯᠠᠪᠠᠯ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠳᠤ ᠬᠦᠷᠭᠡᠨ᠎ᠡ︔ ︽ᠭᠤᠷᠪᠠᠨ ᠤᠬᠠᠮᠰᠠᠷ︾ ᠢ ᠴᠢᠩᠭᠠᠳᠬᠠᠨ᠎ᠠ᠂ ᠲᠤᠬᠠᠶᠢᠯᠠᠪᠠᠯ ᠤᠯᠤᠰ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ  ᠴᠢᠩᠭᠠᠳᠬᠠᠨ᠎ᠠ︔ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠦᠨ᠎ᠡ᠂ ᠲᠤᠬᠠᠶᠢᠯᠠᠪᠠᠯ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠨ᠎ᠡ︔ ︽ᠲᠠᠪᠤᠨ ᠦᠵᠡᠯᠲᠡ︾ ᠶᠢ ᠪᠤᠢ ᠪᠤᠯᠭᠠᠨ᠎ᠠ᠂  ᠲᠤᠬᠠᠶᠢᠯᠠᠪᠠᠯ ᠤᠯᠤᠰ ᠤᠨ ᠦᠵᠡᠯᠲᠡ᠂ ᠲᠡᠦᠬᠡ   ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ  ᠶᠢ ᠪᠠᠲᠤ ᠪᠠᠬᠢ ᠪᠤᠶ ᠪᠣᠯᠭᠠᠬᠤ ᠶᠠᠪᠤᠳᠠᠯ ᠪᠣᠯᠣᠨ᠎ᠠ᠃   18. ᠶᠠᠭᠤᠨ ᠤ ᠤᠴᠢᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ  ᠦᠨᠳᠦᠰᠦᠲᠡᠨ ᠤ ᠠᠵᠢᠯ ᠤᠨ ︽ᠬᠥᠲᠥᠯᠪᠦᠷᠢ ︾ ᠮᠥᠨ ᠭᠡᠵᠦ ᠬᠡᠯᠡᠵᠦ ᠪᠠᠶᠢᠭ᠎ᠠ ᠪᠤᠢ︖    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠠᠯᠢᠪᠠ ᠠᠵᠢᠯ ᠡᠬᠦᠨ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠮᠠᠨ ᠤ ᠨᠠᠮ ᠤᠨ ᠵᠠᠭᠤᠨ ᠵᠢᠯ ᠤᠨ ᠦᠨᠳᠦᠰᠦᠲᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠭᠠᠨ ᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ᠂ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠦᠵᠡᠯ ᠰᠠᠨᠠᠭ᠎ᠠ ᠣᠶᠢᠯᠠᠭᠠᠭᠳᠠᠬᠤᠨ᠂ ᠣᠶᠣᠨ ᠰᠠᠨᠠᠭᠠᠨ ᠤ ᠳᠤᠷ᠎ᠠ ᠰᠣᠨᠢᠷᠬᠠᠯ᠂ ᠠᠮᠢᠳᠤᠷᠠᠯ ᠤᠨ ᠠᠷᠭ᠎ᠠ ᠮᠠᠶ᠋ᠢᠭ ᠢ ᠣᠳᠣᠬᠢᠴᠢᠯᠠᠯᠲᠠ ᠲᠡᠰᠢ ᠤᠷᠤᠭᠰᠢᠯᠠᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠬᠦ ᠶᠢ ᠬᠦᠨᠳᠦᠳᠬᠡᠨ ᠪᠠᠲᠤᠯᠠᠬᠤ ᠬᠡᠷᠡᠭᠲᠡᠢ᠃      19. ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ 12 ᠵᠦᠢᠯ ᠤᠨ ᠡᠷᠬᠡᠪᠰᠢ ᠭᠡᠳᠡᠭ ᠨᠢ ᠶᠠᠭᠤ ᠪᠤᠢ︖    ᠨᠢᠭᠡ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠤᠶᠠᠷ ᠲᠤ᠂ ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠬᠤ᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠢ᠃ ᠲᠠᠪᠤ ᠳᠤ᠂ ᠡᠷᠬᠡᠪᠰᠢ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ᠂ ᠲᠦᠷᠦ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠤᠷᠤᠯᠴᠠᠬᠤ ᠶᠢ ᠪᠠᠲᠤᠯᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠵᠢᠷᠭᠤᠭ᠎ᠠ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠲᠤᠯᠤᠭ᠎ᠠ ᠳᠤ᠂ ᠡᠷᠬᠡᠪᠰᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠲᠡᠮᠵᠢᠵᠤ᠂ ᠬᠠᠮᠲᠤ ᠪᠠᠷ ᠬᠥᠭᠵᠢᠬᠦ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ᠃ ᠨᠠᠢᠮᠠ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠤᠶᠤᠨ ᠰᠠᠨᠠᠭ᠎ᠠ ᠶᠢ ᠬᠠᠷᠢᠯᠴᠠᠨ ᠲᠦᠰᠢᠯᠴᠡᠬᠦᠯᠵᠦ᠂ ᠬᠥᠮᠥᠰ ᠤᠨ ᠰᠡᠳᠬᠢᠯ ᠨᠢᠭᠡᠳᠴᠦ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠶᠢᠰᠦ ᠳᠤ᠂ ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ ᠪᠠᠶᠢᠬᠤ ᠶᠢ ᠠᠬᠢᠭᠤᠯᠬᠤ ᠬᠡᠷᠡᠭᠲᠡᠢ᠃ ᠠᠷᠪᠠ ᠳᠤ᠂ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠲᠤᠭᠳᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠠᠷᠪᠠᠨ ᠨᠢᠭᠡ ᠳᠤ᠂ ᠡᠷᠬᠡᠪᠰᠢ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠦᠨᠳᠦᠰᠦᠲᠡᠨ ᠨᠦᠭᠦᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠡᠬᠡ ᠣᠷᠣᠨᠴᠢ ᠦᠵᠡᠯ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠡᠬᠡ ᠣᠷᠣᠨ ᠤ ᠨᠢᠭᠡᠳᠦᠯ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠬᠤ ᠬᠡᠷᠡᠭᠲᠡᠢ᠃ ᠠᠷᠪᠠᠨ ᠬᠤᠶᠠᠷ ᠲᠤ᠂ ᠡᠷᠬᠡᠪᠰᠢ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ ᠤᠨ ᠦᠨᠳᠦᠰᠦᠲᠡᠨ ᠤ ᠠᠵᠢᠯ ᠤᠨ ᠤᠨᠤᠯ ᠪᠠ ᠦᠢᠯᠡᠳᠦᠯᠭᠡ ᠶᠢᠨ ᠤᠶᠤᠨ ᠤᠬᠠᠭᠠᠨ ᠤ ᠤᠬᠢ ᠪᠦᠲᠦᠭᠡᠯ ᠮᠥᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠮᠥᠨ᠂ ᠪᠦᠬᠦ ᠨᠠᠮ ᠢᠶᠠᠷ ᠢᠶᠠᠨ ᠡᠷᠬᠡᠪᠰᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠤᠱᠯᠠᠭᠤᠯᠬᠤ ᠬᠡᠷᠡᠭᠲᠡᠢ᠃     20. ᠦᠨᠳᠦᠰᠦᠲᠡᠨ ᠤ ᠠᠵᠢᠯ ᠢ ᠰᠠᠶᠢᠲᠤᠷ ᠬᠢᠵᠦ ᠴᠢᠳᠠᠬᠤ ᠡᠰᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠨᠢ ᠶᠠᠭᠤ ᠪᠤᠢ︖     ᠨᠠᠮ ᠤᠨ ᠤᠳᠤᠷᠢᠳᠤᠯᠭ᠎ᠠ ᠡᠷᠡᠰ ᠴᠢᠩᠭ᠎ᠠ ᠬᠦᠴᠦᠨ ᠲᠠᠢ ᠪᠠᠶᠢᠬᠤ ᠡᠰᠡᠬᠦ ᠪᠤᠯᠤᠨ᠎ᠠ᠃    21. ᠶᠡᠷᠦᠩᠬᠡᠢ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠶᠠᠭᠤ ᠶᠢ ᠡᠬᠡ ᠤᠯᠤᠰ ᠤᠨ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠳᠤ ᠬᠤᠯᠪᠣᠭᠳᠠᠬᠤ ᠶᠡᠭᠡ ᠶᠠᠪᠤᠳᠠᠯ ᠭᠡᠬᠦ ᠪᠣᠢ︖     ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃     22. ᠶᠡᠷᠦᠩᠬᠡᠢ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠶᠠᠭᠤ ᠶᠢ ︽ᠬᠤᠣᠰ ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠪᠡᠶᠡᠯᠡᠭᠦᠯᠬᠦ ᠶᠢᠨ ᠲᠦᠰᠢᠭᠯᠡᠬᠦ ᠬᠦᠴᠦᠨ ᠭᠡᠬᠦ ᠪᠤᠢ︖     56 ᠦᠨᠳᠦᠰᠦᠲᠡᠨ ᠤ ᠪᠦᠯᠬᠦᠮᠳᠡᠯ ᠪᠠ ᠬᠦᠴᠦᠨ ᠪᠤᠯᠤᠨ᠎ᠠ᠃    23. 2014 ᠣᠨ ᠤ 9 ᠰᠠᠷ᠎ᠠ ᠳᠤ᠂ ᠰᠢ ᠶᠢᠨ ᠫᠢᠩ ᠶᠡᠷᠦᠩᠬᠡᠢ ᠱᠦᠵᠢ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠶᠠᠭᠤ ᠶᠢ ᠡᠷᠡᠰ ᠡᠰᠡᠷᠭᠦᠴᠡᠬᠦ ᠬᠡᠷᠡᠭᠲᠡᠢ ᠪᠣᠢ︖     ᠬᠢᠲᠠᠳ ᠤᠨ ᠳᠡᠭᠡᠷᠡᠩᠭᠦᠢ ᠦᠵᠡᠯ ᠪᠠ ᠦᠨᠳᠦᠰᠦᠲᠡᠨ ᠤ ᠢᠪᠴᠤᠤ ᠦᠵᠡᠯ ᠢ ᠡᠷᠡᠰ ᠡᠰᠡᠷᠬᠦᠴᠡᠬᠦ ᠬᠡᠷᠡᠭᠳᠡᠢ᠃    24. ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠭᠤᠣᠯ ᠡᠭᠦᠷᠭᠡ ᠨᠢ ᠶᠠᠭᠤ ᠪᠣᠢ︖    ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠰᠠᠭᠤᠳᠠᠯ᠂ ᠦᠨᠳᠦᠰᠦᠲᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃     25. 2021 ᠣᠨ ᠪᠣᠯᠲᠠᠯ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠡᠳᠦ ᠤᠳᠠᠭ᠎ᠠ ᠬᠤᠷᠠᠯᠳᠤᠭᠤᠯᠤᠭᠰᠠᠨ ᠪᠣᠢ︖      ᠨᠠᠶᠢᠳᠠ 7 ᠤᠳᠠᠭ᠎ᠠ ᠬᠤᠷᠠᠯᠳᠤᠭᠤᠯᠪᠠ᠃ ᠲᠤᠰ ᠲᠤᠰ᠄ 1988 ᠣᠨ ︵ᠨᠢᠭᠡ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠰᠢᠯᠭᠠᠯᠲᠠ ᠮᠥᠨ︶᠂ 1994 ᠣᠨ ︵ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠣᠷᠣᠨ ᠤ ᠠᠵᠤ ᠠᠬᠤᠢ ᠰᠣᠶᠣᠯ ᠤᠨ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ︶᠂ 1999 ᠣᠨ ︵ᠡᠷᠢᠨ ᠵᠠᠭᠤᠨ ᠤ ᠠᠭᠤᠯᠵᠠᠷ ᠤᠨ ᠦᠨᠳᠦᠰᠦᠲᠡᠨ ᠤ ᠦᠪᠡᠳᠡᠭᠰᠢ ᠴᠤᠭᠯᠠᠭᠠᠨ ᠮᠥᠨ︶᠂ 2005 ᠣᠨ ︵ᠦᠨᠳᠦᠰᠦᠲᠡᠨ ᠤ ᠠᠵᠢᠯ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠡᠭᠡᠷ᠎ᠡ ᠨᠢᠭᠳᠠᠷᠠᠭᠤᠯᠪᠠ︶᠂ 2009 ᠣᠨ ︵ᠲᠤᠷᠰᠢᠯᠭ᠎ᠠ ᠪᠠᠨ ᠳ᠋ᠦᠩᠨᠡᠵᠦ᠂ ᠠᠵᠠ ᠲᠣᠬᠢᠶᠠᠯ ᠪᠠ ᠥᠷᠢᠰᠦᠯᠳᠦᠭᠡᠨ ᠢ ᠵᠠᠳᠠᠯᠤᠪᠠ︶᠂ 2014 ᠣᠨ ︵ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠪᠠ︶᠂ 2019 ᠣᠨ ︵︽ᠤᠯᠠᠨ ᠡᠰᠢᠲᠦ ᠨᠢᠭᠡ ᠴᠣᠭᠴᠠᠵᠢᠯᠲᠠ︾ ᠶᠢᠨ ᠲᠣᠭᠤᠷᠢᠨ ᠳᠤ ᠦᠨᠳᠦᠰᠦᠲᠡᠨ ᠤ ᠲᠡᠦᠬᠡ ᠶᠢᠨ ᠤᠬᠠᠭᠠᠨ ᠤ ᠤᠨᠤᠯ ᠤᠨ ᠰᠤᠳᠤᠯᠭᠠᠨ ᠢ ᠠᠬᠢᠭᠤᠯᠪᠠ︶᠃   26. ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ ᠲᠥᠪ ᠬᠤᠷᠢᠶ᠎ᠠ ᠠᠴᠠ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠡᠳᠦ ᠤᠳᠠᠭ᠎ᠠ ᠬᠤᠷᠠᠯᠳᠤᠭᠤᠯᠪᠠ᠂ ᠤᠳᠠᠭ᠎ᠠ ᠪᠦᠷᠢ ᠶᠢᠨ ᠬᠤᠷᠠᠯᠳᠤᠭᠠᠨ ᠤ ᠭᠤᠣᠯ ᠰᠡᠳᠦᠪ ᠨᠢ ᠶᠠᠭᠤ ᠪᠣᠢ︖    ᠨᠠᠶᠢᠳᠠ ᠳᠥᠷᠪᠡ ᠤᠳᠠᠭ᠎ᠠ ᠬᠤᠷᠠᠯᠳᠤᠭᠤᠯᠪᠠ᠃ 1992 ᠣᠨ ᠳᠤ᠂ ᠠᠩᠬ᠎ᠠ ᠤᠳᠠᠭ᠎ᠠ ︽ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ︾ ᠤ ᠬᠡᠯᠪᠡᠷᠢ ᠪᠠᠷ ᠪᠦᠬᠦ ᠤᠯᠤᠰ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ᠂ ᠬᠤᠷᠠᠯᠳᠤᠭᠠᠨ ᠤ ᠭᠤᠣᠯ ᠰᠡᠳᠦᠪ ᠨᠢ ︽ᠡᠯ᠎ᠡ ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢᠨ ᠲᠥᠯᠥᠭᠡ ᠭᠠᠷ ᠬᠤᠯᠪᠣᠨ ᠤᠷᠤᠭᠰᠢᠯᠠᠶ᠎ᠠ︾᠃ 1999 ᠣᠨ ᠳᠤ᠂ ᠬᠤᠶᠠᠳᠤᠭᠠᠷ ᠤᠳᠠᠭᠠᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ᠂ ᠬᠤᠷᠠᠯᠳᠤᠭᠠᠨ ᠤ ᠭᠤᠣᠯ ᠰᠡᠳᠦᠪ  ᠨᠢ ︽ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠵᠤ᠂ ᠦᠨᠳᠦᠰᠦᠲᠡᠨ ᠤ ᠣᠷᠣᠨ ᠤ ᠬᠥᠭᠵᠢᠯᠲᠡ ᠶᠢ ᠲᠦᠷᠭᠡᠳᠬᠡᠨ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠰᠢᠨ᠎ᠡ ᠵᠠᠭᠤᠨ ᠲᠡᠰᠢ ᠪᠦᠬᠦ ᠲᠠᠯ᠎ᠠ ᠪᠠᠷ ᠠᠬᠢᠭᠤᠯᠬᠤ︾ ᠪᠣᠯᠣᠨ᠎ᠠ᠃ 2005 ᠣᠨ ᠳᠤ᠂ ᠭᠤᠷᠪᠠᠳᠤᠭᠠᠷ ᠤᠳᠠᠭᠠᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ ᠂ ᠬᠤᠷᠠᠯ ᠤᠨ ᠭᠤᠣᠯ ᠰᠡᠳᠦᠪ ᠨᠢ ︽ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠦᠨᠳᠦᠰᠦᠲᠡᠨ ᠤ ᠠᠵᠢᠯ ᠢ ᠶᠡᠷᠦᠩᠬᠡᠶᠢᠯᠡᠨ ᠵᠢᠯᠤᠭᠤᠳᠴᠤ᠂ ᠦᠨᠳᠦᠰᠦᠲᠡᠨ ᠤ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ︾ ᠪᠣᠯᠣᠨ᠎ᠠ᠃ 2014 ᠣᠨ ᠳᠤ ᠳᠥᠷᠪᠡᠳᠦᠭᠡᠷ ᠤᠳᠠᠭᠠᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠪᠠ᠂ ᠬᠤᠷᠠᠯᠳᠤᠭᠠᠨ ᠤ ᠭᠤᠣᠯ ᠰᠡᠳᠦᠪ ᠨᠢ ︽ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠰᠠᠭᠤᠳᠠᠯ᠂ ᠦᠨᠳᠦᠰᠦᠲᠡᠨ ᠤ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ ᠂ ᠢᠲᠡᠭᠡᠯ ᠵᠣᠷᠢᠭ ᠢᠶᠠᠨ ᠪᠠᠲᠤᠳᠬᠠᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ   ᠢᠶᠠᠨ ᠳᠡᠭᠡᠭᠰᠢᠯᠡᠭᠦᠯᠦᠨ᠎ᠡ︾᠃   27. ᠰᠢ ᠶᠢᠨ ᠫᠢᠩ ᠶᠡᠷᠦᠩᠬᠡᠢ ᠱᠦᠵᠢ ᠶᠢᠨ 2019 ᠣᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠳ᠋ᠦᠩᠨᠡᠭᠰᠡᠨ ︽ᠳᠥᠷᠪᠡᠨ ᠬᠠᠮᠲᠤ ᠪᠠᠷ︾ ᠤᠨ ᠪᠣᠳᠠᠲᠠᠢ ᠠᠭᠤᠯᠭ᠎ᠠ ᠨᠢ ᠶᠠᠭᠤ ᠪᠣᠶ︖    ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ ᠡᠯ᠎ᠡ ᠦᠨᠳᠦᠰᠦᠲᠡᠨ ᠬᠠᠮᠲᠤ ᠪᠠᠷ ᠨᠡᠭᠡᠭᠡᠭᠰᠡᠨ ᠶᠤᠮ᠃ ᠮᠠᠨ ᠤ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠃ ᠮᠠᠨ ᠤ ᠭᠡᠷᠡᠯ ᠰᠠᠴᠤᠷᠠᠩᠭᠤᠢ ᠰᠣᠶᠣᠯ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠪᠦᠲᠦᠭᠡᠭᠰᠡᠨ ᠶᠤᠮ᠃ ᠮᠠᠨ ᠤ ᠠᠭᠤᠤ ᠶᠡᠭᠡ ᠵᠣᠷᠢᠭ ᠰᠠᠨᠠᠭ᠎ᠠ ᠶᠢ  ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠶᠤᠮ᠃     28. ᠰᠣᠶᠣᠯ ᠢ ᠮᠡᠳᠡᠷᠡᠨ ᠵᠥᠪᠰᠢᠶᠡᠷᠡᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠶᠠᠭᠤ ᠶᠢ ᠴᠢᠬᠤᠯᠠᠴᠢᠯᠠᠭᠰᠠᠨ ᠪᠤᠢ︖    ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷ ᠤᠨ ᠰᠦᠭ ᠰᠦᠨᠡᠰᠦ ᠮᠥᠨ᠃     29. 2017 ᠣᠨ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠳᠤ ᠪᠢᠴᠢᠭᠰᠡᠨ ᠪᠢᠴᠢᠭᠡᠰᠦ ᠨᠢ ᠶᠠᠭᠤ ᠪᠤᠢ︖      ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠪᠠᠨ ᠬᠠᠮᠲᠤᠪᠠᠷ ᠪᠡᠶᠡᠯᠡᠬᠦᠯᠦᠶ᠎ᠡ︾᠃      30. ᠦᠨᠳᠦᠰᠦᠲᠡᠨ ᠤ ᠠᠵᠢᠯ ᠤᠨ ᠬᠠᠮᠤᠭ ᠤᠨ ᠳᠡᠭᠡᠳᠦ ᠪᠠᠷᠢᠮᠵᠢᠶ᠎ᠠ ᠨᠢ ᠶᠠᠭᠤ ᠪᠤᠢ︖      ᠨᠠᠮ ᠠᠴᠠ ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠤᠳᠤᠷᠢᠳᠤᠨ᠎ᠠ᠃      31. ᠶᠠᠭᠤ ᠶᠢ ᠦᠨᠳᠦᠰᠦᠲᠡᠨ ᠤ ᠪᠦᠯᠬᠦᠮᠳᠡᠯ ᠭᠡᠬᠦ ᠪᠣᠢ︖    ᠦᠨᠳᠦᠰᠦᠲᠡᠨ ᠤ ᠪᠦᠯᠬᠦᠮᠳᠡᠯ ᠭᠡᠳᠡᠭ ᠪᠣᠯ ᠦᠨᠳᠦᠰᠦᠲᠡᠨ ᠨᠦᠭᠦᠳ ᠤᠨ ᠬᠤᠭᠤᠷᠣᠨᠳᠣᠬᠢ ᠪᠠ ᠦᠨᠳᠦᠰᠦᠲᠡᠨ ᠤ ᠳᠣᠲᠣᠭᠠᠳᠤ ᠶᠢᠨ ᠪᠦᠯᠬᠦᠮᠳᠡᠯ᠂ ᠲᠤᠬᠠᠶᠢᠯᠠᠪᠠᠯ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠶᠢᠨ ᠠᠰᠢᠭ ᠲᠤᠰᠠ ᠳᠠᠭᠠᠨ ᠰᠠᠭᠤᠷᠢᠯᠠᠨ᠂ ᠬᠠᠷᠢᠯᠴᠠᠨ ᠡᠷᠬᠡ ᠲᠡᠭᠰᠢ ᠪᠠᠷ ᠬᠠᠨᠳᠤᠵᠤ᠂ ᠨᠥᠬᠦᠷᠰᠡᠭ ᠢᠶᠠᠷ ᠬᠠᠷᠢᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠰᠤᠷᠤᠯᠴᠠᠵᠤ᠂ ᠬᠠᠷᠢᠯᠴᠠᠨ ᠬᠠᠪᠰᠤᠷᠤᠯᠴᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠴᠢᠷᠮᠠᠶᠢᠨ ᠲᠡᠮᠡᠴᠡᠬᠦ ᠶᠢ ᠵᠢᠭᠠᠵᠤ ᠪᠠᠶᠢᠨ᠎ᠠ᠃ ᠦᠨᠳᠦᠰᠦᠲᠡᠨ ᠤ ᠪᠦᠯᠬᠦᠮᠳᠡᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠃     32. ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ ᠵᠠᠩᠭᠢᠯᠠᠭ᠎ᠠ᠂ ᠬᠠᠮᠤᠭ ᠤᠨ ᠲᠤᠰᠠ ᠲᠠᠢ  ᠨᠢ ᠶᠠᠭᠤ ᠪᠣᠢ︖      ᠬᠠᠮᠤᠭ ᠤᠨ ᠵᠠᠩᠭᠢᠯᠠᠭ᠎ᠠ ᠨᠢ ᠦᠨᠳᠦᠰᠦᠲᠡᠨ ᠤ ᠪᠦᠯᠬᠦᠮᠳᠡᠯ ᠢ ᠰᠠᠶᠢᠵᠢᠷᠠᠭᠤᠯᠬᠤ ᠶᠠᠪᠤᠳᠠᠯ ᠪᠣᠯᠣᠨ᠎ᠠ᠂ ᠬᠠᠮᠤᠭ ᠤᠨ ᠲᠤᠰᠠᠲᠠᠢ ᠨᠢ ᠬᠥᠮᠥᠰ ᠤᠨ ᠰᠡᠳᠬᠢᠯ ᠢ ᠣᠯᠬᠤ ᠶᠠᠪᠤᠳᠠᠯ ᠪᠣᠯᠣᠨ᠎ᠠ᠃     33. ᠶᠠᠭᠤ ᠶᠢ ᠦᠨᠳᠦᠰᠦᠲᠡᠨ ᠨᠦᠭᠦᠳ ᠡᠷᠬᠡ ᠲᠡᠭᠰᠢ ᠭᠡᠬᠦ ᠪᠤᠢ︖    ᠦᠨᠳᠦᠰᠦᠲᠡᠨ ᠨᠦᠭᠦᠳ ᠡᠷᠬᠡ ᠲᠡᠭᠰᠢ ᠭᠡᠳᠡᠭ ᠨᠢ ᠡᠯ᠎ᠡ ᠦᠨᠳᠦᠰᠦᠲᠡᠨ ᠤ ᠬᠥᠮᠥᠨ ᠠᠮᠠ ᠤᠯᠠᠨ ᠴᠦᠬᠡᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠣᠭᠤᠨᠢ᠂ ᠵᠠᠩ ᠳᠠᠳᠬᠠᠯ ᠪᠠ ᠱᠠᠰᠢᠨ ᠰᠢᠲᠦᠯᠭᠡ ᠠᠳᠠᠯᠢ ᠪᠤᠰᠤ ᠪᠠᠶᠢᠭᠰᠠᠨ ᠴᠤ ᠬᠠᠮᠢᠶ᠎ᠠ ᠦᠭᠡᠢ᠂ ᠴᠥᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠡᠷᠬᠡ ᠲᠡᠭᠰᠢ ᠨᠢᠭᠡ ᠪᠦᠷᠢᠯᠳᠦᠭᠦᠨ ᠪᠠᠶᠢᠵᠤ᠂ ᠠᠳᠠᠯᠢ ᠲᠡᠭᠰᠢ ᠪᠠᠶᠢᠷᠢ ᠰᠠᠭᠤᠷᠢ ᠲᠠᠢ ᠪᠠᠶᠢᠵᠤ᠂ ᠤᠯᠤᠰ ᠣᠷᠣᠨ ᠤ ᠨᠡᠶᠢᠭᠡᠮ ᠤᠨ ᠠᠮᠢᠳᠤᠷᠠᠯ ᠤᠨ ᠠᠯᠢᠪᠠ ᠲᠠᠯ᠎ᠠ ᠪᠠᠷ ᠬᠠᠤᠯᠢ ᠶᠣᠰᠣᠭᠠᠷ ᠠᠳᠠᠯᠢ ᠡᠷᠬᠡ ᠶᠢ ᠡᠳ᠋ᠯᠡᠵᠦ᠂ ᠠᠳᠠᠯᠢ ᠡᠭᠦᠷᠭᠡ ᠶᠢ ᠭᠦᠢᠴᠡᠳᠬᠡᠵᠦ᠂ ᠠᠯᠢᠪᠠ ᠬᠡᠯᠪᠡᠷᠢ ᠶᠢᠨ ᠦᠨᠳᠦᠰᠦᠲᠡᠨ ᠤ ᠳᠠᠷᠤᠯᠠᠯ ᠪᠠ ᠦᠨᠳᠦᠰᠦᠲᠡᠨ ᠤ ᠭᠠᠳᠠᠭᠤᠷᠴᠢᠯᠠᠯ ᠢ ᠡᠰᠡᠷᠭᠦᠴᠡᠳᠡᠭ᠃     34. ᠮᠠᠨ ᠤ ᠠᠭᠤᠤ ᠶᠡᠭᠡ ᠡᠬᠡ ᠣᠷᠣᠨ ᠤ ᠲᠡᠦᠬᠡ ᠶᠢᠨ ᠤᠷᠤᠭᠰᠢᠯᠠᠯᠲᠠ ᠶᠢᠨ ᠭᠤᠣᠯ ᠬᠦᠭ ᠠᠶᠠᠰ ᠨᠢ ᠶᠠᠭᠤ ᠪᠤᠢ︖     ᠡᠬᠡ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠤᠯᠤᠨ᠎ᠠ᠃     35. ᠮᠠᠨ ᠤ ᠤᠯᠤᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠭᠤᠣᠯ ᠠᠭᠤᠯᠭ᠎ᠠ ᠨᠢ ᠶᠠᠭᠤ ᠪᠤᠢ︖     ᠭᠤᠣᠯᠳᠠᠭᠤ ᠦᠨᠳᠦᠰᠦᠲᠡᠨ ᠨᠦᠭᠦᠳ ᠡᠷᠬᠡ ᠲᠡᠭᠰᠢ ᠪᠦᠯᠬᠦᠮᠳᠡᠯ ᠲᠠᠢ ᠪᠠᠶᠢᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠪᠠᠷᠢᠮᠲᠠᠯᠠᠬᠤ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠰᠣᠶᠣᠯ ᠤᠨ ᠦᠢᠯᠡᠰ ᠢ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠪᠣᠯᠪᠠᠰᠤᠷᠠᠯ ᠡᠷᠡᠭᠦᠯ ᠬᠠᠮᠠᠭᠠᠯᠠᠯ ᠵᠡᠷᠭᠡ ᠦᠢᠯᠡᠰ ᠢ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠡᠷᠡᠭᠯᠡᠬᠦ ᠪᠠ ᠬᠥᠭᠵᠢᠭᠦᠯᠬᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ᠂ ᠴᠥᠭᠡᠨ ᠲᠣᠭᠠᠲᠤ ᠦᠨᠳᠦᠰᠦᠲᠡᠨ ᠤ ᠱᠠᠰᠢᠨ ᠰᠢᠲᠦᠯᠭᠡ ᠶᠢᠨ ᠡᠷᠬᠡ ᠴᠢᠯᠦᠭᠡ ᠶᠢ ᠬᠦᠨᠳᠦᠳᠬᠡᠬᠦ ᠪᠠ ᠬᠠᠮᠠᠭᠠᠯᠠᠬᠤ ᠵᠡᠷᠭᠡ ᠲᠠᠯ᠎ᠠ ᠶᠢᠨ ᠠᠭᠤᠯᠭ᠎ᠠ ᠪᠠᠭᠲᠠᠨ᠎ᠠ᠃     36. ᠮᠠᠨ ᠤ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠦᠨᠳᠦᠰᠦᠨ ᠵᠠᠷᠴᠢᠮ ᠨᠢ ᠶᠠᠭᠤ ᠪᠣᠢ︖  ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠶᠢ ᠪᠠᠷᠢᠮᠳᠠᠯᠠᠨ᠎ᠠ︔ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ  ᠬᠡᠷᠡᠭᠵᠢᠬᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠣᠷᠣᠨ ᠤ ᠠᠵᠤ ᠠᠬᠤᠢ ᠰᠣᠶᠣᠯ ᠤᠨ ᠦᠢᠯᠡᠰ ᠢ ᠬᠦᠭᠵᠢᠬᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠦᠨᠳᠦᠳᠬᠡᠨ ᠬᠥᠭᠵᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠱᠠᠰᠢᠨ ᠰᠢᠲᠦᠯᠭᠡ ᠶᠢᠨ ᠡᠷᠬᠡ ᠴᠢᠯᠦᠭᠡ ᠶᠢ ᠬᠦᠨᠳᠦᠳᠭᠡᠨ᠎ᠡ᠃     37. ᠮᠠᠨ ᠤ ᠤᠯᠤᠰ ᠤᠨ ᠦᠨᠳᠦᠰᠦᠲᠡᠨ ᠨᠦᠭᠦᠳ ᠤᠨ ᠡᠷᠬᠡ ᠲᠡᠭᠰᠢ ᠪᠠᠶᠢᠬᠤ ᠡᠷᠬᠡ ᠳᠤ ᠶᠠᠮᠠᠷ ᠬᠡᠳᠦᠨ ᠲᠠᠯ᠎ᠠ ᠪᠠᠭᠲᠠᠬᠤ ᠪᠤᠢ︖    ᠤᠯᠤᠰ ᠲᠦᠷᠦ ᠶᠢᠨ ᠲᠠᠯ᠎ᠠ ᠪᠠᠷ ᠠᠳᠠᠯᠢ ᠲᠡᠭᠰᠢ ᠡᠷᠬᠡ᠂ ᠵᠠᠰᠠᠭ ᠲᠤ ᠣᠷᠤᠯᠴᠠᠬᠤ ᠡᠷᠬᠡ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠡᠷᠬᠡ ᠲᠠᠢ︔ ᠠᠵᠤ ᠠᠬᠤᠢ᠂ ᠨᠡᠶᠢᠭᠡᠮ᠂ ᠰᠣᠶᠣᠯ ᠤᠨ ᠲᠠᠯ᠎ᠠ ᠪᠠᠷ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠢᠶᠠᠷᠴᠤ ᠡᠵᠡᠨ ᠮᠡᠳᠡᠬᠦ ᠡᠷᠬᠡ᠂ ᠤᠯᠤᠰ ᠠᠴᠠ ᠠᠵᠤ ᠠᠬᠤᠢ ᠰᠣᠶᠣᠯ ᠢ ᠬᠠᠪᠰᠤᠷᠤᠨ ᠬᠥᠭᠵᠢᠭᠦᠯᠬᠦ ᠡᠷᠬᠡ ᠶᠢ ᠡᠳ᠋ᠯᠡᠬᠦ᠂ ᠥᠪᠡᠷ ᠤᠨ ᠦᠭᠡ ᠬᠡᠯᠡ ᠦᠰᠦᠭ ᠪᠢᠴᠢᠭ ᠢᠶᠠᠨ ᠬᠡᠷᠡᠭᠯᠡᠬᠦ ᠪᠠ ᠬᠥᠭᠵᠢᠭᠦᠯᠬᠦ᠂ ᠵᠠᠩ ᠳᠠᠳᠬᠠᠯ ᠪᠠ ᠤᠯᠠᠮᠵᠢᠯᠠᠯᠲᠤ ᠰᠣᠶᠣᠯ ᠢ ᠬᠠᠳᠠᠭᠠᠯᠠᠬᠤ ᠪᠤᠶᠤ ᠥᠭᠡᠷᠡᠴᠢᠯᠡᠬᠦ ᠴᠢᠯᠦᠭᠡᠲᠦ ᠡᠷᠬᠡ᠂ ᠰᠤᠷᠭᠠᠨ ᠬᠥᠮᠦᠵᠢᠯ ᠬᠦᠷᠳᠡᠬᠦ ᠡᠷᠬᠡ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠶᠢᠨ ᠡᠷᠬᠡ ᠪᠠ ᠱᠠᠰᠢᠨ ᠰᠢᠲᠦᠯᠭᠡ ᠶᠢᠨ ᠡᠷᠬᠡ ᠴᠢᠯᠦᠭᠡ ᠲᠠᠢ ᠪᠠᠶᠢᠬᠤ ᠡᠷᠬᠡ ᠲᠠᠢ᠃     38. ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠲᠦᠷᠦ ᠶᠢᠨ ᠪᠣᠳᠣᠯᠭ᠎ᠠ ᠶᠢᠨ ᠦᠨᠳᠦᠰᠦᠨ ᠠᠭᠤᠯᠭ᠎ᠠ ᠳᠤ ᠭᠤᠣᠯᠳᠠᠭᠤ ᠶᠠᠮᠠᠷ ᠬᠡᠳᠦᠨ ᠲᠠᠯ᠎ᠠ ᠶᠢ ᠪᠠᠭᠲᠠᠭᠠᠬᠤ ᠪᠤᠢ︖    ᠦᠨᠳᠦᠰᠦᠲᠡᠨ ᠶᠡᠭᠡ ᠪᠠᠭ᠎ᠠ ᠶᠢᠨ ᠢᠯᠭᠠᠯ ᠦᠭᠡᠢ ᠴᠥᠮ ᠡᠷᠬᠡ ᠲᠡᠭᠰᠢ ᠪᠠᠶᠢᠬᠤ︔ ᠠᠯᠢᠪᠠ ᠡᠷᠬᠡ ᠮᠡᠳᠡᠯ ᠤᠨ ᠲᠠᠯ᠎ᠠ ᠪᠠᠷ ᠦᠨᠳᠦᠰᠦᠲᠡᠨ ᠨᠦᠭᠦᠳ ᠪᠦᠷᠢᠨ ᠡᠷᠬᠡ ᠲᠡᠭᠰᠢ ᠪᠠᠶᠢᠬᠤ︔ ᠠᠯᠢᠪᠠ ᠦᠨᠳᠦᠰᠦᠲᠡᠨ ᠢ ᠬᠠᠪᠰᠤᠷᠴᠤ ᠦᠨᠳᠦᠰᠦᠲᠡᠨ ᠤ ᠡᠷᠬᠡ ᠲᠡᠭᠰᠢ ᠶᠢ ᠪᠡᠶᠡᠯᠡᠭᠦᠯᠵᠦ᠂ ᠪᠠᠭ᠎ᠠ ᠪᠠᠭᠤᠷᠠᠢ ᠦᠨᠳᠦᠰᠦᠲᠡᠨ ᠤ ᠠᠰᠢᠭ ᠲᠤᠰᠠ ᠪᠠ ᠡᠷᠬᠡ ᠲᠡᠭᠰᠢ ᠳᠤ ᠣᠨᠴᠠᠭᠠᠶ ᠬᠠᠷᠠᠭᠠᠯᠵᠠᠯ ᠦᠵᠡᠭᠦᠯᠦᠨ᠎ᠡ︔ ᠦᠨᠳᠦᠰᠦᠲᠡᠨ ᠨᠦᠭᠦᠳ ᠴᠥᠮ ᠵᠣᠬᠢᠴᠠᠩᠭᠤᠢ ᠡᠭᠦᠷᠭᠡ ᠶᠢ ᠡᠷᠬᠡᠪᠰᠢ ᠭᠦᠢᠴᠡᠳᠬᠡᠬᠦ ᠬᠡᠷᠡᠭᠲᠡᠢ᠃      39. ᠶᠠᠭᠤᠨ ᠳᠤ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠭᠡᠵᠦ ᠬᠡᠯᠡᠳᠡᠭ ᠪᠤᠢ︖    ᠨᠠᠮ ᠪᠠ ᠲᠦᠷᠦ ᠶᠢᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠣᠯ ᠨᠠᠮ ᠪᠠ ᠲᠦᠷᠦ ᠶᠢᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠯᠡᠯ ᠪᠠ ᠠᠷᠭ᠎ᠠ ᠪᠠᠷᠢᠯ ᠮᠥᠨ᠂ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠳᠦᠷᠢᠮᠵᠢᠯ ᠪᠠ ᠪᠠᠷᠢᠮᠵᠢᠶ᠎ᠠ ᠮᠥᠨ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠭᠡᠷᠡᠯ ᠰᠠᠴᠤᠷᠠᠩᠭᠤᠢ ᠲᠤᠶᠠᠭᠠᠯᠠᠯ ᠳᠣᠣᠷ᠎ᠠ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠦᠷᠰᠦ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭᠠᠨ ᠤ ᠳᠦᠷᠰᠦ ᠪᠠᠶᠢᠳᠠᠯ ᠳᠤ ᠲᠡᠭᠷᠢ ᠭᠠᠵᠠᠷ ᠢ ᠳᠣᠩᠰᠣᠯᠭᠠᠮ᠎ᠠ ᠯᠤᠲᠤ ᠶᠡᠭᠡ ᠬᠤᠪᠢᠷᠠᠯᠲᠠ ᠭᠠᠷᠴᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠥᠷᠨᠢᠨ ᠬᠥᠭᠵᠢᠵᠦ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠭᠡᠷᠡᠯ ᠰᠠᠴᠤᠷᠠᠩᠭᠤᠢ ᠠᠮᠵᠢᠯᠲᠠ ᠣᠯᠵᠠᠢ᠃ ᠮᠠᠨ ᠤ ᠨᠠᠮ ᠤᠨ ᠡᠳᠡᠭᠡᠷ ᠦᠨᠳᠦᠰᠦᠲᠡᠨ ᠤ ᠲᠦᠷᠦ ᠶᠢᠨ ᠪᠣᠳᠣᠯᠭ᠎ᠠ ᠨᠢ ᠮᠠᠨ ᠤ ᠤᠯᠤᠰ ᠤᠨ ᠤᠯᠤᠰ ᠤᠨ ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠵᠥᠪ ᠣᠨᠣᠪᠴᠢᠲᠠᠶ ᠪᠥᠭᠡᠳ ᠪᠦᠲᠦᠮᠵᠢᠲᠡᠶ ᠶᠠᠪᠤᠭᠳᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠢ ᠣᠯᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠬᠠᠮᠲᠤ ᠪᠠᠷ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠬᠤ ᠦᠨᠳᠦᠰᠦᠨ ᠪᠠᠲᠤᠯᠠᠭ᠎ᠠ ᠪᠣᠯᠬᠤ ᠶᠢ ᠪᠣᠳᠠᠲᠤ ᠬᠡᠷᠡᠭ ᠭᠡᠷᠡᠴᠢᠯᠡᠭᠰᠡᠨ ᠪᠠᠶᠢᠨ᠎ᠠ᠃      40. ᠠᠷᠠᠳ ᠢᠷᠭᠡᠨ ᠤ ᠦᠨᠳᠦᠰᠦᠨ ᠡᠭᠦᠷᠭᠡ ᠶᠢᠨ ᠨᠢᠭᠡᠳᠦᠭᠡᠷ ᠵᠤᠷᠪᠤᠰ ᠨᠢ ᠶᠠᠭᠤ ᠪᠤᠢ︖      ᠤᠯᠤᠰ ᠣᠷᠣᠨ ᠤ ᠨᠢᠭᠡᠳᠦᠯ ᠪᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠪᠦᠯᠬᠦᠮᠳᠡᠯ ᠢ ᠬᠠᠮᠠᠭᠠᠯᠠᠨ᠎ᠠ᠃    41. ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠪᠡᠶᠡᠯᠡᠬᠦᠯᠬᠦ︾ ᠶᠡᠷᠦᠩᠬᠡᠢ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖    ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠶᠢᠨ ᠬᠦᠰᠡᠯ ᠵᠡᠭᠦᠳᠦ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢᠨ ᠨᠢᠭᠡᠳᠦᠯᠲᠦ ᠴᠢᠨᠠᠷ ᠪᠠ ᠨᠡᠶᠢᠲᠡᠯᠢᠭ ᠴᠢᠨᠠᠷ ᠢ ᠴᠢᠬᠤᠯᠠᠴᠢᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠣᠨ ᠤᠬᠠᠭᠠᠨ ᠪᠠ ᠬᠦᠴᠦᠨ ᠴᠢᠳᠠᠯ ᠢ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ ᠳᠡᠭᠡᠷ᠎ᠡ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠬᠠᠮᠲᠤ ᠪᠠᠷ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠬᠥᠭᠵᠢᠬᠦ ᠶᠢ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠬᠦᠴᠦᠨ᠂ ᠳᠤᠮᠳᠠᠳᠤ ᠤᠯᠤᠰ ᠤᠨ ᠦᠨ᠎ᠡ ᠥᠷᠲᠡᠭ ᠢ ᠭᠦᠢᠴᠡᠳ ᠢᠯᠡᠷᠡᠬᠦᠯᠦᠨ᠎ᠡ᠃      42. ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠰᠠᠬᠢᠬᠤ ᠶᠤᠰᠤᠳᠠᠢ ︽ᠲᠠᠪᠤᠨ ᠱᠤᠭᠤᠮ︾ ᠭᠡᠵᠦ ᠶᠠᠭᠤ ᠪᠤᠢ︖     ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠥᠭᠡᠨ ᠲᠣᠭᠠᠲᠤ ᠦᠨᠳᠦᠰᠦᠲᠡᠨ ᠤ ᠨᠢᠭᠡ ᠶᠢ ᠴᠦ ᠣᠷᠬᠢᠭᠳᠠᠭᠤᠯᠬᠤ ᠦᠭᠡᠢ ᠭᠡᠬᠦ ᠡᠨᠡ ᠬᠦ ᠬᠤᠷᠢᠭ᠎ᠠ ᠱᠤᠭᠤᠮ ᠢ ᠪᠠᠳᠤ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠡᠨᠡ ᠬᠦ ᠭᠤᠣᠯ ᠱᠤᠭᠤᠮ᠂ ᠦᠨᠳᠦᠰᠦᠲᠡᠨ ᠤ ᠪᠦᠯᠬᠦᠮᠳᠡᠯ ᠭᠡᠬᠦ ᠡᠨᠡ ᠬᠦ ᠠᠮᠢᠨ ᠱᠤᠭᠤᠮ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠡᠨᠡ ᠬᠦ ᠤᠯᠠᠭᠠᠨ ᠱᠤᠭᠤᠮ᠂ ᠢᠨᠲ᠋ᠧᠷ ᠰᠦᠯᠵᠢᠶ᠎ᠡ ᠭᠡᠬᠦ ᠡᠨᠡ ᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠤᠭᠴᠠᠯᠠᠬᠤ ᠬᠡᠷᠡᠭᠲᠡᠢ᠃      43. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠥᠷᠨᠢᠭᠦᠯᠬᠦ ᠳᠤ ᠶᠠᠮᠠᠷ ᠵᠠᠷᠴᠢᠮ ᠢ ᠵᠢᠷᠤᠮᠯᠠᠬᠤ ᠬᠡᠷᠡᠭᠲᠡᠢ ᠪᠣᠢ︖     ᠬᠥᠮᠥᠨ ᠳᠤᠨᠢ ᠲᠣᠬᠢᠷᠠᠭᠤᠯᠤᠨ ᠬᠦᠮᠦᠵᠢᠯ ᠬᠢᠵᠦ᠂ ᠵᠥᠪ ᠲᠠᠯ᠎ᠠ ᠶᠢᠨ ᠬᠥᠮᠦᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠬᠡᠷᠡᠭᠲᠡᠢ᠃      44. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠶᠢᠨ ᠴᠢᠬᠤᠯᠠ ᠠᠭᠤᠯᠭ᠎ᠠ ᠨᠢ ᠶᠠᠭᠤ ᠪᠤᠢ︖      ᠬᠥᠭᠵᠢᠯᠲᠡ ᠪᠠᠨ ᠲᠦᠷᠭᠡᠳᠬᠡᠨ᠎ᠡ᠃      45. ᠳᠤᠮᠳᠠᠳᠤ ᠶᠢᠨ ᠦᠨᠳᠦᠰᠦᠲᠡᠨ ᠤ ᠬᠠᠮᠲᠤ ᠪᠠᠷ ᠬᠥᠭᠵᠢᠬᠦ ᠶᠢᠨ ᠴᠢᠬᠤᠯᠠ ᠤᠷᠢᠲᠠᠯ ᠨᠢ ᠶᠠᠭᠤ ᠪᠤᠢ︖      ᠪᠦᠯᠬᠦᠮᠳᠡᠯ ᠲᠠᠢ ᠲᠣᠭᠲᠠᠭᠤᠨ᠃     46. ᠦᠨᠳᠦᠰᠦᠲᠡᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠨᠢ ᠶᠠᠭᠤ ᠪᠣᠢ︖     ᠲᠡᠷᠢᠭᠦᠨ ᠴᠢᠬᠤᠯᠠ ᠡᠭᠦᠷᠭᠡ ᠪᠣᠯ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠪᠣᠯᠣᠨ᠎ᠠ᠃      47. ᠶᠠᠭᠤ ᠶᠢ ᠦᠨᠳᠦᠰᠦᠲᠡᠨ ᠭᠡᠬᠦ ᠪᠤᠢ︖     ᠦᠨᠳᠦᠰᠦᠲᠡᠨ ᠭᠡᠳᠡᠭ ᠪᠣᠯ ᠬᠥᠮᠥᠰ ᠤᠨ ᠲᠡᠦᠬᠡᠨ ᠳᠡᠭᠡᠷ᠎ᠡ ᠪᠦᠷᠢᠯᠳᠦᠭᠰᠡᠨ ᠬᠠᠮᠲᠤ ᠶᠢᠨ ᠦᠭᠡ ᠬᠡᠯᠡ᠂ ᠬᠠᠮᠲᠤ ᠶᠢᠨ ᠭᠠᠵᠠᠷ ᠣᠷᠣᠨ᠂ ᠬᠠᠮᠲᠤ ᠶᠢᠨ ᠠᠵᠤ ᠠᠬᠤᠢ ᠶᠢᠨ ᠠᠮᠢᠳᠤᠷᠠᠯ ᠵᠢᠴᠢ ᠬᠠᠮᠲᠤ ᠶᠢᠨ ᠰᠣᠶᠣᠯ ᠤᠨ ᠲᠠᠯ᠎ᠠ ᠪᠠᠷ ᠢᠯᠡᠷᠡᠭᠰᠡᠨ ᠬᠠᠮᠲᠤ ᠶᠢᠨ ᠰᠡᠳᠬᠢᠴᠡ ᠶᠢᠨ ᠬᠡᠪ ᠴᠢᠨᠠᠷ ᠲᠠᠢ ᠲᠣᠭᠲᠠᠭᠤᠨ ᠬᠠᠮᠲᠤ ᠶᠢᠨ ᠴᠣᠭᠴᠠ ᠶᠢ ᠵᠢᠭᠠᠵᠤ ᠪᠠᠶᠢᠨ᠎ᠠ᠃      48. ᠮᠠᠷᠺᠰ ᠤᠨ ᠦᠵᠡᠯ ᠤᠨ ᠦᠨᠳᠦᠰᠦᠲᠡᠨ ᠤ ᠦᠵᠡᠯᠲᠡ ᠶᠢᠨ ᠦᠨᠳᠦᠰᠦᠨ ᠠᠭᠤᠯᠭ᠎ᠠ ᠨᠢ ᠶᠠᠭᠤ ᠪᠣᠢ︖     ︵1︶ ᠦᠨᠳᠦᠰᠦᠲᠡᠨ ᠪᠣᠯ ᠨᠢᠭᠡᠨ ᠲᠡᠦᠬᠡ ᠶᠢᠨ ᠠᠢ ᠮᠥᠨ᠂ ᠲᠡᠭᠦᠨ ᠳᠤ ᠥᠪᠡᠷ ᠤᠨ ᠬᠢᠨᠢ ᠪᠦᠷᠢᠯᠳᠦᠬᠦ ᠬᠦᠭᠵᠢᠬᠦ ᠮᠥᠬᠦᠬᠦ ᠪᠤᠰᠤᠳᠴᠢ ᠵᠢᠮ᠎ᠡ ᠶᠣᠰᠣ ᠲᠠᠢ ᠪᠠᠶᠢᠳᠠᠭ︔ ︵2︶ ᠦᠨᠳᠦᠰᠦᠲᠡᠨ ᠪᠠ ᠠᠩᠭᠢ ᠪᠣᠯ ᠠᠳᠠᠯᠢ ᠪᠤᠰᠤ ᠬᠤᠶᠠᠷ ᠨᠡᠶᠢᠭᠡᠮ ᠤᠨ ᠲᠡᠦᠬᠡᠨ ᠦᠵᠡᠭᠳᠡᠯ ᠮᠥᠨ᠂ ᠦᠨᠳᠦᠰᠦᠲᠡᠨ ᠤ ᠠᠰᠠᠭᠤᠳᠠᠯ ᠪᠠ ᠠᠩᠭᠢ ᠶᠢᠨ ᠠᠰᠠᠭᠤᠳᠠᠯ ᠪᠣᠯ ᠰᠢᠨᠵᠢ ᠴᠢᠨᠠᠷ ᠢᠶᠠᠷ ᠠᠳᠠᠯᠢ ᠪᠤᠰᠤ ᠬᠤᠶᠠᠷ ᠵᠦᠢᠯ ᠤᠨ ᠠᠰᠠᠭᠤᠳᠠᠯ ᠮᠥᠨ︔ ︵3︶ ᠦᠨᠳᠦᠰᠦᠲᠡᠨ ᠤ ᠠᠰᠠᠭᠤᠳᠠᠯ ᠪᠣᠯ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠠᠰᠠᠭᠤᠳᠠᠯ ᠤᠨ ᠨᠢᠭᠡ ᠬᠡᠰᠡᠭ ᠮᠥᠨ ᠂ ᠨᠡᠶᠢᠭᠡᠮ ᠤᠨ ᠶᠡᠷᠦᠩᠬᠡᠢ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠯᠠ ᠰᠠᠶ᠋ᠢ ᠰᠢᠢᠳᠪᠦᠷᠢᠯᠡᠵᠦ ᠴᠢᠳᠠᠨ᠎ᠠ︔ ︵4︶ ᠦᠨᠳᠦᠰᠦᠲᠡᠨ ᠨᠦᠭᠦᠳ ᠡᠷᠬᠡ ᠲᠡᠭᠰᠢ ᠪᠠᠷ ᠬᠤᠯᠪᠣᠭᠠᠯᠠᠵᠤ᠂ ᠦᠨᠳᠦᠰᠦᠲᠡᠨ ᠤ ᠭᠠᠳᠠᠭᠤᠷᠴᠢᠯᠠᠯ ᠪᠠ ᠦᠨᠳᠦᠰᠦᠲᠡᠨ ᠤ ᠳᠠᠷᠤᠯᠠᠯ ᠢ ᠡᠰᠡᠷᠭᠦᠴᠡᠬᠦ ᠪᠣᠯ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠵᠠᠷᠴᠢᠮ ᠮᠥᠨ᠃      49. ᠮᠠᠨ ᠤ ᠤᠯᠤᠰ ᠤᠨ ᠦᠨᠳᠦᠰᠦᠲᠡᠨ ᠤ ᠬᠠᠷᠢᠴᠠᠭ᠎ᠠ ᠶᠢ ᠰᠢᠢᠳᠪᠦᠷᠢᠯᠡᠬᠦ ᠭᠤᠷᠪᠠᠨ ᠵᠠᠷᠴᠢᠮ ᠨᠢ ᠶᠠᠭᠤ ᠪᠤᠢ︖      ᠦᠨᠳᠦᠰᠦᠲᠡᠨ ᠨᠦᠭᠦᠳ ᠡᠷᠬᠡ ᠲᠡᠭᠰᠢ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠦᠨᠳᠦᠰᠦᠲᠡᠨ ᠨᠦᠭᠦᠳ ᠬᠠᠮᠲᠤ ᠪᠠᠷ ᠴᠡᠴᠡᠭᠯᠡᠨ ᠬᠥᠭᠵᠢᠨ᠎ᠡ᠃      50. ︽ᠦᠨᠳᠦᠰᠦᠨ ᠬᠠᠤᠯᠢ︾ ᠳᠠᠬᠢ ᠮᠠᠨ ᠤ ᠤᠯᠤᠰ ᠤᠨ ᠤᠯᠠᠨ ᠦᠨᠳᠦᠰᠦᠲᠡᠨ ᠤ ᠤᠯᠤᠰ ᠤᠨ ᠦᠨᠳᠦᠰᠦᠨ ᠪᠠᠶᠢᠳᠠᠯ ᠤᠨ ᠲᠤᠬᠠᠢ ᠬᠤᠷᠢᠶᠠᠩᠭᠤᠶᠢᠯᠠᠯ ᠨᠢ ᠶᠠᠭᠤ ᠪᠤᠢ︖    ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠢᠶᠠᠨ ᠴᠣᠭᠴᠠᠯᠠᠨ ᠪᠠᠶᠢᠭᠤᠯᠤᠭᠰᠠᠨ ᠤᠯᠡᠠ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠮᠥᠨ᠃      51. ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠳᠡᠭᠡᠳᠦ ᠠᠰᠢᠭ ᠲᠤᠰᠠ ᠨᠢ ᠶᠠᠭᠤ ᠪᠤᠢ︖     ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ᠃     52. ᠨᠠᠮ ᠪᠠ ᠲᠦᠷᠦ ᠠᠴᠠ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠤᠨ ᠠᠰᠠᠭᠤᠳᠠᠯ ᠤᠨ ᠲᠤᠬᠠᠢ ᠦᠨᠳᠦᠰᠦᠨ ᠲᠦᠷᠦ ᠶᠢᠨ ᠪᠣᠳᠣᠯᠭ᠎ᠠ ᠨᠢ ᠶᠠᠭᠤ ᠪᠤᠢ︖    ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠦᠨᠳᠦᠰᠦᠲᠡᠨ ᠨᠦᠭᠦᠳ ᠴᠥᠮ ᠲᠤᠰ ᠦᠨᠳᠦᠰᠦᠲᠡᠨ ᠤ ᠪᠠᠨ ᠵᠠᠩ ᠳᠠᠳᠬᠠᠯ ᠢ ᠬᠠᠳᠠᠭᠠᠯᠠᠬᠤ ᠪᠤᠶᠤ ᠥᠭᠡᠷᠡᠴᠢᠯᠡᠬᠦ ᠡᠷᠬᠡ ᠴᠢᠯᠦᠭᠡ ᠲᠠᠢ᠃     53. ᠦᠨᠳᠦᠰᠦᠲᠡᠨ ᠤ ᠠᠵᠢᠯ ᠤᠨ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠨᠢ ᠶᠠᠭᠤ ᠪᠤᠢ︖   ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ ᠠᠵᠢᠯ ᠤᠨ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠦᠨᠳᠦᠰᠦᠨ ᠪᠠᠲᠤᠯᠠᠭ᠎ᠠ ᠮᠥᠨ᠃     54. ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠨᠢ ᠶᠠᠭᠤ ᠲᠠᠢ ᠬᠤᠯᠪᠣᠭᠳᠠᠬᠤ ᠪᠤᠢ︖    ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠲᠠᠢ ᠬᠤᠯᠪᠣᠭᠳᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠲᠠᠢ ᠬᠤᠯᠪᠤᠭᠳᠠᠨ᠎ᠠ᠃     55. ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠳᠤᠮᠳᠠᠬᠢ ᠳᠠᠪᠠᠭᠤᠯᠢᠭ ᠨᠢ ᠶᠠᠭᠤ ᠪᠣᠢ︖    ᠦᠨᠳᠦᠰᠦᠲᠡᠨ ᠤ ᠭᠠᠵᠠᠷ ᠣᠷᠣᠨ ᠭᠠᠵᠠᠷ ᠠᠭᠤᠳᠠᠮ ᠡᠳ᠋ ᠪᠠᠶᠠᠯᠢᠭ ᠡᠯᠪᠡᠭ ᠳᠡᠯᠪᠡᠭ᠂ ᠪᠠᠶᠢᠭᠠᠯᠢ ᠶᠢᠨ ᠡᠬᠢ ᠪᠠᠶᠠᠯᠢᠭ ᠢᠯᠠᠩᠭᠤᠶ᠎ᠠ ᠡᠨᠧᠷᠭᠢ ᠶᠢᠨ ᠰᠤᠷᠪᠤᠯᠵᠢ ᠡᠬᠢ ᠪᠠᠶᠠᠯᠢᠭ ᠡᠯᠪᠡᠭ ᠳᠡᠯᠪᠡᠭ᠂ ᠨᠡᠭᠡᠭᠡᠨ ᠠᠰᠢᠭᠯᠠᠬᠤ ᠳᠠᠯᠳᠠ ᠬᠦᠴᠦᠨ ᠯᠤᠲᠤ ᠶᠡᠭᠡ ᠪᠠᠶᠢᠳᠠᠭ︔ ᠣᠯᠠᠩᠬᠢ ᠨᠢ ᠮᠠᠨ ᠤ ᠤᠯᠤᠰ ᠤᠨ ᠡᠷᠬᠢᠨ ᠲᠣᠭᠤᠷᠢᠨ ᠤ ᠤᠯᠤᠰ ᠤᠳ ᠲᠠᠢ ᠵᠠᠬ᠎ᠠ ᠨᠡᠶᠢᠯᠡᠵᠦ ᠪᠠᠶᠢᠭ᠎ᠠ ᠪᠣᠯᠬᠤᠷ ᠭᠠᠳᠠᠭᠰᠢ ᠨᠡᠭᠡᠭᠡᠯᠲᠡ ᠬᠢᠬᠦ ᠠᠰᠢᠭᠲᠠᠢ ᠨᠥᠬᠦᠴᠡᠯ ᠲᠠᠢ ᠪᠠᠶᠢᠳᠠᠭ︔ ᠦᠨᠳᠦᠰᠦᠲᠡᠨ ᠤ ᠠᠭᠤᠰᠤᠯᠴᠠᠯ᠂ ᠰᠣᠶᠣᠯ ᠤᠨ ᠰᠣᠯᠪᠢᠴᠠᠯ᠂ ᠰᠣᠶᠣᠯ ᠤᠨ ᠣᠨᠴᠠᠯᠢᠭ ᠢᠯᠡ ᠲᠣᠳᠣ᠂ ᠠᠭᠤᠯᠤᠭᠳᠠᠬᠤᠨ ᠡᠯᠪᠡᠭ ᠪᠠᠶᠠᠯᠢᠭ ᠪᠠᠶᠢᠳᠠᠭ︔ ᠭᠠᠵᠠᠷ ᠵᠦᠢ ᠶᠢᠨ ᠦᠵᠡᠮᠵᠢ ᠨᠢ ᠥᠪᠡᠷᠮᠢᠴᠡ ᠪᠥᠭᠡᠳ ᠣᠯᠠᠨ ᠶᠠᠩᠵᠤ ᠶᠢᠨ ᠪᠠᠶᠢᠵᠤ᠂ ᠰᠤᠶᠤᠯ ᠢᠷᠭᠡᠨᠰᠢᠯ ᠪᠠᠶᠢᠭᠠᠯᠢ ᠶᠢᠨ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠳᠠᠭ᠃     56. ᠮᠠᠨ ᠤ ᠠᠯᠢᠪᠠ ᠠᠵᠢᠯ ᠤᠨ ᠡᠭᠦᠰᠦᠯᠲᠡ ᠪᠠ ᠲᠤᠰᠤᠯᠳᠠ ᠨᠢ ᠶᠠᠭᠤ ᠪᠤᠢ︖    ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ ᠡᠭᠦᠰᠬᠡᠯ ᠪᠠ ᠲᠤᠰᠤᠯᠳᠠ ᠮᠥᠨ᠂ ᠮᠠᠨ ᠤ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠶᠢᠨ ᠴᠢᠬᠤᠯᠠ ᠢᠯᠡᠷᠡᠯ ᠮᠥᠨ᠃    57. ᠦᠨᠳᠦᠰᠦᠲᠡᠨ ᠤ ᠠᠰᠠᠭᠤᠳᠠᠯ ᠤᠨ ᠲᠠᠪᠤᠨ ᠶᠡᠭᠡ ᠣᠨᠴᠠᠯᠢᠭ ᠨᠢ ᠶᠠᠭᠤ ᠪᠤᠢ︖    ᠦᠨᠳᠦᠰᠦᠲᠡᠨ ᠤ ᠠᠰᠠᠭᠤᠳᠠᠯ ᠨᠢ ᠪᠦᠬᠦᠶᠢᠯᠡ ᠨᠡᠶᠢᠭᠡᠮ ᠤᠨ ᠬᠥᠭᠵᠢᠯᠲᠡ ᠶᠢᠨ ᠶᠠᠪᠤᠴᠠ ᠳᠤ ᠲᠦᠭᠡᠮᠡᠯ ᠴᠢᠨᠠᠷ᠂ ᠤᠷᠲᠤ ᠤᠳᠠᠭᠠᠨ ᠴᠢᠨᠠᠷ᠂ ᠪᠤᠳᠤᠯᠢᠶᠠᠨᠲᠤ ᠴᠢᠨᠠᠷ᠂ ᠳᠡᠯᠡᠬᠡᠢ ᠨᠡᠶᠢᠲᠡ ᠶᠢᠨ ᠴᠢᠨᠠᠷ᠂ ᠴᠢᠬᠤᠯᠠ ᠴᠢᠨᠠᠷ ᠵᠡᠷᠭᠡ ᠲᠠᠪᠤᠨ ᠦᠨᠳᠦᠰᠦᠨ ᠣᠨᠴᠠᠯᠢᠭ ᠲᠠᠢ ᠪᠠᠶᠢᠳᠠᠭ᠃    58. ᠦᠨᠳᠦᠰᠦᠲᠡᠨ ᠤ ᠠᠰᠠᠭᠤᠳᠠᠯ ᠤᠨ ᠤᠷᠳᠤ ᠤᠳᠠᠭᠠᠨ ᠴᠢᠨᠠᠷ ᠲᠤ ᠬᠡᠷᠬᠢᠨ ᠵᠥᠪ ᠢᠶᠠᠷ ᠬᠠᠨᠳᠤᠬᠤ ᠪᠤᠢ︖    ᠦᠨᠳᠦᠰᠦᠲᠡᠨ ᠣᠷᠣᠰᠢᠵᠤ ᠪᠠᠶᠢᠳᠠᠭ ᠯᠠ ᠶᠤᠮ ᠪᠣᠯ ᠳᠠᠷᠤᠢ ᠦᠨᠳᠦᠰᠦᠲᠡᠨ ᠤ ᠠᠰᠠᠭᠤᠳᠠᠯ ᠣᠷᠣᠰᠢᠵᠤ ᠪᠠᠶᠢᠳᠠᠭ᠂ ᠦᠨᠳᠦᠰᠦᠲᠡᠨ ᠤ ᠠᠰᠠᠭᠤᠳᠠᠯ ᠤᠨ ᠣᠷᠣᠰᠢᠵᠤ ᠪᠠᠶᠢᠬᠤ ᠨᠢ ᠨᠢᠭᠡᠨ ᠤᠷᠳᠤ ᠬᠤᠭᠤᠴᠠᠭᠠᠨ ᠤ ᠲᠡᠦᠬᠡᠨ ᠦᠵᠡᠭᠳᠡᠯ ᠮᠥᠨ᠂ ᠡᠭᠦᠨ ᠲᠠᠢ ᠵᠣᠬᠢᠴᠠᠯᠳᠤᠭᠤᠯᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠨᠢ ᠴᠦ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠪᠣᠯᠬᠤ ᠶᠤᠮ᠃    59. ᠣᠳᠣᠬᠢ ᠱᠠᠲᠤᠨ ᠳᠤ ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠤᠨ ᠲᠥᠪᠯᠡᠷᠡᠩᠭᠦᠢ ᠢᠯᠡᠷᠡᠯ  ᠨᠢ ᠬᠠᠮᠢᠭ᠎ᠠ ᠪᠠᠶᠢᠬᠤ ᠪᠤᠢ︖   ᠦᠨᠳᠦᠰᠦᠲᠡᠨ ᠤ ᠠᠰᠠᠭᠤᠳᠠᠯ ᠨᠢ ᠦᠨᠳᠦᠰᠦᠲᠡᠨ ᠤ ᠬᠥᠭᠵᠢᠯᠲᠡ ᠶᠢᠨ ᠲᠠᠯ᠎ᠠ ᠪᠠᠷ ᠢᠯᠡᠷᠡᠵᠦ ᠪᠠᠶᠢᠬᠤ ᠮᠥᠷᠲᠡᠭᠡᠨ ᠪᠠᠰᠠ ᠦᠨᠳᠦᠰᠦᠲᠡᠨ ᠤ ᠬᠠᠷᠢᠴᠠᠭᠠᠨ ᠤ ᠲᠠᠯ᠎ᠠ ᠪᠠᠷ ᠢᠯᠡᠷᠡᠵᠦ ᠪᠠᠶᠢᠨ᠎ᠠ᠃ ᠣᠳᠣᠬᠢ ᠱᠠᠲᠤᠨ ᠳᠤ᠂ ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠨᠢ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠶᠢ ᠲᠤᠯᠭᠠᠮ᠎ᠠ ᠱᠠᠭᠠᠷᠳᠠᠵᠤ ᠪᠠᠶᠢᠭ᠎ᠠ ᠳᠡᠭᠡᠷ᠎ᠡ ᠲᠥᠪᠯᠡᠷᠡᠩᠭᠦᠢ ᠢᠯᠡᠷᠡᠵᠦ ᠪᠠᠶᠢᠨ᠎ᠠ᠃    60. ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠵᠠᠮ ᠨᠢ ᠶᠠᠭᠤ ᠪᠤᠢ︖    ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠪᠤᠯᠤᠨ᠎ᠠ᠃    61. ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠡᠷᠬᠢᠨ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠬᠦ ᠪᠤᠢ︖   ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠠᠰᠠᠭᠤᠳᠠᠯ ᠢ ᠬᠠᠤᠯᠢ ᠴᠠᠭᠠᠵᠠ ᠶᠢᠨ ᠬᠦᠷᠢᠶ᠎ᠡ ᠬᠡᠪᠴᠢᠶᠡᠨ ᠳᠤ᠂ ᠬᠠᠤᠯᠢ ᠪᠠᠷ ᠵᠠᠰᠠᠬᠤ ᠵᠠᠮ ᠢᠶᠠᠷ ᠰᠢᠢᠳᠪᠦᠷᠢᠯᠡᠬᠦ ᠶᠢ ᠪᠠᠷᠢᠮᠲᠠᠯᠠᠬᠤ ᠬᠡᠷᠡᠭᠲᠡᠢ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠬᠤᠯᠪᠣᠭᠳᠠᠭᠰᠠᠨ ᠢᠷᠭᠡᠨ ᠤ ᠪᠠ ᠡᠷᠡᠭᠦᠦ ᠶᠢᠨ ᠬᠡᠷᠡᠭ ᠤᠨ ᠠᠰᠠᠭᠤᠳᠠᠯ ᠢ ᠦᠨᠳᠦᠰᠦᠲᠡᠨ ᠤ ᠠᠰᠠᠭᠤᠳᠠᠯ ᠪᠣᠯᠭᠠᠨ ᠬᠤᠷᠢᠶᠠᠩᠭᠤᠶᠢᠯᠠᠵᠤ ᠪᠣᠯᠬᠤ ᠦᠭᠡᠢ᠂ ᠦᠨᠳᠦᠰᠦᠲᠡᠨ ᠤ ᠭᠠᠵᠠᠷ ᠣᠷᠣᠨ ᠳᠤ ᠡᠭᠦᠰᠦᠭᠰᠡᠨ ᠡᠩ ᠤᠨ ᠵᠥᠷᠢᠴᠡᠯ ᠵᠢᠭᠤᠷᠠᠯᠳᠤᠭᠠᠨ ᠢ ᠳᠥᠭᠦᠮᠬᠡᠨ ᠢᠶᠠᠷ ᠦᠨᠳᠦᠰᠦᠲᠡᠨ ᠤ ᠠᠰᠠᠭᠤᠳᠠᠯ ᠪᠣᠯᠭᠠᠨ ᠬᠤᠷᠢᠶᠠᠩᠭᠤᠶᠢᠯᠠᠵᠤ ᠪᠣᠯᠬᠤ ᠦᠭᠡᠢ᠂ ᠨᠡᠩ ᠴᠤ ᠦᠨᠳᠦᠰᠦᠲᠡᠨ ᠤ ᠵᠠᠭᠠᠭ ᠱᠤᠭᠤᠮ ᠢᠶᠠᠷ ᠰᠣᠩᠭᠤᠯᠲᠠ ᠶᠢᠨ ᠴᠢᠨᠠᠷᠲᠠᠢ ᠬᠠᠤᠯᠢ ᠬᠡᠷᠡᠭᠵᠢᠭᠦᠯᠵᠦ ᠪᠣᠯᠬᠤ ᠦᠭᠡᠢ᠃     62. ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠪᠠ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠬᠦ ᠳᠤ ᠪᠠᠷᠢᠮᠲᠠᠯᠠᠬᠤ ᠦᠨᠳᠦᠰᠦᠨ ᠵᠠᠷᠴᠢᠮ ᠨᠢ ᠶᠠᠭᠤ ᠪᠤᠢ︖    ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠳᠠᠯᠠᠨ᠎ᠠ︔ ᠬᠠᠤᠯᠢ ᠪᠠᠷ ᠵᠠᠰᠠᠬᠤ ᠵᠠᠷᠴᠢᠮ ᠢ ᠪᠠᠷᠢᠮᠳᠠᠯᠠᠨ᠎ᠠ︔ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠵᠠᠷᠴᠢᠮ ᠢ ᠪᠠᠷᠢᠮᠳᠠᠯᠠᠨ᠎ᠠ︔ ᠴᠠᠭ ᠲᠤᠬᠠᠢ ᠳᠤᠨᠢ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠎ᠠ᠃     63. ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠭᠤᠯᠤᠯᠲᠠ ᠶᠢ ᠠᠬᠢᠭᠤᠯᠬᠤ ᠳᠤ ᠰᠠᠶᠢᠲᠤᠷ ᠡᠵᠡᠮᠰᠢᠬᠦ ᠬᠡᠷᠡᠭᠲᠡᠢ ᠭᠤᠷᠪᠠᠨ ᠬᠦᠴᠦᠯᠡᠬᠦ ᠴᠡᠭ ᠨᠢ ᠶᠠᠭᠤ ᠪᠤᠢ︖    ᠨᠢᠭᠡ ᠳᠤ ᠢᠵᠢ ᠪᠦᠷᠢᠳᠦᠭᠰᠡᠨ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠪᠦᠷᠢᠨ ᠲᠡᠭᠦᠯᠳᠡᠷ ᠦᠨᠳᠦᠰᠦᠲᠡᠨ ᠤ ᠬᠠᠤᠯᠢ ᠪᠠᠷ ᠵᠠᠰᠠᠬᠤ ᠲᠤᠭᠳᠠᠯᠴᠠᠭ᠎ᠠ ᠪᠠᠶᠢᠭᠤᠯᠤᠨ᠎ᠠ᠃ ᠬᠤᠶᠠᠷ ᠲᠤ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠥᠨᠳᠥᠷ ᠪᠦᠲᠦᠮᠵᠢᠲᠡᠶ ᠲᠤᠭᠳᠠᠯᠴᠠᠭ᠎ᠠ ᠪᠠᠶᠢᠭᠤᠯᠤᠨ᠎ᠠ᠃ ᠭᠤᠷᠪᠠ ᠳᠤ ᠤᠬᠠᠭᠤᠯᠭ᠎ᠠ ᠪᠠ ᠬᠢᠨᠠᠯᠲᠠ ᠲᠠᠯᠪᠢᠯᠳᠠ ᠪᠠᠶᠢᠴᠠᠭᠠᠯᠲᠠ ᠶᠢ ᠴᠢᠩᠭᠠᠳᠬᠠᠵᠤ᠂ ᠦᠨᠳᠦᠰᠦᠲᠡᠨ ᠤ ᠬᠠᠤᠯᠢ ᠪᠠᠷ ᠵᠠᠰᠠᠬᠤ ᠬᠢᠨᠠᠯᠲᠠ ᠲᠠᠯᠪᠢᠯᠳᠠ ᠶᠢᠨ ᠨᠢᠭᠲᠠ ᠴᠢᠩᠭ᠎ᠠ ᠲᠤᠭᠳᠠᠯᠴᠠᠭ᠎ᠠ ᠪᠠᠶᠢᠭᠤᠯᠤᠨ᠎ᠠ᠃     64. ᠮᠠᠨ ᠤ ᠤᠯᠤᠰ ᠤᠨ ᠤᠯᠤᠰ ᠤᠨ ᠠᠮᠤᠷ ᠲᠦᠪᠰᠢᠨ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠠᠮᠤᠷ ᠲᠦᠪᠰᠢᠨ ᠤ ᠬᠠᠮᠤᠭ ᠤᠨ ᠶᠡᠭᠡ ᠰᠦᠷᠳᠡᠭᠦᠯᠦᠯ ᠪᠣᠯᠵᠤ ᠪᠠᠶᠢᠭ᠎ᠠ ᠨᠢ ᠠᠯᠢ ᠭᠤᠷᠪᠠᠨ ᠪᠦᠯᠦᠭ ᠬᠦᠴᠦᠨ ᠪᠣᠯᠬᠤ ᠪᠤᠢ︖     ᠬᠦᠴᠦᠷᠬᠡᠭᠯᠡᠯ ᠰᠦᠷᠳᠡᠭᠦᠯᠦᠯ ᠤᠨ ᠬᠦᠴᠦᠨ᠂ ᠦᠨᠳᠦᠰᠦᠲᠡᠨ ᠢ ᠬᠠᠭᠠᠴᠠᠭᠤᠯᠬᠤ ᠬᠦᠴᠦᠨ᠂ ᠱᠠᠰᠢᠨ ᠰᠤᠷᠲᠠᠬᠤᠨ ᠤ ᠬᠡᠲᠦᠷᠡᠮᠡᠬᠡᠢ ᠬᠦᠴᠦᠨ ᠪᠤᠯᠤᠨ᠎ᠠ᠃     65. ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ ᠤᠨ ︽ᠨᠠᠢᠮᠠ ᠶᠢ ᠪᠠᠷᠢᠮᠲᠠᠯᠠᠬᠤ︾ ᠠᠭᠤᠯᠤᠭᠳᠠᠬᠤᠨ ᠨᠢ ᠶᠠᠭᠤ ᠪᠤᠢ︖    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠨ᠎ᠠ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠳᠠᠯᠠᠨ᠎ᠠ︔ ᠡᠬᠡ ᠣᠷᠣᠨ ᠤ ᠨᠢᠭᠡᠳᠦᠯ ᠢ ᠬᠠᠮᠠᠭᠠᠯᠠᠬᠤ ᠶᠢ ᠪᠠᠷᠢᠮᠳᠠᠯᠠᠨ᠎ᠠ︔ ᠡᠯ᠎ᠡ ᠦᠨᠳᠦᠰᠦᠲᠡᠨ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠎ᠠ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠬᠦᠯᠳᠡᠷᠵᠢᠬᠦᠯᠦᠨ᠎ᠡ︔ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠪᠤᠢ ᠪᠤᠯᠭᠠᠬᠤ ᠶᠢ ᠪᠠᠷᠢᠮᠳᠠᠯᠠᠨ᠎ᠠ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠎ᠠ᠃     66. ᠮᠠᠨ ᠤ ᠤᠯᠤᠰ ᠤᠨ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠤᠯᠤᠰ ᠲᠦᠷᠦ ᠶᠢᠨ ᠲᠦᠷᠢᠮ ᠨᠢ ᠶᠠᠭᠤ ᠪᠤᠢ︖      ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠪᠤᠯᠤᠨ᠎ᠠ᠃      67.  ᠶᠠᠭᠤ ᠶᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠬᠦ ᠪᠤᠢ︖    ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠣᠯ ᠤᠯᠤᠰ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠴᠥᠭᠡᠨ ᠲᠣᠭᠠᠲᠤ ᠦᠨᠳᠦᠰᠦᠲᠡᠨ ᠨᠦᠭᠦᠳ ᠤᠨ ᠲᠥᠪᠯᠡᠷᠡᠨ ᠰᠠᠭᠤᠵᠤ ᠪᠠᠶᠢᠭ᠎ᠠ ᠭᠠᠵᠠᠷ ᠣᠷᠣᠨ ᠳᠤ ᠥᠪᠡᠷᠲᠡᠭᠡᠨ ᠵᠠᠰᠠᠬᠤ ᠪᠠᠶᠢᠭᠤᠯᠭ᠎ᠠ ᠪᠠᠶᠢᠭᠤᠯᠵᠤ᠂ ᠥᠪᠡᠷᠲᠡᠭᠡᠨ ᠵᠠᠰᠠᠬᠤ ᠡᠷᠬᠡ ᠶᠢ ᠬᠡᠷᠡᠭᠵᠢᠭᠦᠯᠦᠨ᠂ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠮᠠᠷᠺᠰ ᠯᠧᠨᠢᠨ ᠤ ᠦᠵᠡᠯ ᠢᠶᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠤᠯᠤᠰ ᠤᠨ ᠦᠨᠳᠦᠰᠦᠨ ᠪᠣᠳᠣᠯᠭ᠎ᠠ ᠮᠥᠨ᠂ ᠤᠯᠤᠰ ᠤᠨ ᠨᠢᠭᠡᠨ ᠦᠨᠳᠦᠰᠦᠨ ᠤᠯᠤᠰ ᠲᠦᠷᠦ ᠶᠢᠨ ᠲᠦᠷᠢᠮ ᠮᠥᠨ᠃      68. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠨᠢ ᠶᠠᠭᠤ ᠪᠤᠢ︖     ᠤᠯᠤᠰ ᠣᠷᠣᠨ ᠤ ᠨᠢᠭᠡᠳᠦᠯ ᠪᠠ ᠠᠮᠤᠷ ᠲᠦᠪᠰᠢᠨ ᠢ ᠬᠠᠮᠠᠭᠠᠯᠠᠬᠤ ᠳᠤ ᠠᠰᠢᠭᠲᠠᠢ᠂ ᠴᠥᠭᠡᠨ ᠲᠣᠭᠠᠲᠤ ᠦᠨᠳᠦᠰᠦᠲᠡᠨ ᠤ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠡᠷᠬᠡ ᠶᠢ ᠪᠠᠲᠤᠯᠠᠬᠤ ᠳᠤ ᠠᠰᠢᠭᠲᠠᠢ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠬᠥᠭᠵᠢᠭᠦᠯᠬᠦ ᠳᠤ ᠠᠰᠢᠭᠲᠠᠢ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃      69. ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢᠨ ᠣᠨᠴᠠᠯᠢᠭ ᠨᠢ ᠶᠠᠭᠤ ᠪᠤᠢ︖    ᠤᠯᠤᠰ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠥᠪᠡᠷᠲᠡᠭᠡᠨ ᠵᠠᠰᠠᠨ᠎ᠠ︔ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠦᠬᠦᠨ ᠴᠥᠮ ᠳᠤᠮᠳᠠᠳᠤ ᠤᠯᠤᠰ ᠤᠨ ᠰᠠᠯᠵᠤ ᠪᠣᠯᠣᠰᠢ ᠦᠭᠡᠢ ᠬᠡᠰᠡᠭ ᠮᠥᠨ︔ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠳ ᠴᠥᠮ ᠡᠷᠬᠡᠪᠰᠢ ᠲᠥᠪ ᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠠᠭᠠᠨ᠎ᠠ︔ ᠦᠨᠳᠦᠰᠦᠲᠡᠨ ᠤ ᠬᠦᠴᠦᠨ ᠵᠦᠢᠯ ᠬᠢᠭᠡᠳ ᠣᠷᠣᠨ ᠪᠦᠰᠡ ᠶᠢᠨ ᠬᠦᠴᠦᠨ ᠵᠦᠢᠯ ᠤᠨ ᠤᠶᠠᠯᠳᠤᠯ ᠮᠥᠨ︔ ᠤᠯᠤᠰ ᠲᠦᠷᠦ ᠶᠢᠨ ᠬᠦᠴᠦᠨ ᠵᠦᠢᠯ ᠪᠠ ᠠᠵᠤ ᠠᠬᠤᠢ ᠶᠢᠨ ᠬᠦᠴᠦᠨ ᠵᠦᠢᠯ ᠤᠨ ᠤᠶᠠᠯᠳᠤᠯ ᠮᠥᠨ᠃    70. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠳᠤ ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ ᠶᠢ ᠬᠡᠷᠬᠢᠨ ᠪᠠᠷᠢᠮᠲᠠᠯᠠᠬᠤ ᠪᠤᠢ︖   ᠪᠦᠯᠬᠦᠮᠳᠡᠨ ᠨᠢᠭᠡᠳᠬᠦ ᠪᠣᠯ ᠤᠯᠤᠰ ᠣᠷᠣᠨ ᠤ ᠬᠠᠮᠤᠭ ᠤᠨ ᠳᠡᠭᠡᠳᠦ ᠠᠰᠢᠭ ᠲᠤᠰᠠ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠮᠥᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠢᠨ ᠤᠷᠢᠲᠠᠯ ᠪᠠ ᠰᠠᠭᠤᠷᠢ ᠮᠥᠨ᠃ ᠤᠯᠤᠰ ᠣᠷᠣᠨ ᠤ ᠪᠦᠯᠬᠦᠮᠳᠡᠯ ᠨᠢᠭᠡᠳᠦᠯ ᠪᠠᠶᠢᠬᠤ ᠦᠭᠡᠢ ᠪᠣᠯ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠶᠠᠷᠢᠬᠤ ᠶᠢᠨ ᠠᠷᠭ᠎ᠠ ᠦᠭᠡᠢ ᠶᠤᠮ᠃ ᠡᠭᠦᠨ ᠤ ᠵᠡᠷᠭᠡᠴᠡᠭᠡᠪᠡᠷ᠂ ᠤᠯᠤᠰ ᠤᠨ ᠬᠠᠤᠯᠢ ᠴᠠᠭᠠᠵᠠ ᠪᠠ ᠵᠠᠰᠠᠭ ᠤᠨ ᠵᠠᠷᠯᠢᠭ ᠢ ᠬᠡᠷᠡᠭᠵᠢᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠶᠢ ᠬᠠᠤᠯᠢ ᠶᠣᠰᠣᠭᠠᠷ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠨᠤᠲᠤᠭ ᠲᠤ ᠣᠨᠴᠠᠭᠠᠶ ᠳᠡᠮᠵᠢᠯᠭᠡ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠨᠤᠲᠤᠭ ᠤᠨ ᠣᠨᠴᠠᠭᠠᠶ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃     71. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢᠨ ᠦᠨᠳᠦᠰᠦᠨ ᠵᠠᠷᠴᠢᠮ ᠨᠢ ᠶᠠᠭᠤ ᠪᠤᠢ︖    ᠴᠥᠭᠡᠨ ᠲᠣᠭᠠᠲᠤ ᠦᠨᠳᠦᠰᠦᠲᠡᠨ ᠨᠦᠭᠦᠳ ᠤᠨ ᠲᠥᠪᠯᠡᠷᠡᠨ ᠰᠠᠭᠤᠭ᠎ᠠ ᠭᠠᠵᠠᠷ ᠣᠷᠣᠨ ᠳᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠦᠨ᠎ᠡ︔ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠢ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠵᠧᠦ᠂ ᠥᠪᠡᠷᠲᠡᠭᠡᠨ ᠵᠠᠰᠠᠬᠤ ᠰᠢᠶᠠᠨ ᠭᠡᠵᠦ ᠬᠤᠪᠢᠶᠠᠨ᠎ᠠ︔ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠪᠦᠬᠦᠨ ᠴᠥᠮ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠯᠵᠤ ᠪᠣᠯᠣᠰᠢ ᠦᠭᠡᠢ ᠬᠡᠰᠡᠭ ᠮᠥᠨ᠃     72. ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠢ ᠬᠠᠮᠢᠭ᠎ᠠ ᠪᠠᠶᠢᠬᠤ ᠪᠤᠢ︖     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠤᠯᠤᠨ᠎ᠠ᠃    73. ᠣᠳᠣᠬᠠᠨ ᠳᠤ ᠪᠦᠬᠦ ᠤᠯᠤᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠲᠤ ᠨᠡᠶᠢᠳᠡ ᠬᠡᠳᠦᠨ ᠥᠪᠡᠷᠲᠡᠭᠡᠨ ᠵᠠᠰᠠᠬᠤ ᠣᠷᠣᠨ᠂ ᠬᠡᠳᠦᠨ ᠥᠪᠡᠷᠲᠡᠭᠡᠨ ᠵᠠᠰᠠᠬᠤ ᠵᠧᠦ᠂ ᠬᠡᠳᠦᠨ ᠥᠪᠡᠷᠲᠡᠭᠡᠨ ᠵᠠᠰᠠᠬᠤ ᠰᠢᠶᠠᠨ ︵ᠬᠤᠰᠢᠭᠤ︶ ᠪᠠᠶᠢᠬᠤ ᠪᠤᠢ︖    5 ᠥᠪᠡᠷᠲᠡᠭᠡᠨ ᠵᠠᠰᠠᠬᠤ ᠣᠷᠣᠨ᠂ 30 ᠥᠪᠡᠷᠲᠡᠭᠡᠨ ᠵᠠᠰᠠᠬᠤ ᠵᠧᠦ᠂ 120 ᠥᠪᠡᠷᠲᠡᠭᠡᠨ ᠵᠠᠰᠠᠬᠤ ᠰᠢᠶᠠᠨ ︵ᠬᠤᠰᠢᠭᠤ︶ ᠲᠠᠢ᠃    74. ᠮᠠᠨ ᠤ ᠤᠯᠤᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠲᠠᠯᠠᠪᠠᠢ ᠶᠢᠨ ᠪᠦᠬᠦ ᠤᠯᠤᠰ ᠤᠨ ᠶᠡᠷᠦᠩᠬᠡᠢ ᠲᠠᠯᠠᠪᠠᠢ ᠳᠠᠬᠢ ᠡᠵᠡᠯᠡᠬᠦ ᠬᠠᠷᠢᠴᠠᠯ ᠨᠢ ᠬᠡᠳᠦᠢ ᠪᠤᠢ︖    64% ᠶᠢ ᠡᠵᠡᠯᠡᠨ᠎ᠡ᠃    75. ᠮᠠᠨ ᠤ ᠤᠯᠤᠰ ᠠᠯᠢ ᠤᠨ ᠳᠤ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ︽ᠦᠨᠳᠦᠰᠦᠨ ᠬᠠᠤᠯᠢ︾ ᠳᠤ ᠪᠢᠴᠢᠵᠦ ᠣᠷᠣᠭᠤᠯᠤᠭᠰᠠᠨ ᠪᠤᠢ︖     1954 ᠣᠨ ᠳᠤ᠃     76. ᠮᠠᠨ ᠤ ᠤᠯᠤᠰ ᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠥᠪᠡᠷᠲᠡᠭᠡᠨ ᠵᠠᠰᠠᠬᠤ ᠪᠠᠶᠢᠭᠤᠯᠭ᠎ᠠ ᠨᠢ ᠶᠠᠭᠤ ᠪᠤᠢ︖     ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠵᠧᠦ᠂ ᠥᠪᠡᠷᠲᠡᠭᠡᠨ ᠵᠠᠰᠠᠬᠤ ᠰᠢᠶᠠᠨ ︵ᠬᠤᠰᠢᠭᠤ︶ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠵᠠᠰᠠᠭ ᠤᠨ ᠣᠷᠳᠣᠨ᠃     77. ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠶᠠᠮᠠᠷ ᠶᠠᠮᠠᠷ ᠣᠨᠴᠠᠭᠠᠶ ᠡᠷᠬᠡ ᠮᠡᠳᠡᠯ ᠤᠨ ᠬᠢᠵᠠᠭᠠᠷᠯᠠᠯ ᠲᠠᠢ ᠪᠤᠢ︖     ᠲᠤᠬᠠᠢ ᠶᠢᠨ ᠭᠠᠵᠠᠷ ᠤᠨ ᠦᠨᠳᠦᠰᠦᠲᠡᠨ ᠤ ᠤᠯᠤᠰ ᠲᠦᠷᠦ᠂ ᠠᠵᠤ ᠠᠬᠤᠢ ᠪᠠ ᠰᠣᠶᠣᠯ ᠤᠨ ᠣᠨᠴᠠᠯᠢᠭ ᠢ ᠦᠨᠳᠦᠰᠦᠯᠡᠵᠦ᠂ ᠥᠪᠡᠷᠲᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠲᠣᠭᠲᠠᠭᠠᠨ᠎ᠠ᠃     78. ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠵᠦ ᠪᠠᠶᠢᠭ᠎ᠠ ᠶᠢᠨ ᠮᠥᠨ ᠴᠢᠨᠠᠷ ᠨᠢ ᠶᠠᠭᠤ ᠪᠤᠢ︖   ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠬᠡᠷᠡᠭᠵᠢᠭᠦᠯᠬᠦ ᠶᠢᠨ ᠮᠥᠨ ᠴᠢᠨᠠᠷ ᠪᠣᠯ ᠳᠠᠷᠤᠢ ᠤᠯᠤᠰ ᠠᠴᠠ ᠴᠥᠭᠡᠨ ᠲᠣᠭᠠᠲᠤ ᠦᠨᠳᠦᠰᠦᠲᠡᠨ ᠨᠦᠭᠦᠳ ᠤᠨ ᠲᠤᠰ ᠦᠨᠳᠦᠰᠦᠲᠡᠨ ᠤ ᠪᠠᠨ ᠳᠣᠲᠣᠭᠠᠳᠤ ᠶᠢᠨ ᠬᠡᠷᠡᠭ ᠶᠠᠪᠤᠳᠠᠯ ᠢᠶᠠᠨ ᠬᠠᠮᠢᠶᠠᠷᠬᠤ ᠡᠷᠬᠡ ᠶᠢ ᠬᠦᠨᠳᠦᠳᠬᠡᠨ ᠪᠠᠲᠤᠯᠠᠬᠤ ᠵᠣᠷᠢᠭ ᠰᠠᠨᠠᠭ᠎ᠠ ᠶᠢ ᠭᠦᠢᠴᠡᠳ ᠬᠠᠷᠠᠭᠤᠯᠵᠤ᠂ ᠤᠯᠤᠰ ᠠᠴᠠ ᠦᠨᠳᠦᠰᠦᠲᠡᠨ ᠨᠦᠭᠦᠳ ᠡᠷᠬᠡ ᠲᠡᠭᠰᠢ᠂ ᠪᠦᠯᠬᠦᠮᠳᠡᠯ ᠲᠠᠢ ᠪᠠᠶᠢᠬᠤ ᠪᠠ ᠬᠠᠮᠲᠤ ᠪᠠᠷ ᠴᠡᠴᠡᠭᠯᠡᠨ ᠬᠥᠭᠵᠢᠬᠦ ᠵᠠᠷᠴᠢᠮ ᠢ ᠪᠠᠷᠢᠮᠲᠠᠯᠠᠨ ᠬᠡᠷᠡᠭᠵᠢᠭᠦᠯᠬᠦ ᠶᠢ ᠬᠠᠷᠠᠭᠤᠯᠬᠤ ᠶᠠᠪᠤᠳᠠᠯ ᠪᠣᠯᠣᠨ᠎ᠠ᠃      79. ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠠᠯᠢ ᠤᠨ ᠳᠤ ᠪᠠᠲᠤᠯᠠᠵᠤ᠂ ᠠᠯᠢ ᠦᠶ᠎ᠡ ᠳᠤ ᠬᠡᠷᠡᠭᠵᠢᠭᠦᠯᠦᠭᠰᠡᠨ ᠪᠤᠢ︖     1984 ᠣᠨ ᠤ 5 ᠰᠠᠷ᠎ᠠ ᠶᠢᠨ 31 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠪᠠᠲᠤᠯᠠᠵᠤ᠂ 1984 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ᠃     80. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠬᠡᠷᠡᠭᠲᠡᠢ ᠭᠡᠵᠦ ᠮᠠᠨ ᠤ ᠤᠯᠤᠰ ᠤᠨ ᠠᠯᠢ ᠨᠢᠭᠡᠨ ᠬᠠᠤᠯᠢ ᠴᠠᠭᠠᠵᠠ ᠳᠤ ᠲᠣᠳᠣᠷᠬᠠᠢ ᠵᠢᠭᠠᠵᠤ ᠭᠠᠷᠭᠠᠭᠰᠠᠨ ᠪᠤᠢ︖     ᠦᠨᠳᠦᠰᠦᠨ ᠬᠠᠤᠯᠢ᠃     81. ᠣᠨᠴᠠᠭᠠᠶ ᠪᠠᠶᠢᠳᠠᠯ ᠢ ᠭᠠᠷᠭᠠᠪᠠᠯ᠂ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠨᠡᠷᠡᠶᠢᠳᠦᠯ ᠢ ᠶᠡᠷᠦᠩᠬᠡᠢ ᠳᠡᠭᠡᠨ ᠶᠠᠮᠠᠷ ᠲᠡᠰ ᠳᠠᠷᠠᠭᠠᠯᠠᠯ ᠢᠶᠠᠷ ᠪᠦᠷᠢᠯᠳᠦᠭᠦᠯᠬᠦ ᠪᠤᠢ︖     ᠣᠷᠣᠨ ᠨᠤᠲᠤᠭ ᠤᠨ ᠨᠡᠷᠡᠶᠢᠳᠦᠯ᠂ ᠦᠨᠳᠦᠰᠦᠲᠡᠨ ᠤ ᠨᠡᠷᠡᠶᠢᠳᠦᠯ᠂ ᠵᠠᠰᠠᠭ ᠵᠠᠬᠢᠷᠭᠠᠨ ᠤ ᠪᠠᠶᠢᠷᠢ ᠰᠠᠭᠤᠷᠢ᠃    82. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯᠳᠤᠭᠠᠨ ᠠᠴᠠ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ︽ᠲᠦᠷᠪᠡᠨ ᠬᠦᠴᠦᠯᠡᠨ︾ ᠭᠡᠵᠦ ᠳᠤᠷᠠᠳᠤᠨ ᠭᠠᠷᠭᠠᠭᠰᠠᠨ ᠨᠢ ᠶᠠᠭᠤ ᠪᠤᠢ︖    ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠯᠬᠤᠴᠠ ᠶᠢ ᠬᠦᠴᠦᠯᠡᠨ ᠲᠦᠷᠭᠡᠳᠬᠡᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠠᠷᠠᠳ ᠲᠦᠮᠡᠨ ᠤ ᠵᠣᠯ ᠵᠢᠷᠭᠠᠯ ᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃    83. ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ᠂ ᠶᠠᠭᠤ ᠶᠢ ᠤᠳᠤ ᠦᠶ᠎ᠡ ᠶᠢᠨ ᠳᠤᠮᠳᠠᠳᠤ ᠤᠯᠤᠰ ᠤᠨ ᠡᠬᠡ ᠣᠷᠣᠨᠴᠢ ᠦᠵᠡᠯ ᠤᠨ ᠢᠯᠡ ᠲᠣᠳᠣ ᠭᠤᠣᠯ ᠰᠡᠳᠦᠪ ᠭᠡᠬᠦ ᠪᠤᠢ︖     ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠪᠡᠶᠡᠯᠡᠬᠦᠯᠦᠨ᠎ᠡ᠃    84. ᠰᠢ ᠶᠢᠨ ᠫᠢᠩ ᠶᠡᠷᠦᠩᠬᠡᠢ ᠱᠦᠵᠢ 2018 ᠣᠨ ᠤ 3 ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠳᠠᠭᠠᠨ ᠮᠠᠨ ᠤ ᠣᠷᠣᠨ ᠳᠤ ᠳᠤᠷᠠᠳᠤᠭᠰᠠᠨ ︽ᠭᠤᠷᠪᠠᠨ ᠯᠠᠪᠳᠠᠭᠤᠨ ᠪᠠᠲᠤᠲᠠᠢ︾ ᠭᠡᠳᠡᠭ ᠨᠢ ᠶᠠᠭᠤ ᠪᠣᠶ︖    ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠯᠠᠪᠳᠠᠭᠤᠨ ᠪᠠᠳᠤᠳᠠᠢ ᠠᠬᠢᠭᠤᠯᠤᠨ᠎ᠠ᠃     85. ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠠᠭᠤᠯᠤᠭᠳᠠᠬᠤᠨ ᠨᠢ ᠶᠠᠭᠤ ᠪᠣᠢ︖    ︽ᠨᠠᠢᠮᠠ ᠶᠢ ᠪᠠᠷᠢᠮᠲᠠᠯᠠᠬᠤ︾᠄ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ︔ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠳᠠᠯᠠᠨ᠎ᠠ︔ ᠡᠬᠡ ᠣᠷᠣᠨ ᠤ ᠨᠢᠭᠡᠳᠦᠯ ᠢ ᠬᠠᠮᠠᠭᠠᠯᠠᠬᠤ ᠶᠢ ᠪᠠᠷᠢᠮᠳᠠᠯᠠᠨ᠎ᠠ︔ ᠡᠯ᠎ᠡ ᠦᠨᠳᠦᠰᠦᠲᠡᠨ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠎ᠠ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ︔ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠬᠤ ᠶᠢ ᠪᠠᠷᠢᠮᠳᠠᠯᠠᠨ᠎ᠠ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠎ᠠ᠃    86. ᠮᠠᠨ ᠤ ᠤᠯᠤᠰ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠵᠠᠯᠭᠠᠮᠵᠢᠯᠠᠬᠤ᠂ ᠬᠠᠮᠠᠭᠠᠯᠠᠬᠤ ᠪᠠ ᠬᠥᠭᠵᠢᠭᠦᠯᠬᠦ ᠶᠢᠨ ᠲᠥᠯᠥᠭᠡ ᠶᠠᠮᠠᠷ ᠶᠠᠮᠠᠷ ᠴᠢᠬᠤᠯᠠ ᠶᠡᠭᠡ ᠠᠷᠭ᠎ᠠ ᠬᠡᠮᠵᠢᠶ᠎ᠡ ᠨᠦᠭᠦᠳ ᠢ ᠠᠪᠤᠭᠰᠠᠨ ᠪᠤᠢ︖    ︵1︶ ᠰᠣᠶᠣᠯ ᠤᠨ ᠲᠥᠬᠦᠭᠡᠷᠦᠮᠵᠢ᠂ ᠪᠠᠶᠢᠭᠤᠯᠤᠮᠵᠢ ᠪᠠ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔ ︵2︶ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠥᠪ ᠢ ᠢᠳᠡᠪᠬᠢᠲᠡᠢ ᠵᠠᠪᠳᠤᠨ ᠠᠪᠤᠷᠠᠵᠤ ᠬᠠᠮᠠᠭᠠᠯᠠᠨ᠎ᠠ︔ ︵3︶ ᠴᠥᠭᠡᠨ ᠲᠣᠭᠠᠲᠤ ᠦᠨᠳᠦᠰᠦᠲᠡᠨ ᠤ ᠰᠣᠶᠣᠯ ᠤᠷᠠᠯᠢᠭ ᠤᠨ ᠴᠡᠴᠡᠭᠯᠡᠯᠲᠡ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ︔ ︵4︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠶᠢ ᠪᠠᠲᠤᠯᠠᠨ᠎ᠠ︔ ︵5︶ ᠴᠥᠭᠡᠨ ᠲᠣᠭᠠᠲᠤ ᠦᠨᠳᠦᠰᠦᠲᠡᠨ ᠤ ᠰᠣᠶᠣᠯ ᠤᠨ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃     87. ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠠᠭᠤᠯᠭ᠎ᠠ ᠨᠢ ᠶᠠᠭᠤ ᠪᠤᠢ︖     ᠪᠠᠶᠠᠨ ᠬᠦᠴᠦᠷᠬᠡᠭ᠂ ᠠᠷᠠᠳᠴᠢᠯᠠᠯ ᠲᠠᠢ᠂ ᠪᠣᠯᠪᠠᠰᠤᠨ᠂ ᠡᠶ᠎ᠡ ᠵᠣᠬᠢᠴᠠᠯ ᠲᠠᠢ᠂ ᠡᠷᠬᠡ ᠴᠢᠯᠦᠭᠡ ᠲᠠᠢ᠂ ᠡᠷᠬᠡ ᠲᠡᠭᠰᠢ᠂ ᠲᠥᠪ ᠭᠤᠣᠯᠴᠢ᠂ ᠬᠠᠤᠯᠢ ᠪᠠᠷ ᠵᠠᠰᠠᠬᠤ᠂ ᠤᠯᠤᠰ ᠢᠶᠠᠨ ᠬᠠᠶᠢᠷᠠᠯᠠᠬᠤ᠂ᠠᠵᠢᠯ ᠦᠢᠯᠡᠰ ᠢᠶᠠᠨ ᠲᠡᠭᠡᠳᠦᠯᠡᠬᠦ᠂ ᠦᠨᠡᠨᠴᠢ ᠢᠲᠡᠭᠡᠮᠵᠢᠲᠡᠢ᠂ ᠨᠥᠬᠦᠷᠰᠡᠭ ᠪᠠᠶᠢᠬᠤ ᠬᠡᠷᠡᠭᠲᠡᠢ᠃    88. ᠳᠤᠮᠳᠠᠳᠤ ᠶᠢᠨ ᠰᠣᠶᠣᠯ ᠨᠢ ᠡᠯ᠎ᠡ ᠦᠨᠳᠦᠰᠦᠲᠡᠨ ᠤ ᠰᠣᠶᠣᠯ ᠤᠨ ᠶᠡᠭᠡ ᠠᠮᠵᠢᠯᠲᠠ ᠶᠢ ᠬᠤᠷᠠᠮᠳᠤᠭᠤᠯᠵᠤ ᠂ ᠠᠯᠢ ᠭᠤᠷᠪᠠᠨ ᠵᠦᠢᠯ ᠤᠨ ᠰᠣᠶᠣᠯ ᠨᠢ ᠬᠠᠮᠲᠤ ᠪᠠᠷ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠢ ᠪᠥᠷᠢᠯᠳᠦᠭᠦᠯᠳᠡᠭ ᠪᠤᠢ︖     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠠ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠃     89. ᠳᠤᠮᠳᠠᠳᠤ ᠶᠢᠨ ᠰᠣᠶᠣᠯ ᠢ ᠬᠡᠷᠬᠢᠨ ᠲᠠᠨᠢᠬᠤ ᠪᠤᠢ︖   ᠳᠤᠮᠳᠠᠳᠤ ᠶᠢᠨ ᠰᠣᠶᠣᠯ ᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠶᠤᠮ᠂ ᠦᠨᠳᠦᠰᠦᠲᠡᠨ ᠨᠦᠭᠦᠳ ᠤᠨ ᠥᠪᠡᠷᠮᠢᠴᠡ ᠣᠨᠴᠠᠯᠢᠭ ᠪᠦᠬᠦᠢ ᠰᠣᠶᠣᠯ ᠢ ᠪᠠᠭᠲᠠᠭᠠᠭᠰᠠᠨ ᠮᠠᠨ ᠤ ᠦᠨᠳᠦᠰᠦᠲᠡᠨ ᠤ ᠬᠠᠮᠲᠤ ᠶᠢᠨ ᠲᠠᠨᠢᠯᠲᠠ ᠮᠥᠨ᠂ ᠳᠤᠮᠳᠠᠳᠤ ᠶᠢᠨ ᠦᠨᠳᠦᠰᠦᠲᠡᠨ ᠢ ᠨᠢᠭᠲᠠᠷᠠᠭᠤᠯᠬᠤ ᠤᠶᠤᠨ ᠰᠠᠨᠠᠭᠠᠨ ᠤ ᠬᠤᠯᠪᠣᠭᠠᠰᠤ ᠮᠥᠨ᠃ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠬᠤ ᠠᠯᠤᠰ ᠬᠡᠳᠦ ᠶᠢᠨ ᠪᠠ ᠦᠨᠳᠦᠰᠦᠨ ᠵᠦᠢᠯ ᠪᠣᠯ ᠰᠣᠶᠣᠯ ᠤᠨ ᠡᠭᠡᠨᠡᠭᠰᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠳᠡᠪᠬᠢᠲᠡᠢ ᠪᠣᠶᠢᠵᠢᠭᠤᠯᠬᠤ ᠶᠠᠪᠤᠳᠠᠯ ᠪᠣᠯᠣᠨ᠎ᠠ᠃      90. ︽ᠭᠤᠷᠪᠠᠨ ᠰᠠᠯᠵᠤ ᠴᠢᠳᠠᠬᠤ ᠦᠭᠡᠢ︾ ᠭᠡᠳᠡᠭ ᠨᠢ ᠶᠠᠭᠤ ᠪᠤᠢ︖     ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠤ ᠪᠠᠨ ᠰᠠᠯᠵᠤ ᠴᠢᠳᠠᠬᠤ ᠦᠭᠡᠢ ᠶᠤᠮ᠃     91. ︽ᠭᠤᠷᠪᠠᠨ ᠰᠣᠯᠢᠯᠴᠠᠭ᠎ᠠ︾ ᠭᠡᠳᠡᠭ ᠨᠢ ᠶᠠᠭᠤ ᠪᠤᠢ︖ ᠬᠡᠵᠢᠶ᠎ᠡ ᠳᠤᠷᠠᠳᠤᠭᠰᠠᠨ ᠪᠤᠢ︖    ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠃ 2010 ᠣᠨ ᠳᠤ ᠲᠥᠪ ᠤᠨ ᠲᠠᠪᠤᠳᠤᠭᠠᠷ ᠤᠳᠠᠭᠠᠨ ᠤ ᠲᠥᠪᠡᠳ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠳᠤᠷᠠᠳᠤᠨ ᠭᠠᠷᠭᠠᠵᠠᠢ᠃      92. ︽ᠭᠤᠷᠪᠠᠨ ᠡᠶ᠎ᠡ︾ ᠭᠡᠵᠦ ᠶᠠᠭᠤ ᠪᠤᠢ︖ ᠬᠡᠵᠢᠶ᠎ᠡ ᠳᠤᠷᠠᠳᠤᠭᠰᠠᠨ ᠪᠤᠢ︖    ᠦᠨᠳᠦᠰᠦᠲᠡᠨ ᠨᠦᠭᠦᠳ ᠡᠶ᠎ᠡ ᠨᠠᠶᠢᠷᠲᠠᠢ ᠬᠠᠮᠲᠤ ᠪᠠᠷ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠦᠭᠵᠢᠨ᠎ᠡ᠃ 2005 ᠣᠨ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ ᠳᠤᠷᠠᠳᠤᠨ ᠭᠠᠷᠭᠠᠵᠠᠢ᠃      93. ︽ᠲᠦᠷᠪᠡᠨ ᠬᠥᠮᠥᠨ ᠪᠦᠬᠦᠨ︾ ᠭᠡᠳᠡᠭ ᠨᠢ ᠶᠠᠭᠤ ᠪᠤᠢ︖     ᠬᠥᠮᠥᠨ ᠪᠦᠬᠦᠨ ᠴᠥᠮ ᠦᠨᠳᠦᠰᠦᠲᠡᠨ ᠤ ᠪᠦᠯᠬᠦᠮᠳᠡᠯ ᠤᠨ ᠦᠵᠡᠯ ᠰᠠᠨᠠᠭ᠎ᠠ ᠲᠠᠢ ᠪᠠᠶᠢᠵᠤ᠂ ᠬᠥᠮᠥᠨ ᠪᠦᠬᠦᠨ ᠴᠥᠮ ᠦᠨᠳᠦᠰᠦᠲᠡᠨ ᠤ ᠪᠦᠯᠬᠦᠮᠳᠡᠯ ᠳᠤ ᠠᠰᠢᠭᠲᠠᠢ ᠦᠭᠡ ᠬᠡᠯᠡᠵᠦ᠂ ᠬᠥᠮᠥᠨ ᠪᠦᠬᠦᠨ ᠴᠥᠮ ᠦᠨᠳᠦᠰᠦᠲᠡᠨ ᠤ ᠪᠦᠯᠬᠦᠮᠳᠡᠯ ᠤᠨ ᠰᠠᠶᠢᠨ ᠶᠠᠪᠤᠳᠠᠯ ᠢ ᠬᠢᠵᠦ᠂ ᠬᠥᠮᠥᠨ ᠪᠦᠬᠦᠨ ᠴᠥᠮ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠲᠡᠢ᠃     94. ︽ᠲᠠᠪᠤ ᠶᠢ ᠬᠠᠮᠠᠭᠠᠯᠠᠬᠤ︾ ᠭᠡᠳᠡᠭ ᠨᠢ ᠶᠠᠭᠤ ᠪᠤᠢ︖    ᠨᠡᠶᠢᠭᠡᠮ ᠵᠢᠷᠤᠮ ᠤᠨ ᠠᠷᠠᠳᠴᠢᠯᠠᠯ ᠢ ᠬᠠᠮᠠᠭᠠᠯᠠᠵᠤ᠂ ᠨᠡᠶᠢᠭᠡᠮ ᠵᠢᠷᠤᠮ ᠤᠨ ᠬᠠᠤᠯᠢ ᠳᠦᠷᠢᠮ ᠢ ᠬᠠᠮᠠᠭᠠᠯᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠡᠬᠡ ᠣᠷᠣᠨ ᠤ ᠨᠢᠭᠡᠳᠦᠯ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ᠃    95. ︽ᠲᠠᠪᠤᠨ ᠦᠵᠡᠯᠳᠡ︾ ᠭᠡᠵᠦ ᠶᠠᠭᠤ ᠪᠤᠢ︖    ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ᠃    96. ︽ᠲᠠᠪᠤᠨ ᠮᠡᠳᠡᠷᠡᠮᠵᠢ︾ ᠭᠡᠳᠡᠭ ᠨᠢ ᠶᠠᠭᠤ ᠪᠤᠢ︖   ᠠᠭᠤᠤ ᠶᠡᠭᠡ ᠡᠬᠡ ᠤᠯᠤᠰ ᠤᠨ ᠲᠤᠬᠠᠢ ᠮᠡᠳᠡᠷᠡᠮᠵᠢ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠮᠵᠢ᠂ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠮᠡᠳᠡᠷᠡᠮᠵᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ᠃    97. ︽ᠵᠢᠷᠭᠤᠭᠠᠨ ᠬᠠᠷᠢᠯᠴᠠᠨ︾ ᠭᠡᠳᠡᠭ ᠨᠢ ᠶᠠᠭᠤ ᠪᠤᠢ︖   ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ  ᠬᠠᠪᠰᠤᠷᠤᠯᠴᠠᠨ᠎ᠠ᠃      98. ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠦᠨᠳᠦᠰᠦᠨ ᠠᠭᠤᠯᠤᠭᠳᠠᠬᠤᠨ ᠨᠢ ᠶᠠᠭᠤ ᠪᠤᠢ︖    ᠡᠬᠡ ᠣᠷᠣᠨᠴᠢ ᠦᠵᠡᠯ᠂ ᠪᠦᠯᠬᠦᠮᠳᠡᠯ ᠨᠢᠭᠡᠳᠦᠯ ᠲᠠᠢ᠂ ᠡᠩᠬᠡ ᠲᠠᠢᠪᠤᠩ ᠢ ᠡᠷᠬᠢᠮᠯᠡᠳᠡᠭ᠂ ᠠᠵᠢᠯᠴᠢ ᠬᠥᠳᠡᠯᠮᠦᠷᠢᠴᠢ ᠡᠷᠡᠯᠬᠡᠭ ᠪᠠᠭᠠᠲᠤᠷᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠢᠳᠠᠭ᠃  ᠭᠤᠤᠯ ᠴᠥᠮ᠎ᠡ ᠨᠢ ᠡᠬᠡ ᠤᠷᠤᠨᠴᠢ ᠦᠵᠡᠯ ᠪᠤᠯᠤᠨ᠎ᠠ᠃    99. ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠠᠬᠢᠭᠤᠯᠬᠤ ᠠᠩᠬᠠᠳᠠᠭᠴᠢ ᠶᠡᠷᠦᠩᠬᠡᠶᠢᠯᠡᠭᠰᠡᠨ ᠴᠢᠨᠠᠷᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠨᠢ ᠶᠠᠭᠤ ᠪᠤᠢ᠂ ᠡᠭᠦᠨ ᠢ ᠠᠯᠢ ᠵᠢᠯ ᠳᠤ ᠪᠠᠲᠤᠯᠠᠵᠤ ᠬᠡᠷᠡᠭᠵᠢᠭᠦᠯᠦᠭᠰᠡᠨ ᠪᠤᠢ︖    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠪᠤᠯᠤᠨ᠎ᠠ᠃ 2021 ᠣᠨ ᠤ 1 ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠵᠤ᠂ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ᠃     100. ︽ᠳᠦᠷᠢᠮ︾ ᠲᠣᠭᠲᠠᠭᠠᠵᠤ ᠨᠡᠶᠢᠲᠡᠯᠡᠬᠦ ᠶᠢᠨ ᠠᠴᠢ ᠬᠤᠯᠪᠣᠭᠳᠠᠯ ᠨᠢ ᠶᠠᠭᠤ ᠪᠤᠢ︖     ︽ᠳᠦᠷᠢᠮ︾ ᠨᠢ ᠨᠠᠮ ᠤᠨ ᠦᠨᠳᠦᠰᠦᠲᠡᠨ ᠤ ᠠᠵᠢᠯ ᠤᠨ ᠣᠨᠣᠯ ᠤᠨ ᠰᠢᠨ᠎ᠡ ᠶᠢ ᠡᠭᠦᠳᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠲᠤᠤᠱᠯᠠᠭᠤᠯᠵᠤ᠂ ᠠᠷᠠᠳᠴᠢᠯᠠᠯ ᠢ ᠥᠷᠭᠡᠨ ᠢᠶᠠᠷ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠠᠷᠢᠮᠲᠠᠯᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠪᠣᠯᠣᠨ ᠦᠨᠳᠦᠰᠦᠨ ᠠᠰᠢᠭ ᠲᠤᠰᠠ ᠶᠢ ᠢᠯᠡᠷᠡᠭᠦᠯᠵᠦ᠂ ᠨᠠᠮ ᠤᠨ ᠵᠣᠷᠢᠭ ᠰᠠᠨᠠᠭ᠎ᠠ ᠪᠣᠯᠣᠨ ᠠᠷᠠᠳ ᠲᠦᠮᠡᠨ ᠤ ᠵᠣᠷᠢᠭ ᠰᠠᠨᠠᠭᠠᠨ ᠤ ᠳᠡᠭᠡᠳᠦ ᠬᠡᠮᠵᠢᠶᠡᠨ ᠤ ᠨᠢᠭᠡᠳᠦᠯ ᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢᠨ ᠦᠯᠢᠭᠡᠷ ᠵᠢᠱᠢᠶ᠎ᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠵᠤ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠦᠷᠭᠦᠯᠵᠢᠯᠡᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠪᠠᠨ ᠬᠠᠮᠲᠤᠪᠠᠷ ᠪᠡᠶᠡᠯᠡᠬᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ᠂ ᠪᠠᠲᠤ ᠴᠢᠩᠭ᠎ᠠ ᠬᠦᠴᠦᠲᠡᠢ ᠬᠠᠤᠯᠢᠵᠢᠯ ᠤᠨ ᠪᠠᠲᠤᠯᠠᠭ᠎ᠠ ᠶᠢ ᠬᠠᠩᠭᠠᠪᠠ᠃     101. ︽ᠳᠦᠷᠢᠮ︾ ᠢ ᠬᠡᠷᠬᠢᠨ ᠲᠣᠭᠲᠠᠭᠠᠭᠰᠠᠨ ᠪᠤᠢ︖    ︽ᠳᠦᠷᠢᠮ︾ ᠪᠣᠯ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠠᠬᠢᠭᠤᠯᠬᠤ ᠠᠩᠬᠠᠳᠠᠭᠴᠢ ᠶᠡᠷᠦᠩᠬᠡᠶᠢᠯᠡᠭᠰᠡᠨ ᠴᠢᠨᠠᠷᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠤᠯᠢ ᠲᠣᠭᠲᠠᠭᠠᠬᠤ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ︽ᠳᠦᠷᠢᠮ ︾ ᠢ ᠲᠤᠭᠤᠷᠪᠢᠵᠤ ᠵᠠᠰᠠᠵᠤ ᠲᠡᠭᠦᠯᠳᠡᠷᠵᠢᠭᠦᠯᠬᠦ ᠠᠵᠢᠯ ᠢ ᠬᠠᠷᠢᠭᠤᠴᠠᠵᠤ᠂ ᠡᠭᠦᠨ ᠤ ᠬᠠᠮᠲᠤ᠂ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠶᠢᠮᠠᠭ ᠬᠤᠲᠠ ᠬᠤᠰᠢᠭᠤ ᠰᠢᠶᠠᠨ ︵ᠬᠤᠲᠠ ᠲᠣᠭᠤᠷᠢᠭ︶ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ ᠳᠣᠲᠣᠭᠠᠳᠤ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠭᠦᠯᠬᠦ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠵᠤ᠂ ᠲᠥᠯᠥᠭᠡᠯᠡᠭᠴᠢᠳ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠢᠨᠠᠨ ᠵᠥᠪᠯᠡᠵᠦ ᠵᠠᠰᠠᠪᠤᠷᠢ ᠣᠷᠣᠭᠤᠯᠬᠤ ᠰᠠᠨᠠᠯ ᠢ ᠭᠦᠢᠴᠡᠳ ᠭᠥᠯᠢᠶᠡᠨ ᠠᠪᠴᠤ ᠬᠡᠷᠡᠭᠯᠡᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ︽ᠳᠦᠷᠢᠮ︾ ᠢ ᠪᠠᠲᠤᠯᠠᠵᠠᠢ᠃     102. ︽ᠳᠦᠷᠢᠮ︾ ᠢ ᠲᠣᠭᠲᠠᠭᠠᠬᠤ ᠶᠢᠨ ᠦᠨᠳᠦᠰᠦᠨ ᠵᠠᠷᠴᠢᠮ ᠨᠢ ᠶᠠᠭᠤ ᠪᠣᠢ︖    ᠨᠢᠭᠡ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠎ᠠ︔ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠶᠠᠪᠤᠳᠠᠯ ᠢᠶᠠᠷ ︽ᠳᠦᠷᠢᠮ︾ ᠢ ᠲᠣᠭᠲᠠᠭᠠᠬᠤ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠎ᠠ︔ ᠭᠤᠷᠪᠠ ᠳᠤ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠡᠶᠢᠲᠡᠯᠢᠭ ᠴᠢᠨᠠᠷ ᠢ ᠴᠢᠷᠮᠠᠶᠢᠨ ᠥᠷᠭᠡᠳᠬᠡᠵᠦ᠂ ᠵᠥᠷᠢᠶᠡᠲᠦ ᠴᠢᠨᠠᠷ ᠢ ᠪᠠᠭᠠᠰᠬᠠᠨ᠎ᠠ︔ ᠳᠥᠷᠪᠡ ᠳᠤ ᠳᠤᠮᠳᠠᠳᠤ ᠶᠢᠨ ᠰᠣᠶᠣᠯ ᠢ ᠮᠡᠳᠡᠷᠡᠬᠦ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠶᠠᠪᠤᠳᠠᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠨ᠎ᠠ︔ ᠲᠠᠪᠤ ᠳᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠨ᠎ᠠ᠃      103. ︽ᠳᠦᠷᠢᠮ︾ ᠤᠨ ᠬᠠᠤᠯᠢ ᠲᠣᠭᠲᠠᠭᠠᠬᠤ ᠵᠣᠷᠢᠯᠭ᠎ᠠ ᠪᠠ ᠦᠨᠳᠦᠰᠦᠯᠡᠯ ᠨᠢ ᠶᠠᠭᠤ ᠪᠤᠶ︖ ᡼     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠵᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠲᠥᠯᠥᠭᠡ᠂ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠪᠣᠯᠣᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠳᠦᠷᠢᠮ︾ ᠢ ᠲᠣᠭᠲᠠᠭᠠᠪᠠ᠃     104. ︽ᠳᠦᠷᠢᠮ︾ ᠨᠢ ᠶᠠᠮᠠᠷ ᠶᠠᠮᠠᠷ ᠬᠡᠰᠡᠭ ᠢᠶᠠᠷ ᠪᠦᠷᠢᠯᠳᠦᠭᠰᠡᠨ ᠪᠤᠢ︖    ︽ᠳᠦᠷᠢᠮ︾ ᠳᠤ ᠨᠡᠶᠢᠲᠡ ᠨᠠᠢᠮᠠᠨ ᠪᠦᠯᠦᠭ ᠳᠠᠯᠠᠨ ᠵᠦᠢᠯ ᠪᠤᠢ᠃ ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ ᠨᠡᠶᠢᠳᠡ ᠠᠷᠪᠠᠨ ᠨᠢᠭᠡᠨ ᠵᠦᠢᠯ︔ ᠬᠤᠶᠠᠳᠤᠭᠠᠷ ᠪᠦᠯᠦᠭ ᠳᠤᠮᠳᠠᠳᠤ ᠶᠢᠨ ᠰᠣᠶᠣᠯ ᠢ ᠮᠡᠳᠡᠷᠡᠬᠦ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠳᠤ ᠨᠡᠶᠢᠳᠡ ᠠᠷᠪᠠᠨ ᠲᠠᠪᠤᠨ ᠵᠦᠢᠯ︔ ᠭᠤᠷᠪᠠᠳᠤᠭᠠᠷ ᠪᠦᠯᠦᠭ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠳᠤ ᠨᠡᠶᠢᠲᠡ ᠶᠢᠰᠦᠨ ᠵᠦᠢᠯ ︔ ᠳᠥᠷᠪᠡᠳᠦᠭᠡᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠳᠤ ᠨᠡᠶᠢᠲᠡ ᠠᠷᠪᠠᠨ ᠭᠤᠷᠪᠠᠨ ᠵᠦᠢᠯ︔ ᠲᠠᠪᠤᠳᠤᠭᠠᠷ ᠪᠦᠯᠦᠭ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠠᠬᠤ ᠳᠤ ᠨᠡᠶᠢᠳᠡ ᠨᠠᠢᠮᠠᠨ ᠵᠦᠢᠯ︔ ᠵᠢᠷᠭᠤᠳᠤᠭᠠᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ ᠳᠤ ᠨᠡᠶᠢᠳᠡ ᠶᠢᠰᠦᠨ ᠵᠦᠢᠯ︔ ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ ᠳᠤ ᠨᠡᠶᠢᠳᠠ ᠲᠦᠷᠪᠡᠨ ᠵᠦᠢᠯ︔ ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠳᠦᠷᠢᠮ ᠳᠤ ᠨᠡᠶᠢᠳᠡ ᠨᠢᠭᠡ ᠵᠦᠢᠯ ᠪᠤᠢ᠃     105. ︽ᠳᠦᠷᠢᠮ︾ ᠳᠤ ᠶᠠᠮᠠᠷ ᠶᠠᠮᠠᠷ ᠪᠠᠶᠠᠯᠢᠭ ᠠᠭᠤᠯᠭ᠎ᠠ ᠪᠠ ᠬᠢᠯᠠᠰ ᠴᠡᠭ ᠢ ᠪᠠᠭᠲᠠᠭᠠᠭᠰᠠᠨ ᠪᠤᠢ︖    ᠨᠢᠭᠡ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠢᠯᠡᠷᠡᠭᠦᠯᠪᠡ︔ ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠨᠳᠢᠨ ᠬᠦᠰᠡᠯ ᠢ ᠪᠦᠬᠦ ᠲᠠᠯ᠎ᠠ ᠪᠠᠷ ᠢᠯᠡᠷᠡᠭᠦᠯᠪᠡ︔ ᠭᠤᠷᠪᠠ ᠳᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠢᠯᠡᠷᠡᠭᠦᠯᠪᠡ︔ ᠳᠥᠷᠪᠡ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠡᠨᠡᠬᠦ ᠭᠤᠣᠯ ᠰᠢᠵᠢᠮ ᠢ ᠢᠯᠡᠷᠡᠭᠦᠯᠪᠡ︔ ᠲᠠᠪᠤ ᠳᠤ᠂ ᠳᠤᠮᠳᠠᠳᠤ ᠶᠢᠨ ᠰᠣᠶᠣᠯ ᠢ ᠮᠡᠳᠡᠷᠡᠬᠦ ᠪᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠴᠢᠬᠤᠯᠠ ᠪᠠᠶᠢᠷᠢ ᠰᠠᠭᠤᠷᠢ ᠶᠢ ᠲᠤᠪᠤᠶᠢᠯᠭᠠᠪᠠ︔ ᠵᠢᠷᠭᠤᠭ᠎ᠠ ᠳᠤ᠂ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠶᠠᠪᠤᠳᠠᠯ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠢᠬᠤᠯᠠ ᠰᠠᠭᠤᠷᠢ ᠪᠤᠯᠭᠠᠪᠠ︔ ᠲᠤᠯᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠡᠯᠪᠡᠷᠢ ᠪᠠ ᠭᠤᠣᠯ ᠠᠭᠤᠯᠭ᠎ᠠ ᠶᠢ ᠲᠣᠭᠲᠠᠭᠠᠪᠠ︔ ᠨᠠᠢᠮᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠲᠣᠭᠲᠠᠴᠠ ᠶᠢ ᠲᠣᠳᠣᠷᠬᠠᠶᠢᠯᠠᠪᠠ᠃     106. ︽ᠳᠦᠷᠢᠮ︾ ᠢ ᠶᠠᠮᠠᠷ ᠬᠦᠷᠢᠶ᠎ᠡ ᠬᠡᠪᠴᠢᠶᠡᠨ ᠳᠤ ᠬᠡᠷᠡᠭᠯᠡᠬᠦ ᠪᠣᠢ︖     ︽ᠳᠦᠷᠢᠮ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠡᠯ᠎ᠡ ᠵᠦᠢᠯ ᠤᠨ ᠠᠵᠢᠯᠯᠠᠭ᠎ᠠ ᠳᠤ ᠲᠤᠬᠢᠷᠠᠨ᠎ᠡ᠃     107. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠵᠢᠷᠤᠮᠯᠠᠬᠤ ᠶᠣᠰᠣᠲᠠᠢ ᠦᠨᠳᠦᠰᠦᠨ ᠵᠠᠷᠴᠢᠮ ᠨᠢ ᠶᠠᠭᠤ ᠪᠤᠢ︖    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠴᠤᠭᠴᠠᠯᠠᠬᠤ ᠶᠢ ᠪᠠᠷᠢᠮᠲᠠᠯᠠᠵᠤ᠂ ᠬᠠᠤᠯᠢ ᠪᠠᠷ ᠣᠷᠣᠨ ᠢᠶᠠᠨ ᠵᠠᠰᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃     108. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠡᠷᠦᠩᠬᠡᠢ ᠬᠠᠷᠠᠯᠲᠠ ᠨᠢ ᠶᠠᠭᠤ ᠪᠣᠢ︖     ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠂ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤᠪᠠᠷ ᠪᠡᠶᠡᠯᠡᠬᠦᠯᠦᠨ᠎ᠡ᠃     109. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠳᠤᠷᠢᠳᠤᠮᠵᠢ ᠨᠢ ᠶᠠᠭᠤ ᠪᠣᠢ︖     ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠦᠨ᠎ᠡ᠃     110. ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠶᠢ ᠬᠡᠷᠬᠢᠨ ᠪᠠᠲᠤᠯᠠᠬᠤ ᠪᠤᠢ︖    ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠦᠨᠡᠨ ᠬᠦ ᠪᠠᠳᠤᠯᠠᠨ᠎ᠠ᠃     111. ︽ᠳᠥᠷᠪᠡᠨ ᠲᠡᠦᠬᠡ︾ ᠶᠢᠨ ᠬᠥᠮᠦᠵᠢᠯ ᠤᠨ ᠠᠭᠤᠯᠭ᠎ᠠ ᠨᠢ ᠶᠠᠭᠤ ᠪᠣᠢ︖      ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠃     112. ᠰᠢ ᠶᠢᠨ ᠫᠢᠩ ᠶᠡᠷᠦᠩᠬᠡᠢ ᠱᠦᠵᠢ 2021 ᠣᠨ ᠤ 3 ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠤᠯᠴᠠᠬᠤ ᠳᠠᠭᠠᠨ ᠵᠢᠭᠠᠵᠤ ᠭᠠᠷᠭᠠᠭᠰᠠᠨ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠦᠨᠳᠦᠰᠦᠲᠡᠨ ᠤ ᠡᠶ᠎ᠡ ᠨᠠᠶᠢᠷᠠᠮᠳᠠᠯ ᠤᠨ ᠰᠦᠭ ᠰᠦᠨᠡᠰᠦ ᠨᠢ ᠶᠠᠭᠤ ᠪᠣᠶ︖    ᠰᠢ ᠶᠢᠨ ᠫᠢᠩ ᠶᠡᠷᠦᠩᠬᠡᠢ ᠱᠦᠵᠢ ᠵᠢᠭᠠᠵᠤ ᠭᠠᠷᠭᠠᠭᠰᠠᠨ ᠨᠢ᠂ ᠰᠣᠶᠣᠯ ᠤᠨ ᠬᠠᠮᠲᠤ ᠶᠢᠨ ᠲᠠᠨᠢᠯᠲᠠ ᠪᠣᠯ ᠬᠠᠮᠤᠭ ᠤᠨ ᠭᠦᠨ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠮᠥᠨ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ ᠂ ᠦᠨᠳᠦᠰᠦᠲᠡᠨ ᠤ ᠡᠶ᠎ᠡ ᠨᠠᠶᠢᠷᠰᠠᠭ ᠤᠨ ᠰᠦᠭ ᠰᠦᠨᠡᠰᠦ ᠮᠥᠨ᠃     113. ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠬᠡᠷᠬᠢᠨ ᠪᠠᠶᠢᠩᠭᠤᠵᠢᠭᠤᠯᠬᠤ ᠪᠤᠢ   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠤᠷᠠᠯᠢᠭ ᠪᠡᠶ᠎ᠡ ᠲᠠᠮᠢᠷ ᠤᠨ ᠬᠥᠮᠦᠵᠢᠯ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠳᠤ ᠠᠭᠤᠰᠬᠠᠨ ᠣᠷᠣᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠩᠬ᠎ᠠ ᠵᠡᠷᠭᠡ ᠶᠢᠨ ᠰᠤᠷᠭᠠᠨ ᠬᠥᠮᠦᠵᠢᠯ᠂ ᠳᠤᠮᠳᠠᠳᠤ ᠵᠡᠷᠭᠡ ᠶᠢᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃     114. ︽ᠳᠦᠷᠢᠮ︾ ᠳᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠲᠥᠷᠥᠯ ᠵᠦᠢᠯ ᠢ ᠬᠥᠭᠵᠢᠭᠦᠯᠬᠦ ᠲᠤᠬᠠᠢ ᠶᠠᠮᠠᠷ ᠶᠠᠮᠠᠷ ᠲᠣᠭᠲᠠᠭᠠᠯ ᠪᠠᠶᠢᠬᠤ ᠪᠣᠢ︖   ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠵᠦᠢᠯᠡᠰ ᠢ ᠬᠥᠭᠵᠢᠭᠦᠯᠵᠦ᠂ ᠨᠠᠭᠠᠳᠤᠮ ᠵᠡᠷᠭᠡ ᠤᠯᠠᠮᠵᠢᠯᠠᠯᠲᠤ ᠪᠡᠶ᠎ᠡ ᠲᠠᠮᠢᠷ ᠤᠨ ᠦᠪᠡᠳᠡᠭᠰᠢ ᠴᠤᠭᠯᠠᠭᠠᠨ ᠢ ᠰᠠᠶᠢᠲᠤᠷ ᠡᠷᠬᠢᠯᠡᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ  ᠢ 4 ᠵᠢᠯ ᠪᠦᠷᠢ ᠨᠢᠭᠡ ᠬᠤᠭᠤᠴᠠᠭ᠎ᠠ ᠡᠷᠬᠢᠯᠡᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠳᠠ ᠶᠢᠨ ᠠᠷᠠᠳ  ᠤᠨ ᠵᠠᠰᠠᠭ ᠤᠨ ᠣᠷᠳᠣᠨ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠴᠥᠭᠡᠨ ᠲᠣᠭᠠᠲᠤ ᠦᠨᠳᠦᠰᠦᠲᠡᠨ ᠤ ᠪᠡᠶ᠎ᠡ ᠲᠠᠮᠢᠷ ᠤᠨ ᠬᠥᠳᠡᠯᠭᠡᠭᠡᠨ ᠪᠣᠯᠣᠨ ᠤᠷᠤᠯᠳᠤᠭᠠᠨ ᠢ ᠲᠣᠭᠲᠠᠮᠠᠯ ᠬᠤᠭᠤᠴᠠᠭ᠎ᠠ ᠲᠠᠢ ᠡᠷᠬᠢᠯᠡᠬᠦ ᠬᠡᠷᠡᠭᠲᠡᠢ᠃     115. ︽ᠳᠦᠷᠢᠮ︾ ᠳᠤ ᠬᠢᠯᠢ ᠬᠢᠵᠠᠭᠠᠷ ᠣᠷᠣᠨ ᠤ ᠬᠥᠭᠵᠢᠯᠲᠡ ᠶᠢ ᠪᠠᠲᠤᠯᠠᠨ ᠠᠬᠢᠭᠤᠯᠬᠤ ᠲᠤᠬᠠᠢ ᠬᠡᠷᠬᠢᠨ ᠲᠣᠭᠲᠠᠭᠠᠭᠰᠠᠨ ᠪᠤᠢ︖   ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠶᠢ ᠲᠣᠭᠲᠠᠪᠤᠷᠢᠵᠢᠭᠤᠯᠤᠨ ᠬᠢᠯᠢ ᠶᠢ ᠪᠠᠬᠢᠵᠢᠭᠦᠯᠵᠦ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠭᠠᠵᠠᠷ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠭᠠᠵᠠᠷ ᠣᠷᠣᠨ ᠪᠠ ᠦᠨᠳᠦᠰᠦᠲᠡᠨ ᠤ ᠣᠨᠴᠠᠯᠢᠭᠲᠤ ᠠᠵᠤ ᠦᠢᠯᠡᠰ᠂ ᠦᠢᠯᠡᠳᠪᠦᠷᠢᠯᠡᠵᠦ ᠡᠳ᠋ᠰᠢᠭᠦᠯᠬᠦ ᠠᠷᠠᠯᠵᠢᠶ᠎ᠠ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠣᠷᠣᠨ ᠨᠤᠲᠤᠭ ᠤᠨ ᠪᠠ ᠦᠨᠳᠦᠰᠦᠲᠡᠨ ᠤ ᠣᠨᠴᠠᠯᠢᠭ ᠲᠠᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠣᠶ ᠪᠣᠯᠭᠠᠨ᠎ᠠ᠃    ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠤᠨ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠬᠢᠵᠠᠭᠠᠷ ᠲᠤ ᠬᠦᠷᠬᠦ ᠬᠤᠲᠠ ᠪᠠᠯᠭᠠᠰᠤ ᠶᠢᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠠᠵᠤ ᠦᠢᠯᠡᠰ ᠤᠨ ᠲᠠᠪᠴᠠᠩ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃     116. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠡᠷᠬᠢᠨ ᠥᠷᠨᠢᠭᠦᠯᠬᠦ ᠪᠤᠢ︖    ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ᠂ ᠡᠩ ᠤᠨ ᠴᠠᠭ ᠢᠶᠠᠷ ᠭᠤᠣᠯᠳᠠᠭᠤᠯᠬᠤ᠂ ᠰᠡᠳᠬᠢᠯ ᠢᠶᠠᠨ ᠰᠣᠯᠢᠯᠴᠠᠬᠤ ᠪᠠᠷ ᠭᠤᠣᠯᠳᠠᠭᠤᠯᠬᠤ᠂ ᠦᠢᠯᠡ ᠠᠵᠢᠯᠯᠠᠭ᠎ᠠ ᠪᠠᠷ ᠭᠤᠣᠯᠳᠠᠭᠤᠯᠬᠤ᠂ ᠦᠨᠳᠦᠰᠦᠨ ᠱᠠᠲᠤ ᠪᠠᠷ ᠭᠤᠣᠯᠳᠠᠭᠤᠯᠬᠤ ᠶᠢ ᠪᠠᠷᠢᠮᠲᠠᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠰᠤᠶᠤᠯ ᠢᠷᠭᠡᠨᠰᠢᠯᠳᠡ᠂ ᠪᠣᠳᠠᠲᠤ ᠴᠤᠭᠴᠠᠵᠢᠯᠳᠠ᠂ ᠤᠯᠠᠨ ᠲᠦᠮᠡᠨᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠬᠦ ᠬᠡᠷᠡᠭᠲᠡᠢ᠃     117. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠳᠤ ︽ᠨᠠᠢᠮᠠ ᠶᠢ ᠣᠷᠣᠭᠤᠯᠬᠤ︾ ᠶᠢᠨ ᠠᠭᠤᠯᠭ᠎ᠠ ᠨᠢ ᠶᠠᠭᠤ ᠪᠣᠢ︖   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠥᠯᠦᠪᠵᠢᠭᠦᠯᠭᠡ ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ᠂ ᠲᠣᠣᠷ ᠰᠦᠯᠵᠢᠶ᠎ᠡ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃     118. ︽ᠳᠦᠷᠢᠮ︾ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠬᠤ ᠲᠤᠬᠠᠢ ᠬᠡᠷᠬᠢᠨ ᠲᠣᠭᠲᠠᠭᠠᠭᠰᠠᠨ ᠪᠣᠢ︖     ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠪᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠥᠨ ᠢ ᠬᠥᠬᠢᠭᠦᠯᠦᠨ ᠱᠠᠩᠨᠠᠬᠤ ᠬᠡᠷᠡᠭᠲᠡᠢ᠃    119. ᠪᠦᠬᠦ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠨᠢ ᠠᠯᠢ ᠰᠠᠷ᠎ᠠ ᠪᠣᠢ︖     ᠵᠢᠯ ᠪᠦᠷᠢ ᠶᠢᠨ ᠲᠠᠪᠤᠨ ᠰᠠᠷ᠎ᠠ᠃    120. ᠪᠦᠬᠦ ᠣᠷᠣᠨ ᠤ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠨᠢ 5 ᠰᠠᠷ᠎ᠠ ᠶᠢᠨ ᠬᠡᠳᠦᠳᠦᠭᠡᠷ ᠭᠠᠷᠠᠭ ᠪᠣᠢ︖     ᠲᠠᠪᠤᠨ ᠰᠠᠷ᠎ᠠ ᠶᠢᠨ ᠬᠠᠮᠤᠭ ᠰᠡᠭᠦᠯᠴᠢ ᠶᠢᠨ ᠨᠢᠭᠡ ᠭᠠᠷᠠᠭ᠃    121. ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠨᠢ ᠠᠯᠢ ᠰᠠᠷ᠎ᠠ ᠪᠣᠢ︖     ᠵᠢᠯ ᠪᠦᠷᠢ ᠶᠢᠨ ᠶᠢᠰᠦᠨ ᠰᠠᠷ᠎ᠠ᠃    122. ︽ᠳᠦᠷᠢᠮ︾ ᠳᠤ ᠺᠠᠳ᠋ᠷ ᠢ ᠬᠥᠮᠥᠵᠢᠭᠦᠯᠬᠦ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠤᠬᠠᠢ ᠶᠠᠮᠠᠷ ᠶᠠᠮᠠᠷ ᠲᠣᠭᠲᠠᠭᠠᠯ ᠪᠠᠶᠢᠬᠤ ᠪᠤᠢ︖    ᠦᠨᠳᠦᠰᠦᠲᠡᠨ ᠨᠦᠭᠦᠳ ᠤᠨ ᠺᠠᠳ᠋ᠷ ᠪᠠ ᠡᠯ᠎ᠡ ᠲᠦᠷᠦᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠡᠵᠡᠮᠰᠢᠭᠰᠡᠨ᠂ ᠦᠨᠳᠦᠰᠦᠲᠡᠨ ᠤ ᠠᠵᠢᠯ ᠢ ᠰᠠᠶᠢᠨ ᠮᠡᠳᠡᠭᠰᠡᠨ᠂ ᠦᠨᠳᠦᠰᠦᠲᠡᠨ ᠤ ᠪᠦᠯᠬᠦᠮᠳᠡᠯ ᠢ ᠦᠢᠯᠡᠳᠦᠯᠭᠡᠵᠢᠭᠦᠯᠦᠭᠰᠡᠨ ᠺᠠᠳ᠋ᠷ ᠢ ᠬᠥᠮᠥᠵᠢᠭᠦᠯᠵᠦ᠂ ᠰᠢᠯᠢᠨ ᠳᠡᠪᠰᠢᠭᠦᠯᠬᠦ ᠪᠠ ᠲᠣᠮᠢᠯᠠᠨ ᠬᠡᠷᠡᠭᠯᠡᠨ᠎ᠡ᠃ ᠡᠯ᠎ᠡ ᠦᠨᠳᠦᠰᠦᠲᠡᠨ ᠡᠯ᠎ᠡ ᠲᠦᠷᠦᠯ ᠤᠨ ᠬᠤᠣᠰ ᠬᠡᠯᠡᠨ ᠤ ᠴᠢᠳᠠᠪᠤᠷᠢᠲᠠᠨ ᠢᠯᠠᠩᠭᠤᠶ᠎ᠠ ᠬᠤᠣᠰ ᠬᠡᠯᠡᠨ ᠤ ᠪᠠᠭᠰᠢ᠂ ᠬᠤᠣᠰ ᠬᠡᠯᠡᠨ ᠤ ᠬᠠᠤᠯᠢ ᠶᠢᠨ ᠲᠤᠰᠢᠶᠠᠯᠲᠠᠨ᠂ ᠬᠤᠣᠰ ᠬᠡᠯᠡᠨ ᠤ ᠪᠠᠶᠢᠴᠠᠭᠠᠬᠤ ᠲᠤᠰᠢᠶᠠᠯᠲᠠᠨ ᠢ ᠬᠥᠮᠥᠵᠢᠭᠦᠯᠬᠦ᠂ ᠰᠢᠯᠢᠨ ᠰᠣᠩᠭᠤᠬᠤ ᠡᠷᠴᠢᠮ ᠢᠶᠠᠨ ᠴᠢᠩᠭᠠᠷᠠᠭᠤᠯᠤᠨ᠎ᠠ᠃    123. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠪᠠᠷᠢᠮᠲᠠᠯᠠᠬᠤ ᠪᠠ ᠲᠡᠭᠦᠯᠳᠡᠷᠵᠢᠭᠦᠯᠬᠦ ᠬᠡᠷᠡᠭᠲᠡᠢ ᠳᠦᠷᠢᠮ ᠨᠢ ᠶᠠᠭᠤ ᠪᠣᠢ︖     ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠪᠤᠯᠤᠨ᠎ᠠ᠃    124. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠲᠣᠭᠲᠠᠴᠠ ᠨᠢ ᠶᠠᠭᠤ ᠪᠣᠢ︖    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠪᠦᠬᠦ ᠲᠠᠯ᠎ᠠ ᠪᠠᠷ ᠬᠠᠷᠢᠭᠤᠴᠠᠬᠤ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠬᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠠᠮᠵᠢᠯᠴᠠᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠣᠷᠤᠯᠴᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃   125. ︽ᠳᠦᠷᠢᠮ︾ ᠳᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠢ ᠬᠡᠷᠬᠢᠨ ᠲᠣᠭᠲᠠᠭᠠᠭᠰᠠᠨ ᠪᠤᠢ︖    ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃     126. ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠬᠤ ᠵᠠᠷᠴᠢᠮ ᠨᠢ ᠶᠠᠭᠤ ᠪᠤᠢ︖     ᠲᠡᠩᠴᠡᠭᠦᠷᠢᠰᠢᠭᠦᠯᠬᠦ᠂ ᠬᠡᠷᠡᠭᠯᠡᠭᠡᠨ ᠤ ᠴᠢᠨᠠᠷ᠂ ᠬᠦᠷᠴᠦ ᠪᠣᠯᠬᠤᠶᠢᠴᠠ ᠴᠢᠨᠠᠷ᠃     127.ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠪᠠᠯ ᠵᠣᠬᠢᠬᠤ ᠪᠣᠢ︖   ᠨᠡᠪᠴᠢᠬᠦ ᠪᠤᠰᠨᠢᠭᠤᠯᠬᠤ ᠡᠪᠳᠡᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠶᠢ ᠰᠡᠷᠭᠡᠶᠢᠯᠡᠨ᠂ ᠲᠡᠭᠦᠨ ᠳᠤ ᠴᠣᠬᠢᠯᠲᠠ ᠥᠭᠭᠦᠨ᠎ᠡ᠃    128. ︽ᠳᠦᠷᠢᠮ︾ ᠳᠤ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠡᠯ᠎ᠡ ᠵᠦᠢᠯ ᠤᠨ ᠵᠥᠷᠢᠴᠡᠯ ᠪᠠ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠰᠢᠢᠳᠪᠦᠷᠢᠯᠡᠬᠦ ᠲᠤᠬᠠᠢ ᠬᠡᠷᠬᠢᠨ ᠲᠣᠭᠲᠠᠭᠠᠭᠰᠠᠨ ᠪᠣᠢ︖    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠦᠨᠳᠦ ᠶᠡᠭᠡ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠪᠦᠯᠬᠦᠮᠳᠡᠯ   ᠢ ᠨᠥᠯᠥᠭᠡᠯᠡᠬᠦ ᠡᠯ᠎ᠡ ᠲᠥᠷᠥᠯ ᠤᠨ ᠵᠥᠷᠢᠴᠡᠯ ᠪᠣᠯᠣᠨ ᠵᠢᠭᠤᠷᠠᠯᠳᠤᠭᠠᠨ ᠢ ᠰᠡᠷᠭᠡᠶᠢᠯᠡᠬᠦ ᠪᠠ ᠠᠷᠢᠯᠭᠠᠬᠤ ᠬᠡᠷᠡᠭᠲᠡᠢ᠃   129. ᠲᠥᠷᠥ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠳᠤᠮᠳᠠ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠣᠢ︖   ᠲᠦᠷᠦ ᠶᠢᠨ ᠪᠠᠶᠢᠭᠤᠯᠭ᠎ᠠ ᠨᠢ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠤᠮᠳᠠ ᠲᠠᠷᠠᠭᠠᠴᠢ ᠪᠠᠷ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄    ︵ᠨᠢᠭᠡ︶ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠦᠨᠳᠦᠰᠦᠲᠡᠨ ᠤ ᠠᠵᠢᠯ ᠢ ᠶᠡᠭᠡ ᠲᠠᠯ᠎ᠠ ᠠᠴᠠ ᠲᠥᠯᠥᠪᠵᠢᠭᠦᠯᠦᠨ ᠠᠬᠢᠭᠤᠯᠵᠤ᠂ ᠲᠦᠷᠦ ᠶᠢᠨ ᠪᠣᠳᠣᠯᠭ᠎ᠠ ᠲᠣᠭᠲᠠᠭᠠᠬᠤ ᠪᠤᠶᠤ ᠠᠵᠢᠯ ᠥᠷᠨᠢᠭᠦᠯᠬᠦ ᠳᠡᠭᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠵᠥᠪ ᠣᠨᠣᠪᠴᠢᠲᠠᠶ ᠲᠤᠤᠱᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ︔    ︵ᠬᠤᠶᠠᠷ︶ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠵᠦ᠂ ᠰᠠᠭᠤᠷᠢ ᠪᠡᠯᠡᠳᠬᠡᠮᠵᠢ ᠪᠠ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠥᠪᠡᠷᠲᠡᠭᠡᠨ ᠵᠠᠰᠠᠬᠤ ᠣᠷᠣᠨ ᠬᠢᠭᠡᠳ ᠪᠥᠬᠦ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠵᠡᠷᠭᠡᠪᠡᠷ ᠪᠡᠶᠡᠯᠡᠭᠦᠯᠬᠦ ᠶᠢ ᠠᠬᠢᠭᠤᠯᠤᠨ᠎ᠠ︔   ︵ᠭᠤᠷᠪᠠ︶ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ ᠪᠠᠶᠢᠭᠤᠯᠤᠨ ᠲᠥᠷᠥᠯ ᠬᠡᠯᠪᠡᠷᠢ ᠣᠯᠠᠨ ᠶᠠᠩᠵᠤ ᠶᠢᠨ ᠭᠤᠣᠯ ᠰᠡᠳᠦᠪᠲᠦ ᠬᠥᠮᠦᠵᠢᠯ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠨ ᠬᠥᠭᠵᠢᠬᠦ ᠪᠠ ᠰᠢᠨ᠎ᠡ ᠶᠢ ᠡᠭᠦᠳᠬᠦ ᠶᠢ ᠠᠬᠢᠭᠤᠯᠤᠨ᠎ᠠ᠃   ᠲᠦᠷᠦ ᠶᠢᠨ ᠪᠠᠶᠢᠭᠤᠯᠭ᠎ᠠ ᠶᠢᠨ ᠠᠵᠢᠯᠲᠠᠳ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠳᠤᠮᠳᠠ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃   130. ᠬᠠᠤᠯᠢ ᠲᠣᠭᠲᠠᠭᠠᠬᠤ ᠡᠷᠬᠡ ᠪᠦᠬᠦᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ ᠪᠣᠢ︖    ᠬᠠᠤᠯᠢ ᠲᠣᠭᠲᠠᠭᠠᠬᠤ ᠡᠷᠬᠡ ᠶᠢᠨ ᠬᠡᠪᠴᠢᠶ᠎ᠡ ᠶᠢ ᠦᠨᠳᠦᠰᠦᠯᠡᠨ ᠦᠨᠳᠦᠰᠦᠲᠡᠨ ᠤ ᠠᠵᠢᠯ ᠤᠨ ᠬᠠᠤᠯᠢ ᠲᠣᠭᠲᠠᠭᠠᠬᠤ ᠠᠵᠢᠯ ᠢ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃    131. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠳᠤᠮᠳᠠ ᠶᠠᠮᠠᠷ ᠶᠠᠮᠠᠷ ᠡᠷᠬᠡ ᠲᠤᠰᠢᠶᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ ᠪᠤᠢ︖   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠣᠨ ᠰᠤᠮᠤ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠬᠦᠯᠵᠦ᠂ ᠵᠥᠪ ᠣᠨᠣᠪᠴᠢᠲᠠᠶ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠬᠦ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ᠂ ᠲᠤᠰᠬᠠᠢ ᠰᠡᠳᠦᠪ ᠢᠶᠠᠷ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃    132. ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠤᠮᠳᠠ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠣᠢ︖    ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠦᠨᠳᠦᠰᠦᠨ ᠬᠠᠤᠯᠢ ᠬᠠᠤᠯᠢ ᠲᠣᠭᠲᠠᠭᠠᠯ ᠢ ᠲᠦᠷᠦᠭᠦᠯᠡᠨ ᠵᠢᠷᠤᠮᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠲᠦᠷᠦᠭᠦᠯᠡᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠲᠦᠷᠦᠭᠦᠯᠡᠨ ᠰᠠᠶᠢᠲᠤᠷ ᠬᠢᠵᠦ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃     133. ︽ᠳᠦᠷᠢᠮ︾ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠲᠤᠯᠠᠬᠤ ᠳᠤ ᠬᠡᠷᠡᠭᠰᠡᠬᠦ ᠵᠠᠷᠤᠳᠠᠯ ᠢ ᠬᠡᠷᠬᠢᠨ ᠲᠣᠭᠲᠠᠭᠠᠭᠰᠠᠨ ᠪᠣᠢ︖     ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ  ᠤ ᠪᠦᠯᠬᠦᠮᠳᠡᠯ ᠲᠠᠪᠰᠢᠯᠳᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ   ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃    134. ︽ᠳᠦᠷᠢᠮ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠬᠢᠬᠦ ᠳᠤ ᠶᠠᠮᠠᠷ ᠶᠠᠮᠠᠷ ᠱᠠᠭᠠᠷᠳᠠᠯᠭ᠎ᠠ ᠲᠠᠢ ᠪᠣᠢ︖   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠤᠰ ᠠᠷᠠᠳ ᠤᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ ᠳᠡᠭᠡᠨ ᠣᠷᠣᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠨᠢᠭᠡᠳᠦᠯᠲᠡᠢ ᠲᠥᠯᠥᠪᠯᠡᠨ ᠵᠤᠬᠢᠴᠠᠭᠤᠯᠬᠤ ᠬᠡᠷᠡᠭᠳᠡᠢ᠃    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠦᠨᠳᠦᠰᠦᠲᠡᠨ  ᠤ ᠪᠦᠯᠬᠦᠮᠳᠡᠯ ᠲᠠᠪᠰᠢᠯᠳᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ   ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃     135. ︽ᠳᠦᠷᠢᠮ︾ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠠᠤᠯᠢ ᠴᠠᠭᠠᠵᠠ ᠶᠢᠨ ᠪᠠᠲᠤᠯᠠᠭ᠎ᠠ ᠶᠢ ᠬᠡᠷᠬᠢᠨ ᠲᠣᠭᠲᠠᠭᠠᠭᠰᠠᠨ ᠪᠣᠢ︖    ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ ᠨᠤᠭᠤᠳ ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃     136. ᠰᠤᠮᠤ ᠰᠢᠶᠠᠩ ᠪᠠᠯᠭᠠᠰᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤᠮᠳᠠ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠤᠢ︖    ᠰᠤᠮᠤ ᠰᠢᠶᠠᠩ ᠪᠠᠯᠭᠠᠰᠤ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂  ᠲᠠᠷᠠᠭᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄    ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠠᠭᠤᠰᠤᠯᠴᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠬᠥᠭᠵᠢᠯ ᠪᠠᠳᠠᠷᠠᠯ ᠲᠠᠢ᠂ ᠠᠮᠢ ᠠᠬᠤᠢ ᠨᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠣᠰᠬᠤᠨ ᠤ ᠵᠠᠩ ᠰᠤᠷᠲᠠᠯ ᠪᠣᠯᠪᠠᠰᠤᠨ᠂ ᠬᠠᠮᠢᠶᠠᠷᠤᠯᠳᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ︔     ︵ᠬᠤᠶᠠᠷ︶ ᠬᠠᠷᠢᠶ᠎ᠠ ᠣᠷᠣᠨ ᠤ ᠳᠣᠲᠣᠷᠠᠬᠢ ᠬᠠᠷᠢᠴᠠᠩᠭᠤᠢ ᠬᠤᠴᠤᠷᠤᠩᠭᠤᠢ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠴᠠᠭ᠎ᠠ ᠲᠣᠰᠬᠤᠨ ᠢ ᠬᠥᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ︔   ︵ᠭᠤᠷᠪᠠ︶ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︔    ︵ᠳᠥᠷᠪᠡ︶ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠠᠷᠠᠳ ᠪᠠ ᠨᠡᠭᠦᠳᠡᠯ ᠬᠥᠮᠥᠨ ᠠᠮᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠬᠤ᠂ ᠬᠠᠮᠲᠤ ᠪᠠᠷ ᠬᠥᠭᠵᠢᠬᠦ ᠶᠢ ᠠᠬᠢᠭᠤᠯᠤᠨ᠎ᠠ︔     ︵ᠲᠠᠪᠤ︶ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠨ᠎ᠡ᠃     137.ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠪᠤᠢ︖   ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠲᠥᠯᠦᠪᠵᠢᠭᠦᠯᠭᠡ ᠳᠤ ᠣᠷᠣᠭᠤᠯᠵᠤ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠲᠡᠭᠦᠯᠳᠡᠷᠵᠢᠭᠦᠯᠵᠦ᠂ ᠠᠷᠠᠳ ᠢᠷᠭᠡᠳ ᠢ ᠬᠥᠲᠥᠯᠥᠨ ᠵᠢᠯᠤᠭᠤᠳᠴᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠭᠤᠯᠬᠤ ᠬᠡᠷᠡᠭᠲᠡᠢ᠃     138. ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠠᠪᠤᠴᠠ ᠳᠠᠬᠢ ᠠᠵᠢᠯ ᠤᠨ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖   ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠨ᠂ ᠲᠠᠷᠠᠭᠠᠬᠢ ᠠᠵᠢᠯ ᠢ ᠦᠷᠨᠢᠬᠦᠯᠬᠦ ᠬᠡᠷᠡᠭᠳᠡᠢ᠄    ︵ᠨᠢᠭᠡ︶ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠨᠡᠶᠢᠭᠡᠮ ᠤᠨ ᠦᠢᠯᠡᠳᠦᠯᠭᠡ᠂ ᠭᠡᠷ ᠪᠦᠯᠢ ᠶᠢᠨ ᠬᠥᠮᠦᠵᠢᠯ ᠢ ᠨᠢᠭᠡ ᠴᠣᠭᠴᠠᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢᠨ ᠬᠥᠮᠦᠵᠢᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠮᠦᠵᠢᠯ᠂ ᠳᠤᠮᠳᠠᠳᠤ ᠶᠢᠨ ᠬᠦᠰᠡᠯ ᠵᠡᠭᠦᠳᠦ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠎ᠡ︔     ︵ᠬᠤᠶᠠᠷ︶ ᠦᠨᠳᠦᠰᠦᠲᠡᠨ ᠨᠦᠭᠦᠳ ᠤᠨ ᠰᠤᠷᠤᠭᠴᠢᠳ ᠬᠠᠮᠲᠤ ᠪᠠᠷ ᠣᠷᠣᠯᠴᠠᠭᠰᠠᠨ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠳᠦᠷ ᠲᠤᠲᠤᠮ ᠤᠨ ᠰᠤᠷᠤᠯᠴᠠᠯᠭ᠎ᠠ ᠠᠮᠢᠳᠤᠷᠠᠯ ᠲᠠᠢ ᠠᠭᠤᠰᠤᠯᠴᠠᠬᠤ ᠶᠢ ᠠᠬᠢᠭᠤᠯᠤᠨ᠎ᠠ︔     ︵ᠭᠤᠷᠪᠠ︶ ᠨᠢᠭᠡᠳᠦᠯᠲᠡᠢ ᠵᠢᠷᠤᠮᠵᠢᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠬᠢᠴᠢᠶᠡᠯ ᠤᠨ ᠪᠠᠶᠢᠷᠢᠯᠠᠭᠤᠯᠤᠯᠲᠠ ᠶᠢ ᠵᠢᠷᠤᠮᠵᠢᠭᠤᠯᠵᠤ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠠᠭᠰᠢ ᠠᠵᠢᠯᠲᠠᠨ ᠤ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠬᠦᠷᠢᠶ᠎ᠡ ᠬᠡᠪᠴᠢᠶᠡᠨ ᠳᠤ ᠣᠷᠣᠭᠤᠯᠤᠨ᠎ᠠ︔     ︵ᠳᠥᠷᠪᠡ︶ ᠳᠡᠭᠡᠳᠦ ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠲᠤ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠵᠢᠭᠠᠨ ᠰᠤᠳᠤᠯᠬᠤ ᠠᠵᠢᠯᠯᠠᠭ᠎ᠠ ᠪᠠ ᠰᠡᠳᠦᠪ ᠤᠨ ᠰᠤᠳᠤᠯᠭᠠᠨ  ᠦᠷᠨᠢᠬᠦᠯᠦᠨ᠎ᠡ᠃     139. ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠬᠡᠷᠬᠢᠨ ᠠᠬᠢᠭᠤᠯᠬᠤ ᠪᠣᠢ︖   ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠵᠣᠬᠢᠶᠠᠨ ᠪᠠᠶᠢᠭᠤᠯᠤᠯᠲᠠ ᠨᠢ ᠣᠯᠠᠨ ᠲᠦᠮᠡᠨ ᠤ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠪᠦᠲᠦᠭᠡᠯᠴᠢ ᠪᠠᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ ᠠᠬᠢᠭᠤᠯᠬᠤ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃    140. ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠤᠮᠳᠠ ᠶᠠᠮᠠᠷ ᠦᠢᠯᠡᠳᠦᠯ ᠢᠶᠠᠨ ᠪᠠᠳᠠᠷᠠᠭᠤᠯᠪᠠᠯ ᠵᠣᠬᠢᠬᠤ ᠪᠤᠢ︖    ᠠᠵᠢᠯᠴᠢᠨ ᠤ ᠡᠪᠯᠡᠯ ᠨᠢ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠨ ᠠᠵᠢᠯᠴᠢᠨ ᠲᠦᠮᠡᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃     141. ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤᠮᠳᠠ ᠶᠠᠮᠠᠷ ᠦᠢᠯᠡᠳᠦᠯ ᠪᠠᠳᠠᠷᠠᠭᠤᠯᠪᠠᠯ ᠵᠣᠬᠢᠬᠤ ᠪᠤᠢ︖   ᠡᠪ ᠬᠠᠮᠲᠤ ᠵᠠᠯᠠᠭᠤᠴᠤᠳ ᠤᠨ ᠡᠪᠯᠡᠯ ᠨᠢ ᠵᠠᠯᠠᠭᠤᠴᠤᠳ ᠪᠠᠭᠠᠴᠤᠳ ᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠠᠯᠠᠭᠤᠴᠤᠳ ᠢ ᠪᠦᠯᠬᠦᠮᠳᠡᠭᠦᠯᠦᠨ᠂ ᠵᠠᠯᠠᠭᠤᠴᠤᠳ ᠢ ᠨᠢᠭᠲᠠᠷᠠᠭᠤᠯᠵᠤ᠂ ᠵᠠᠯᠠᠭᠤᠴᠤᠳ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠵᠠᠯᠠᠭᠤᠴᠤᠳ ᠪᠠᠭᠠᠴᠤᠳ ᠤᠨ ᠳᠤᠮᠳᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃   142. ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠤᠮᠳᠠ ᠶᠠᠮᠠᠷ ᠦᠢᠯᠡᠳᠦᠯ ᠢᠶᠠᠨ ᠪᠠᠳᠠᠷᠠᠭᠤᠯᠪᠠᠯ ᠵᠣᠬᠢᠬᠤ ᠪᠤᠢ︖   ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠥᠮᠥᠵᠢᠭᠦᠯᠦᠨ ᠵᠢᠯᠤᠭᠤᠳᠴᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠳᠤᠮᠳᠠ ᠢᠳᠡᠪᠬᠢᠲᠡᠢ ᠪᠠᠷ ᠠᠵᠢᠯ ᠬᠢᠯᠭᠡᠬᠦ ᠬᠡᠷᠡᠭᠲᠡᠢ᠃      143. ︽ᠳᠦᠷᠢᠮ︾ ᠳᠤ ᠡᠯ᠎ᠡ ᠲᠥᠷᠥᠯ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠬᠡᠷᠬᠢᠨ ᠲᠣᠭᠲᠠᠭᠠᠭᠰᠠᠨ ᠪᠣᠢ︖    ᠡᠯ᠎ᠡ ᠲᠥᠷᠥᠯ ᠤᠨ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠪᠠᠨ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠲᠠᠢ ᠠᠭᠤᠰᠤᠯᠴᠠᠭᠤᠯᠬᠤ ᠶᠢ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠲᠠᠷᠠᠭᠠᠬᠢ ᠮᠡᠲᠦ ᠨᠡᠶᠢᠭᠡᠮ ᠤᠨ ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠳᠡᠢ᠄     ︵ᠨᠢᠭᠡ︶ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠢᠯ ᠣᠯᠭᠤᠯᠲᠠ ᠶᠢ ᠢᠳᠡᠪᠬᠢᠲᠡᠢ ᠭᠥᠯᠢᠶᠡᠨ ᠠᠪᠴᠤ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔    ︵ᠬᠤᠶᠠᠷ︶ ᠠᠵᠤ ᠦᠢᠯᠡᠰ ᠢ ᠲᠣᠬᠢᠷᠠᠭᠤᠯᠬᠤ᠂ ᠨᠡᠶᠢᠭᠡᠮ ᠤᠨ ᠦᠢᠯᠡᠴᠢᠯᠡᠭᠡ ᠥᠷᠨᠢᠭᠦᠯᠬᠦ ᠳᠡᠭᠡᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠲᠤᠰᠠ ᠶᠢ ᠭᠦᠢᠴᠡᠳ ᠪᠤᠳᠤᠯᠬᠢᠯᠠᠨ᠎ᠠ︔     ︵ᠭᠤᠷᠪᠠ︶ ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠲᠤᠰᠠᠯᠠᠬᠤ᠂ ᠪᠡᠯᠡ ᠮᠥᠩᠭᠦ ᠪᠠᠷ ᠰᠤᠷᠤᠯᠭ᠎ᠠ ᠶᠢ ᠲᠡᠳᠬᠦᠬᠦ᠂ ᠬᠥᠭᠦᠷᠭᠡ ᠪᠠᠶᠢᠭᠤᠯᠵᠤ ᠵᠠᠮ ᠵᠠᠰᠠᠬᠤ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃    144. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠨᠣᠮ ᠤᠨ ᠰᠠᠩ᠂ ᠮᠦᠽᠧᠢ ᠵᠡᠷᠭᠡ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠲᠤ ᠶᠠᠮᠠᠷ ᠶᠠᠮᠠᠷ ᠱᠠᠭᠠᠷᠳᠠᠯᠭ᠎ᠠ ᠳᠤᠷᠠᠳᠬᠤ ᠪᠣᠢ︖    ᠨᠣᠮ ᠤᠨ ᠰᠠᠩ᠂ ᠮᠦᠽᠧᠢ᠂ ᠦᠵᠡᠰᠬᠦᠯᠡᠩ ᠤᠨ ᠣᠷᠳᠣᠨ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠪᠠᠭᠠᠴᠤᠳ ᠤᠨ ᠣᠷᠳᠣᠨ ᠵᠡᠷᠭᠡ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃    145. ︽ᠳᠦᠷᠢᠮ︾ ᠳᠤ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ᠂ ᠱᠠᠰᠢᠨ ᠰᠤᠷᠲᠠᠬᠤᠨ ᠤ ᠶᠡᠭᠡ ᠳᠡᠭᠡᠳᠦ ᠰᠤᠷᠭᠠᠭᠤᠯᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠤᠬᠠᠢ ᠬᠡᠷᠬᠢᠨ ᠲᠣᠭᠲᠠᠭᠠᠭᠰᠠᠨ ᠪᠣᠢ︖    ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠱᠠᠰᠢᠨ ᠰᠤᠷᠲᠠᠬᠤᠨ ᠤ ᠳᠡᠭᠡᠳᠦ ᠰᠤᠷᠭᠠᠭᠤᠯᠢ ᠨᠤᠭᠤᠳ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠄    ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠢ ᠬᠦᠷᠢᠶᠡᠯᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠡᠬᠡ ᠣᠷᠣᠨ ᠤ ᠨᠢᠭᠡᠳᠦᠯ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︔     ︵ᠬᠤᠶᠠᠷ︶ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠱᠠᠰᠢᠨ ᠰᠤᠷᠲᠠᠬᠤᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠤᠨ᠎ᠠ︔     ︵ᠭᠤᠷᠪᠠ︶ ᠱᠠᠰᠢᠨ ᠤ ᠨᠣᠮᠯᠠᠯ ᠱᠠᠰᠢᠨ ᠤ ᠲᠦᠷᠢᠮ ᠳᠣᠲᠣᠷᠠᠬᠢ ᠨᠡᠶᠢᠭᠡᠮ ᠤᠨ ᠡᠶ᠎ᠡ ᠵᠣᠬᠢᠴᠠᠯ᠂ ᠴᠠᠭ ᠦᠶ᠎ᠡ ᠶᠢᠨ ᠳᠠᠪᠰᠢᠯᠲᠠ᠂ ᠡᠷᠡᠭᠦᠯ ᠴᠢᠭᠢᠷᠠᠭ ᠪᠣᠯᠪᠠᠰᠤᠨ ᠳᠤ ᠠᠰᠢᠭᠲᠠᠢ ᠠᠭᠤᠯᠭ᠎ᠠ ᠶᠢ ᠠᠭᠤᠳᠠᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠱᠠᠰᠢᠨ ᠤ ᠨᠣᠮᠯᠠᠯ ᠱᠠᠰᠢᠨ ᠤ ᠲᠦᠷᠢᠮ ᠳᠤ ᠣᠲᠣ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠳᠠᠪᠰᠢᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠶᠢᠴᠡᠭᠰᠡᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠣᠳᠣᠷᠬᠠᠶᠢᠯᠠᠯᠲᠠ ᠬᠢᠨ᠎ᠡ︔     ︵ᠳᠥᠷᠪᠡ︶ ᠱᠠᠰᠢᠨ ᠰᠤᠷᠲᠠᠬᠤᠨ ᠤ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠳᠤ ᠬᠢᠬᠦ ᠡᠬᠡ ᠣᠷᠣᠨᠴᠢ ᠦᠵᠡᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠤᠯᠤᠰ ᠤᠨ ᠪᠠᠶᠢᠳᠠᠯ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠦᠵᠡᠯ ᠤᠬᠠᠮᠰᠠᠷ᠂ ᠠᠷᠠᠳ ᠢᠷᠭᠡᠨ ᠤ ᠦᠵᠡᠯ ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃  146. ᠬᠡᠷᠬᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠰᠦᠯᠵᠢᠶᠡᠨ ᠤ ᠣᠷᠣᠨ ᠵᠠᠢ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠪᠤᠢ︖    ︵ᠨᠢᠭᠡ︶ ᠪᠦᠯᠬᠦᠮᠳᠡᠬᠦ ᠲᠣᠭᠲᠠᠭᠤᠨ ᠪᠠᠶᠢᠯᠭᠠᠬᠤ ᠡᠷᠴᠢ ᠵᠣᠷᠢᠭ ᠢᠶᠠᠨ ᠬᠥᠪᠴᠢᠯᠡᠬᠦ᠂ ᠵᠥᠪ ᠲᠠᠯ᠎ᠠ ᠶᠢᠨ ᠤᠬᠠᠭᠤᠯᠭ᠎ᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠬᠥᠭᠵᠢᠭᠦᠯᠦᠨ ᠪᠤᠵᠠᠭᠠᠶᠢᠷᠠᠭᠤᠯᠵᠤ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠠᠬᠢᠭᠤᠯᠤᠨ᠂ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠮ ᠵᠠᠭᠤᠴᠢᠯᠠᠭᠤᠷ ᠤᠨ ᠤᠬᠠᠭᠤᠯᠭ᠎ᠠ᠂ ᠬᠠᠮ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠠᠮᠵᠢᠭᠤᠯᠭ᠎ᠠ᠂ ᠪᠥᠬᠦ ᠲᠠᠪᠴᠠᠩ ᠢ ᠬᠠᠮᠤᠷᠤᠭᠰᠠᠨ ᠰᠦᠯᠵᠢᠶᠡᠨ ᠤ ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠬᠡᠷᠡᠭᠲᠡᠢ︔    ︵ᠬᠤᠶᠠᠷ︶ ᠭᠤᠣᠯ ᠤᠷᠤᠰᠬᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠪᠤᠯᠤᠩ᠂ ᠲᠤᠰᠬᠠᠢ ᠰᠡᠳᠦᠪ ᠭᠠᠷᠭᠠᠵᠤ᠂ ᠴᠢᠨᠠᠷ ᠰᠠᠶᠢᠲᠠᠢ ᠠᠭᠤᠯᠭ᠎ᠠ ᠶᠢ ᠦᠢᠯᠡᠳᠪᠦᠷᠢᠯᠡᠬᠦ ᠲᠣᠭᠲᠠᠴᠠ ᠪᠠᠶᠢᠭᠤᠯᠤᠨ᠂ ᠵᠢᠭᠰᠠᠭᠠᠯ ᠤᠨ ᠭᠠᠵᠠᠷ ᠤᠨ ᠳᠠᠪᠠᠭᠤᠯᠢᠭ᠂ ᠳᠠᠮᠵᠢᠭᠤᠯᠭ᠎ᠠ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠨᠥᠯᠥᠭᠡᠯᠡᠬᠦ ᠬᠦᠴᠦᠨ ᠢᠶᠠᠷ ᠶᠡᠭᠡ᠂ ᠬᠠᠮᠤᠷᠬᠤ ᠬᠡᠪᠴᠢᠶ᠎ᠡ ᠪᠠᠷ ᠥᠷᠭᠡᠨ ᠡᠷᠬᠡ ᠰᠦᠷᠲᠦ ᠬᠠᠮ ᠵᠠᠭᠤᠴᠢᠯᠠᠭᠤᠷ ᠤᠨ ᠪᠦᠲᠦᠭᠡᠯ ᠢ ᠪᠣᠶ ᠪᠣᠯᠭᠠᠵᠤ᠂ ᠣᠯᠠᠨ ᠲᠦᠮᠡᠨ ᠢ ᠨᠠᠩ ᠰᠠᠶᠢᠲᠤᠷ ᠨᠢᠭᠲᠠᠷᠠᠭᠤᠯᠵᠤ᠂ ᠣᠯᠠᠨ ᠲᠦᠮᠡᠨ ᠢ ᠨᠠᠩ ᠰᠠᠶᠢᠲᠤᠷ ᠬᠥᠲᠥᠯᠥᠨ ᠵᠢᠯᠤᠭᠤᠳᠬᠤ ᠬᠡᠷᠡᠭᠲᠡᠢ︔    ︵ᠭᠤᠷᠪᠠ︶ ᠢᠨᠲ᠋ᠧᠷ ᠰᠦᠯᠵᠢᠶᠡᠨ ᠤ ᠵᠠᠭᠤᠴᠢᠯᠠᠭᠤᠷ᠂ ᠢᠨᠲ᠋ᠧᠷ ᠰᠦᠯᠵᠢᠶᠡᠨ ᠤ ᠠᠵᠤ ᠠᠬᠤᠶᠢᠯᠠᠯ᠂ ᠰᠦᠯᠵᠢᠶᠡᠴᠢᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ  ᠪᠤᠯᠭᠠᠬᠤ ᠬᠡᠷᠡᠭᠳᠡᠢ︔    ︵ᠳᠥᠷᠪᠡ︶ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠡᠬᠢ ᠪᠠᠶᠠᠯᠢᠭ ᠢ ᠭᠦᠢᠴᠡᠳ ᠠᠰᠢᠭᠯᠠᠨ᠂ ᠰᠦᠯᠵᠢᠶᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠠᠷᠢᠯᠴᠠᠭᠠᠨ ᠤ ᠲᠠᠪᠴᠠᠩ ᠢ ᠪᠠᠶᠢᠭᠤᠯᠵᠤ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡ ᠠᠵᠢᠯᠯᠠᠭ᠎ᠠ ᠶᠢ ᠤᠬᠠᠭᠤᠯᠬᠤ ᠬᠡᠷᠡᠭᠲᠡᠢ︔   ︵ᠲᠠᠪᠤ︶ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠲᠠᠪᠴᠠᠩ ᠳᠤ ᠢᠯᠡᠷᠡᠭᠰᠡᠨ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠦᠭᠡ ᠶᠠᠷᠢᠶ᠎ᠠ ᠶᠢ ᠴᠠᠭ ᠲᠤᠬᠠᠢ ᠳᠤᠨᠢ ᠢᠯᠡᠷᠡᠭᠦᠯᠦᠨ ᠬᠤᠷᠢᠭᠯᠠᠵᠤ᠂ ᠡᠯ᠎ᠡ ᠵᠦᠢᠯ ᠤᠨ ᠪᠤᠷᠤᠭᠤ ᠦᠵᠡᠯᠲᠡ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠬᠤ ᠬᠡᠷᠡᠭᠲᠡᠢ᠃   147. ᠣᠯᠠᠨ ᠲᠦᠮᠡᠨᠴᠢ ᠵᠠᠭᠤᠴᠢᠯᠠᠭᠤᠷ ᠪᠠ ᠰᠢᠨ᠎ᠡ ᠪᠠᠷ ᠬᠦᠭᠵᠢᠭᠰᠡᠨ ᠵᠠᠭᠤᠴᠢᠯᠠᠭᠤᠷ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ ᠶᠠᠮᠠᠷ ᠶᠠᠮᠠᠷ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠪᠡᠯ ᠵᠣᠬᠢᠬᠤ ᠪᠣᠢ︖    ᠤᠯᠠᠨ ᠲᠦᠮᠡᠨᠴᠢ ᠵᠠᠭᠤᠴᠢᠯᠠᠭᠤᠷ᠂ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠨᠢ ᠠᠴᠢᠶᠠᠯᠠᠪᠤᠷᠢ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠢᠨ᠎ᠡ ᠮᠡᠷᠭᠡᠵᠢᠯ ᠢ ᠭᠦᠢᠴᠡᠳ ᠠᠰᠢᠭᠯᠠᠨ᠂ ᠠᠳᠠᠯᠢ ᠪᠤᠰᠤ ᠡᠲᠡᠭᠡᠳ ᠪᠠ ᠭᠥᠯᠢᠶᠡᠨ ᠠᠪᠤᠭᠴᠢᠳ ᠤᠨ ᠣᠨᠴᠠᠯᠢᠭ ᠲᠤ ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠤᠯᠠᠨ ᠠᠷᠭ᠎ᠠ ᠵᠠᠮ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃     148. ᠭᠡᠷ ᠪᠦᠯᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤᠮᠳᠠ ᠶᠠᠮᠠᠷ ᠦᠢᠯᠡᠳᠦᠯ ᠢᠶᠠᠨ ᠪᠠᠳᠠᠷᠠᠭᠤᠯᠪᠠᠯ ᠵᠣᠬᠢᠬᠤ ᠪᠣᠢ︖     ᠭᠡᠷ ᠪᠦᠯᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠭᠡᠷ ᠤᠨ ᠰᠤᠷᠭᠠᠯ᠂ ᠭᠡᠷ ᠤᠨ ᠰᠤᠷᠲᠠᠯ ᠳᠤ ᠠᠭᠤᠰᠬᠠᠨ ᠣᠷᠣᠭᠤᠯᠵᠤ᠂ ᠭᠡᠷ ᠪᠦᠯᠢ ᠶᠢᠨ ᠪᠦᠷᠢᠯᠳᠦᠭᠦᠨ ᠬᠤᠭᠤᠷᠣᠨᠳᠤ ᠪᠠᠨ ᠬᠠᠷᠢᠯᠴᠠᠨ ᠬᠦᠨᠳᠦᠳᠬᠡᠵᠦ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠥᠵᠢᠭᠦᠯᠵᠦ᠂ ᠬᠠᠷᠢᠯᠴᠠᠨ ᠠᠬᠢᠭᠤᠯᠬᠤ ᠬᠡᠷᠡᠭᠲᠡᠢ᠃     149. ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠶᠠᠮᠠᠷ ᠶᠠᠮᠠᠷ ᠠᠵᠢᠯᠯᠠᠭ᠎ᠠ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠪᠤᠢ︖    ︽ᠳᠦᠷᠢᠮ︾ ᠤᠨ ᠲᠣᠭᠲᠠᠭᠠᠯ ᠠᠴᠠ ᠵᠥᠷᠢᠴᠡᠵᠦ᠂ ᠲᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠡᠷᠡᠭ ᠡᠷᠭᠢᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠲᠠᠢ ᠬᠠᠮᠲᠤᠷᠠᠨ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠨ᠎ᠠ︔ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠨᠣᠮ ᠪᠢᠴᠢᠭ᠂ ᠰᠣᠨᠢᠨ ᠰᠡᠳᠬᠦᠯ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠺᠢᠨᠣ᠋ ᠲᠧᠯᠸᠢᠰ᠂ ᠲᠣᠣᠷ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠭᠠᠵᠠᠷ ᠣᠷᠣᠨ ᠤ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠨᠡᠷᠡᠳᠤ ᠲᠡᠮᠳᠡᠭᠲᠦ ᠶᠢᠨ ᠲᠠᠸᠠᠷ ᠤᠨ ᠲᠡᠮᠳᠡᠭ᠂ ᠵᠠᠷ ᠮᠡᠳᠡᠭᠡ ᠮᠡᠳᠡᠭᠡ ᠵᠠᠩᠭᠢ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠭᠰᠡᠨ᠂ ᠦᠨᠳᠦᠰᠦᠲᠡᠨ ᠤ ᠵᠠᠩ ᠳᠠᠳᠬᠠᠯ ᠢ ᠭᠦᠳᠬᠡᠭᠰᠡᠨ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠤᠭᠰᠠᠨ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠤᠭᠰᠠᠨ ᠠᠭᠤᠯᠭ᠎ᠠ ᠢᠯᠡᠷᠡᠭᠰᠡᠨ︔     ︵ᠬᠤᠶᠠᠷ︶ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠬᠤ᠂ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠬᠤ᠂ ᠵᠣᠬᠢᠶᠠᠬᠤ᠂ ᠬᠠᠩᠭᠠᠬᠤ᠂ ᠤᠯᠠᠮᠵᠢᠯᠠᠨ ᠲᠠᠷᠬᠠᠭᠠᠬᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠬᠤᠷᠣᠰᠤᠯ ᠪᠠ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠬᠦ ᠦᠢᠯᠡ ᠠᠵᠢᠯᠯᠠᠭ᠎ᠠ ᠬᠢᠭᠰᠡᠨ︔     ︵ᠭᠤᠷᠪᠠ︶ ᠨᠡᠪᠴᠢᠯᠲᠡ ᠬᠢᠬᠦ ᠪᠤᠰᠨᠢᠭᠤᠯᠬᠤ ᠡᠪᠳᠡᠬᠦ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠬᠢᠭᠰᠡᠨ᠃     150. ︽ᠳᠦᠷᠢᠮ︾ ᠳᠤ ᠲᠦᠷᠦ ᠶᠢᠨ ᠪᠠᠶᠢᠭᠤᠯᠭ᠎ᠠ᠂ ᠤᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠶᠠᠮᠠᠷ ᠶᠠᠮᠠᠷ ᠬᠠᠷᠢᠭᠤᠴᠠᠯᠭ᠎ᠠ ᠨᠡᠬᠡᠮᠵᠢᠯᠡᠬᠦ ᠪᠠᠷ ᠲᠣᠭᠲᠠᠭᠠᠭᠰᠠᠨ ᠪᠤᠢ︖    ᠲᠥᠷᠥ ᠶᠢᠨ ᠪᠠᠶᠢᠭᠤᠯᠭ᠎ᠠ᠂ ᠣᠯᠠᠨ ᠲᠤᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠳᠤ ᠲᠠᠷᠠᠭᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠨ᠎ᠠ᠂ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠡᠯ᠎ᠡ ᠱᠠᠲᠤᠨ ᠤ ᠡᠯ᠎ᠡ ᠲᠥᠷᠥᠯ ᠤᠨ ᠲᠡᠷᠢᠭᠦᠨ ᠤ ᠬᠠᠮᠲᠤ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠬᠤ ᠦᠭᠡᠢ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠠᠨ ᠮᠡᠳᠡᠭᠳᠡᠬᠦ ᠶᠢᠨ ᠬᠠᠮᠲᠤ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠨ ᠠᠴᠠ ᠵᠣᠬᠢᠴᠠᠩᠭᠤᠢ ᠬᠠᠷᠢᠭᠤᠴᠠᠯᠭ᠎ᠠ ᠨᠡᠬᠡᠮᠵᠢᠯᠡᠨ᠎ᠡ᠄     ︵ᠨᠢᠭᠡ︶ ᠲᠤᠰ ︽ᠳᠦᠷᠢᠮ︾ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠬᠡᠭᠰᠡᠨ︔   ︵ᠬᠤᠶᠠᠷ︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ︔   ︵ᠭᠤᠷᠪᠠ︶ ᠲᠤᠰ ᠨᠢᠭᠡᠴᠡ ᠶᠢᠨ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠵᠦ ᠠᠷᠢᠯᠭᠠᠭᠰᠠᠨ ᠦᠭᠡᠢ ᠠᠴᠠ ᠪᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠥᠯᠥᠭᠡᠯᠡᠬᠦ ᠬᠠᠮᠲᠤᠯᠢᠭ ᠤᠨ ᠴᠢᠨᠠᠷᠲᠠᠢ ᠬᠡᠷᠡᠭ ᠭᠠᠷᠤᠭᠰᠠᠨ ᠪᠥᠭᠡᠳ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ︔     ︵ᠳᠥᠷᠪᠡ︶ ᠲᠤᠰ ︽ᠳᠦᠷᠢᠮ︾ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃    151. ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠰᠠᠶᠢᠲᠤᠷ ᠥᠷᠨᠢᠭᠦᠯᠦᠭᠰᠡᠨ ᠦᠭᠡᠢ ᠪᠠᠶᠢᠪᠠᠯ ᠬᠡᠷᠬᠢᠨ ᠰᠢᠢᠳᠪᠦᠷᠢᠯᠡᠪᠡᠯ ᠵᠣᠬᠢᠬᠤ ᠪᠤᠢ︖    ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠲᠠᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠥᠰ ᠲᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    152. ︽ᠳᠦᠷᠢᠮ︾ ᠳᠤ ᠵᠠᠷ᠂ ᠲᠠᠸᠠᠷ ᠤᠨ ᠲᠡᠮᠳᠡᠭ᠂ ᠰᠣᠨᠢᠨ ᠮᠡᠳᠡᠭᠡ ᠬᠡᠪᠯᠡᠭᠳᠡᠬᠦᠨ᠂ ᠺᠢᠨᠣ᠋ ᠲᠧᠯᠸᠢᠰ ᠤᠨ ᠪᠦᠲᠦᠭᠡᠯ ᠵᠡᠷᠭᠡ ᠲᠠᠯ᠎ᠠ ᠪᠠᠷ ᠶᠠᠮᠠᠷ ᠲᠣᠭᠲᠠᠭᠠᠯ ᠲᠠᠢ ᠪᠣᠢ︖    ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ᠂ ᠺᠢᠨᠣ᠋ ᠲᠧᠯᠸᠢᠰ᠂ ᠲᠣᠣᠷ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠭᠠᠵᠠᠷ ᠣᠷᠣᠨ ᠤ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠨᠡᠷᠡᠲᠦ ᠲᠡᠮᠳᠡᠭᠲᠦ ᠲᠠᠸᠠᠷ ᠤᠨ ᠲᠡᠮᠳᠡᠭ᠂ ᠵᠠᠷ ᠮᠡᠳᠡᠭᠡ ᠮᠡᠳᠡᠭᠡ ᠵᠠᠩᠭᠢ ᠵᠡᠷᠭᠡ ᠲᠠᠯ᠎ᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠬᠦ᠂ ᠦᠨᠳᠦᠰᠦᠲᠡᠨ ᠤ ᠵᠠᠩ ᠳᠠᠳᠬᠠᠯ ᠢ ᠭᠦᠳᠬᠡᠬᠦ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠬᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠤᠬᠢᠷᠠᠭᠤᠯᠬᠤ ᠵᠡᠷᠭᠡ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠭᠤᠯᠭ᠎ᠠ ᠭᠠᠷᠬᠤ ᠶᠢ ᠴᠠᠭᠠᠵᠠᠯᠠᠨ᠎ᠠ᠃     153. ︽ᠳᠦᠷᠢᠮ︾ ᠳᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠦᠭᠡ ᠶᠠᠷᠢᠶ᠎ᠠ ᠦᠢᠯᠡ ᠠᠵᠢᠯᠯᠠᠭ᠎ᠠ ᠳᠤ ᠶᠠᠮᠠᠷ ᠶᠠᠮᠠᠷ ᠱᠠᠭᠠᠷᠳᠠᠯᠭ᠎ᠠ ᠲᠠᠢ ᠪᠣᠢ︖    ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠵᠤ ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠦᠢᠯᠡᠳᠴᠦ᠂ ᠬᠠᠩᠭᠠᠵᠤ᠂ ᠤᠯᠠᠮᠵᠢᠯᠠᠨ ᠲᠠᠷᠬᠠᠭᠠᠵᠤ ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠥᠰᠢᠶ᠎ᠡ ᠬᠤᠷᠣᠰᠤᠯ ᠪᠠ ᠦᠨᠳᠦᠰᠦᠲᠡᠨ ᠤ ᠭᠠᠳᠠᠭᠤᠷᠴᠢᠯᠠᠯ ᠢ ᠥᠳᠥᠭᠡᠬᠦ ᠦᠢᠯᠡ ᠠᠵᠢᠯᠯᠠᠭ᠎ᠠ ᠬᠢᠵᠦ ᠪᠣᠯᠬᠤ ᠦᠭᠡᠢ᠃    154. ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠨᠢ ᠶᠠᠭᠤ ᠪᠤᠢ︖    ᠨᠠᠮ ᠤᠨ ᠤᠳᠤᠷᠢᠳᠤᠯᠭ᠎ᠠ ᠪᠤᠯᠤᠨ᠎ᠠ᠃   155. ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢᠨ ᠭᠤᠣᠯ ᠠᠭᠤᠯᠭ᠎ᠠ ᠨᠢ ᠶᠠᠭᠤ ᠪᠤᠢ︖  ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃    156. ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠦᠨᠳᠦᠰᠦ ᠨᠢ ᠶᠠᠭᠤᠨ ᠳᠤ ᠪᠠᠶᠢᠬᠤ ᠪᠤᠢ︖    ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃    157. ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠤᠨ ︽ᠬᠤᠶᠠᠷ ᠢ ᠤᠶᠠᠯᠳᠤᠭᠤᠯᠬᠤ︾ ᠭᠡᠳᠡᠭ ᠢ ᠪᠠᠷᠢᠮᠲᠠᠯᠠᠨ ᠲᠡᠭᠦᠯᠳᠡᠷᠵᠢᠭᠦᠯᠬᠦ ᠨᠢ ᠶᠠᠭᠤ ᠪᠤᠢ︖    ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠬᠦᠴᠦᠨ ᠵᠦᠢᠯ ᠪᠠ ᠣᠷᠣᠨ ᠪᠦᠰᠡ ᠶᠢᠨ ᠬᠦᠴᠦᠨ ᠵᠦᠢᠯ ᠢ ᠤᠶᠠᠯᠳᠤᠭᠤᠯᠬᠤ ᠶᠢ ᠪᠠᠷᠢᠮᠲᠠᠯᠠᠨ᠎ᠠ᠃    158. ᠶᠠᠭᠤ ᠶᠢ ︽ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ︾ ᠭᠡᠬᠦ ᠪᠣᠢ︖    ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠭᠡᠳᠡᠭ ᠨᠢ ᠦᠵᠡᠯ ᠰᠠᠨᠠᠭ᠎ᠠ ᠤᠯᠤᠰ ᠲᠥᠷᠥ ︵ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ︶᠂ ᠬᠡᠯᠡ ᠪᠢᠴᠢᠭ᠂ ᠲᠡᠦᠬᠡ ᠭᠤᠷᠪᠠᠨ ᠲᠥᠷᠥᠯ ᠤᠨ ᠵᠢᠭᠠᠬᠤ ᠮᠠᠲ᠋ᠧᠷᠢᠶᠠᠯ ᠢ ᠵᠢᠭᠠᠵᠤ ᠪᠣᠶ᠂ ᠤᠯᠤᠰ ᠠᠴᠠ ᠨᠢᠭᠡᠳᠦᠯᠲᠡᠢ ᠨᠠᠶᠢᠷᠠᠭᠤᠯᠤᠨ ᠪᠢᠴᠢᠵᠦ᠂ ᠨᠢᠭᠡᠳᠦᠯᠲᠡᠢ ᠬᠢᠨᠠᠨ ᠪᠠᠶᠢᠴᠠᠭᠠᠵᠤ᠂ ᠨᠢᠭᠡᠳᠦᠯᠲᠡᠢ ᠬᠡᠷᠡᠭᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠲᠥᠪ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠰᠢᠨ᠎ᠡ ᠴᠠᠭ ᠦᠶ᠎ᠡ ᠳᠤ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠬᠤ ᠭᠤᠣᠯ ᠵᠢᠭᠠᠬᠤ ᠮᠠᠲ᠋ᠧᠷᠢᠶᠠᠯ ᠪᠣᠯᠣᠨ᠎ᠠ᠃  159. ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠬᠢᠨ ᠪᠠᠶᠢᠷᠢᠯᠠᠭᠤᠯᠤᠭᠰᠠᠨ ᠪᠤᠢ︖     2016 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠪᠠᠶᠢᠳᠠᠯ ᠳᠣᠣᠷᠠᠬᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠬᠡᠯᠡ ᠪᠢᠴᠢᠭ᠂ ᠲᠡᠦᠬᠡ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠢᠭᠡᠳᠦᠯᠲᠡᠢ ᠬᠡᠷᠡᠭᠯᠡᠬᠦ ᠡᠷᠴᠢᠮ ᠢ ᠴᠢᠩᠭᠠᠷᠠᠭᠤᠯᠵᠤ᠂ 3 ᠵᠢᠯ ᠤᠨ ᠬᠤᠭᠤᠴᠠᠭᠠᠨ ᠳᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠳᠤᠷᠠᠳᠤᠨ ᠭᠠᠷᠭᠠᠵᠠᠢ᠃     2019 ᠣᠨ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠠᠴᠠ ᠦᠨᠳᠦᠰᠦᠲᠡᠨ ᠤ ᠭᠠᠵᠠᠷ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠵᠢᠭᠠᠨ ᠰᠤᠷᠭᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠣᠰ ᠲᠣᠰ 2020 ᠣᠨ᠂ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠦᠨᠳᠦᠰᠦᠲᠡᠨ ᠤ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠴᠥᠮ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ ᠭᠡᠵᠦ ᠳᠤᠷᠠᠳᠤᠨ ᠭᠠᠷᠭᠠᠪᠠ᠃    2019 ᠣᠨ ᠤ 12 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︿ᠠᠮᠢᠨ ᠰᠦᠨᠡᠰᠦ ᠶᠢ ᠱᠤᠭᠤᠬᠤ ᠢᠨᠵᠧᠨᠧᠷᠢᠩ﹀ ᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠬᠡᠪᠴᠢᠶ᠎ᠡ ᠶᠢ ᠪᠠᠬᠢᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠪᠠᠭᠤᠷᠠᠢ ᠭᠠᠵᠠᠷ ᠣᠷᠣᠨ ᠳᠤ ᠭᠤᠷᠪᠠᠨ ᠲᠥᠷᠥᠯ ᠢ ᠰᠠᠶᠢᠲᠤᠷ ᠨᠡᠭᠡᠭᠡᠵᠦ᠂ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠬᠦ ᠶᠢ ᠪᠥᠬᠦ ᠲᠠᠯ᠎ᠠ ᠪᠠᠷ  ᠠᠬᠢᠭᠤᠯᠤᠨ᠎ᠠ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠠᠬᠢᠭᠤᠯᠬᠤ ᠲᠥᠯᠥᠪᠯᠡᠭᠡ ᠲᠣᠭᠲᠠᠭᠠᠵᠤ᠂ ᠳᠠᠬᠢᠭᠠᠳ 2022 ᠣᠨ ᠠᠴᠠ ᠡᠮᠦᠨ᠎ᠡ ᠵᠢᠭᠠᠬᠤ ᠮᠠᠲ᠋ᠧᠷᠢᠶᠠᠯ ᠢ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠦᠨ᠎ᠡ︔ 2025 ᠣᠨ ᠪᠣᠯᠬᠤ ᠳᠤ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠡᠶᠢᠳᠡᠮ ᠬᠡᠷᠡᠭᠯᠡᠬᠦ ᠶᠢ ᠪᠡᠶᠡᠯᠡᠭᠦᠯᠦᠨ᠎ᠡ᠃     160 . ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠡᠷᠬᠢᠨ ᠣᠶᠢᠯᠠᠭᠠᠬᠤ ᠪᠣᠢ︖     ︵ᠨᠢᠭᠡ︶ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠨᠢ ᠠᠷᠠᠳ ᠲᠦᠮᠡᠨ ᠤ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠲᠤᠰᠬᠠᠪᠠ᠃ ᠳᠤᠮᠳᠠᠳᠤ ᠶᠢᠨ ᠰᠢᠯᠢᠳᠡᠭ ᠰᠣᠶᠣᠯ ᠪᠠ ᠬᠥᠮᠥᠨ ᠲᠥᠷᠥᠯᠬᠢᠲᠡᠨ ᠤ ᠪᠣᠯᠪᠠᠰᠤᠨ ᠤ ᠲᠡᠷᠢᠭᠦᠨ ᠤ ᠦᠷ᠎ᠡ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ ᠪᠣᠯ ᠶᠠᠮᠠᠷ ᠬᠥᠮᠥᠨ ᠢ ᠬᠥᠮᠥᠵᠢᠭᠦᠯᠬᠦ᠂ ᠬᠡᠷᠬᠢᠨ ᠬᠥᠮᠥᠵᠢᠭᠦᠯᠬᠦ᠂ ᠬᠡᠨ ᠤ ᠲᠦᠯᠦᠭᠡ ᠬᠥᠮᠥᠵᠢᠭᠦᠯᠬᠦ ᠡᠨᠡ ᠬᠦ ᠦᠨᠳᠦᠰᠦᠨ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠮᠥᠨ᠂ ᠲᠡᠷᠡ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠬᠦ ᠲᠠᠢ ᠰᠢᠭᠤᠳ ᠬᠤᠯᠪᠣᠭᠳᠠᠵᠤ ᠪᠠᠶᠢᠳᠠᠭ᠃     ︵ᠬᠤᠶᠠᠷ︶ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠲᠡᠰ ᠤᠨ ᠂ ᠥᠨᠳᠥᠷ ᠬᠢᠷᠢ ᠬᠡᠮᠵᠢᠶ᠎ᠡ ᠲᠠᠢ᠂ ᠡᠷᠬᠡ ᠰᠦᠷᠲᠦ ᠴᠢᠨᠠᠷ ᠲᠠᠢ ᠵᠢᠭᠠᠬᠤ ᠮᠠᠲ᠋ᠧᠷᠢᠶᠠᠯ ᠪᠣᠯᠣᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠨᠢ ᠦᠨᠳᠦᠰᠦᠲᠡᠨ ᠤ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠭᠤᠣᠯᠴᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠢ ᠬᠦᠷᠲᠡᠭᠡᠬᠦ ᠳᠤ ᠠᠰᠢᠭᠲᠠᠢ ᠪᠠᠶᠢᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠠᠯᠤᠰ ᠬᠡᠲᠦ ᠶᠢᠨ ᠪᠣᠳᠠᠲᠤ ᠠᠴᠢ ᠬᠤᠯᠪᠣᠭᠳᠠᠯ ᠲᠠᠢ ᠶᠤᠮ᠃     ︵ᠭᠤᠷᠪᠠ︶ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠵᠤ᠂ ᠳᠤᠮᠳᠠᠳᠤ   ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠣᠨ ᠨᠡᠶᠢᠭᠡᠮ ᠵᠢᠷᠤᠮ ᠤᠨ ᠰᠣᠶᠣᠯ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠨᠠᠶᠢᠷᠠᠭᠤᠯᠤᠨ ᠪᠢᠴᠢᠬᠦ ᠵᠠᠷᠴᠢᠮ ᠢ ᠲᠤᠤᠱᠯᠠᠭᠤᠯᠪᠠ᠃ ᠥᠷᠭᠡᠨ ᠤᠯᠠᠨ ᠵᠠᠯᠠᠭᠤᠴᠤᠳ ᠪᠠᠭᠠᠴᠤᠳ ᠢ ᠬᠠᠪᠰᠤᠷᠤᠨ ᠬᠠᠷᠠᠬᠠᠨ ᠪᠠᠭ᠎ᠠ ᠠᠴᠠ ᠨᠢ ︽ᠳᠤᠮᠳᠠᠳᠤ ᠪᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ︾ ᠦᠷ᠎ᠡ ᠶᠢ ᠲᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠪᠡᠶᠡᠯᠡᠬᠦᠯᠬᠦ ᠶᠢᠨ ᠲᠥᠯᠥᠭᠡ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠬᠦᠯᠬᠦ ᠶᠢᠨ ᠲᠥᠯᠥᠭᠡ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃     ︵ᠳᠥᠷᠪᠡ︶ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠤᠭ ᠦᠨᠳᠦᠰᠦ ᠪᠠᠨ ᠥᠯᠥ ᠮᠠᠷᠲᠠᠬᠤ᠂ ᠭᠠᠳᠠᠨ᠎ᠠ ᠠᠴᠠ ᠰᠢᠩᠭᠡᠬᠡᠨ ᠠᠪᠬᠤ᠂ ᠢᠷᠡᠭᠡᠳᠦᠢ ᠳᠤ ᠬᠠᠨᠳᠤᠬᠤ ᠱᠠᠭᠠᠷᠳᠠᠯᠭ᠎ᠠ ᠶᠣᠰᠣᠭᠠᠷ᠂ ᠠᠭᠤᠯᠭ᠎ᠠ ᠨᠢ ᠦᠶ᠎ᠡ ᠶᠢᠨ ᠦᠶ᠎ᠡ ᠳᠤ ᠤᠯᠠᠮᠵᠢᠯᠠᠭᠳᠠᠬᠤ ᠶᠢ ᠢᠯᠡᠷᠡᠭᠦᠯᠬᠦ ᠮᠥᠷᠲᠡᠭᠡᠨ ᠪᠠᠰᠠ ᠴᠠᠭ ᠦᠶᠡᠴᠢ ᠴᠢᠨᠠᠷ ᠢ ᠢᠯᠡᠷᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠢ ᠲᠤᠰᠬᠠᠬᠤ ᠪᠠᠷ ᠪᠠᠷᠠᠬᠤ ᠦᠭᠡᠢ ᠪᠠᠰᠠ ᠪᠠᠷᠠᠭᠠᠯᠬᠢᠯᠠᠯ ᠤᠨ ᠴᠢᠨᠠᠷ ᠪᠠ ᠳᠡᠯᠡᠬᠡᠢ ᠶᠢᠨ ᠬᠠᠷᠠᠭ᠎ᠠ ᠲᠠᠢ ᠪᠠᠶᠢᠵᠤ᠂ ᠰᠤᠷᠤᠭᠴᠢᠳ ᠢ ᠳᠡᠯᠡᠬᠡᠢ ᠶᠢᠨ ᠬᠠᠷᠠᠭ᠎ᠠ ᠲᠠᠢ ᠬᠥᠮᠥᠨ ᠪᠣᠯᠭᠠᠨ᠎ᠠ᠃     161. ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠨ ᠰᠤᠷᠬᠤ ᠨᠢ ᠰᠤᠷᠤᠭᠴᠢᠳ ᠲᠤ ᠶᠠᠮᠠᠷ ᠶᠠᠮᠠᠷ ᠰᠠᠶᠢᠨ ᠲᠠᠯ᠎ᠠ ᠲᠠᠢ ᠪᠣᠢ︖     ︵ᠨᠢᠭᠡ︶ ᠵᠢᠭᠠᠬᠤ ᠮᠠᠲ᠋ᠧᠷᠢᠶᠠᠯ ᠨᠢ ᠵᠠᠯᠠᠭᠤᠴᠤᠳ ᠪᠠᠭᠠᠴᠤᠳ ᠤᠨ ᠲᠠᠨᠢᠨ ᠮᠡᠳᠡᠬᠦᠢ ᠶᠢᠨ ᠵᠢᠮ᠎ᠡ ᠶᠣᠰᠣ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠵᠢᠷᠤᠮᠯᠠᠵᠤ᠂ ᠰᠤᠷᠤᠭᠴᠢᠳ ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠤᠨ ᠪᠣᠳᠠᠲᠤ ᠪᠠᠶᠢᠳᠠᠯ ᠳᠤ ᠣᠶᠢᠷᠠᠲᠤᠨ᠂ ᠦᠨᠳᠦᠰᠦᠨ ᠰᠤᠷᠤᠯᠴᠠᠬᠤ ᠠᠭᠤᠯᠭ᠎ᠠ ᠶᠢ ᠨᠠᠷᠢᠨ ᠰᠣᠩᠭᠤᠵᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠩᠬᠠᠷᠬᠤ ᠮᠥᠷᠲᠡᠭᠡᠨ ᠪᠠᠰᠠ ᠰᠤᠷᠤᠭᠴᠢᠳ ᠤᠨ ᠥᠪᠡᠷᠮᠢᠴᠡ ᠴᠢᠨᠠᠷ ᠤᠨ ᠬᠥᠭᠵᠢᠯᠲᠡ ᠶᠢ ᠠᠩᠬᠠᠷᠴᠤ᠂ ᠭᠤᠣᠯᠯᠠᠬᠤ ᠬᠡᠪ ᠪᠣᠯᠪᠠᠰᠤᠷᠠᠯ ᠢ ᠬᠦᠴᠦᠯᠡᠨ ᠬᠥᠭᠵᠢᠭᠦᠯᠵᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠠᠰᠤᠨ ᠲᠤᠷᠰᠢᠲᠠ ᠶᠢᠨ ᠬᠥᠭᠵᠢᠯᠲᠡ ᠶᠢ ᠠᠬᠢᠭᠤᠯᠤᠨ᠎ᠠ᠃    ︵ᠬᠤᠶᠠᠷ︶ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠴᠤ ᠡᠵᠡᠮᠰᠢᠬᠦ ᠳᠤ ᠠᠰᠢᠭᠲᠠᠢ ᠶᠤᠮ᠃ ᠮᠠᠰᠢ ᠤᠯᠠᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠮᠡᠳᠡᠬᠦ ᠦᠭᠡᠢ ᠠᠴᠠ ᠪᠣᠯᠵᠤ᠂ ᠬᠤᠪᠢ ᠬᠥᠮᠥᠨ ᠤ ᠬᠥᠭᠵᠢᠯᠲᠡ ᠪᠠᠨ ᠬᠢᠵᠠᠭᠠᠷᠯᠠᠵᠤ ᠪᠠᠶᠢᠨ᠎ᠠ᠃ ᠡᠶᠢᠮᠦ ᠠᠴᠠ ᠬᠠᠷᠠᠬᠠᠨ ᠪᠠᠭ᠎ᠠ ᠠᠴᠠ ᠪᠠᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠤᠯᠴᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠬᠤ  ᠨᠢ ᠠᠵᠢᠯ ᠣᠯᠬᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠭᠥᠯᠢᠶᠡᠨ ᠠᠪᠬᠤ᠂ ᠨᠡᠶᠢᠭᠡᠮ ᠳᠤ ᠠᠭᠤᠰᠤᠯᠴᠠᠬᠤ ᠳᠤ ᠪᠦᠷ ᠠᠰᠢᠭᠲᠠᠢ ᠶᠤᠮ᠃    ︵ᠭᠤᠷᠪᠠ︶ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠤᠯᠤᠰ ᠤᠨ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ᠂ ᠨᠢᠭᠡᠳᠦᠭᠡᠷ ᠹᠷᠣᠨᠲ ᠤᠨ ᠭᠤᠣᠯᠯᠠᠭᠴᠢ ᠪᠠᠭᠰᠢ ᠨᠠᠷ ᠢ ᠲᠥᠪᠯᠡᠷᠡᠭᠦᠯᠦᠨ ᠨᠠᠶᠢᠷᠠᠭᠤᠯᠵᠤ ᠪᠢᠴᠢᠭᠰᠡᠨ ᠶᠤᠮ᠃ ᠭᠤᠷᠪᠠᠨ ᠲᠦᠷᠦᠯ ᠤᠨ ᠬᠢᠴᠢᠶᠡᠯ ᠤᠨ ᠥᠭᠡᠷᠡᠴᠢᠯᠡᠯᠲᠡ ᠶᠢᠨ ᠰᠢᠯᠢᠳᠡᠭ ᠦᠷ᠎ᠡ ᠪᠦᠲᠦᠭᠡᠯ᠂ ᠲᠡᠷᠢᠭᠦᠨ ᠤ ᠣᠶᠢᠯᠠᠭᠠᠭᠳᠠᠬᠤᠨ ᠪᠣᠯᠣᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠰᠢᠩᠭᠡᠬᠡᠨ ᠠᠪᠴᠤ᠂ ᠵᠢᠭᠠᠬᠤ ᠮᠠᠲ᠋ᠧᠷᠢᠶᠠᠯ ᠤᠨ ᠠᠭᠤᠯᠭ᠎ᠠ ᠨᠢ ᠰᠤᠷᠤᠭᠴᠢᠳ ᠤᠨ ᠰᠣᠨᠣᠰᠬᠤ ᠶᠠᠷᠢᠬᠤ ᠤᠩᠰᠢᠬᠤ ᠪᠢᠴᠢᠬᠦ ᠴᠢᠳᠠᠪᠤᠷᠢ ᠶᠢ ᠬᠥᠭᠵᠢᠭᠦᠯᠵᠦ᠂ ᠰᠤᠷᠤᠭᠴᠢᠳ ᠤᠨ ᠰᠡᠳᠬᠢᠬᠦᠢ ᠶᠢ ᠬᠥᠭᠵᠢᠭᠦᠯᠬᠦ ᠠᠴᠠ ᠭᠠᠳᠠᠨ᠎ᠠ ᠪᠠᠰᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠭᠰᠠᠨ ᠪᠠᠶᠢᠨ᠎ᠠ᠃ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠰᠤᠷᠬᠤ ᠨᠢ ᠰᠤᠷᠤᠭᠴᠢᠳ ᠤᠨ ᠬᠠᠷᠠᠬᠠᠨ ᠪᠠᠭ᠎ᠠ ᠠᠴᠠ ᠪᠠᠨ ᠰᠠᠶᠢᠨ ᠰᠠᠶᠢᠬᠠᠨ ᠵᠣᠷᠢᠭ ᠰᠠᠨᠠᠭ᠎ᠠ ᠵᠠᠩ ᠰᠤᠷᠲᠠᠯ ᠪᠠ ᠶᠣᠰᠣ ᠮᠣᠷᠠᠯ ᠤᠨ ᠬᠡᠪ ᠴᠢᠨᠠᠷ ᠢ ᠪᠣᠶ ᠪᠣᠯᠭᠠᠵᠤ᠂ ᠬᠠᠤᠯᠢ ᠪᠠᠷ ᠵᠠᠰᠠᠬᠤ ᠦᠵᠡᠯᠲᠡ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠣᠶ ᠪᠣᠯᠭᠠᠵᠤ᠂ ︽ᠳᠥᠷᠪᠡᠨ ᠢᠲᠡᠭᠡᠯ︾ ᠪᠠ ︽ᠲᠠᠪᠤᠨ ᠮᠡᠳᠡᠷᠡᠮᠵᠢ︾   ᠶᠢ ᠨᠡᠮᠡᠭᠳᠡᠭᠦᠯᠬᠦ ᠳᠤ ᠠᠰᠢᠭᠲᠠᠢ ᠶᠤᠮ᠃ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ 2020 ᠣᠨ ᠪᠣᠯᠬᠤ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠨᠡᠶᠢᠭᠡᠮ ᠳᠤ ᠦᠨᠳᠦᠰᠦᠨ ᠳᠡᠭᠡᠨ ᠲᠦᠭᠡᠮᠡᠯᠵᠢᠭᠦᠯᠵᠦ᠂ ᠪᠦᠬᠦ ᠤᠯᠤᠰ ᠤᠨ ᠬᠡᠪᠴᠢᠶᠡᠨ ᠳᠤ ᠦᠭᠡ ᠬᠡᠯᠡᠨ ᠤ ᠬᠠᠷᠢᠯᠴᠠᠭᠠᠨ ᠤ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠨ᠎ᠠ᠃ ᠴᠥᠭᠡᠨ ᠲᠣᠭᠠᠲᠤ ᠦᠨᠳᠦᠰᠦᠲᠡᠨ ᠤ ᠬᠤᠣᠰ ᠬᠡᠯᠡᠨ ᠤ ᠪᠠᠭᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠡᠶᠡᠯᠡᠭᠦᠯᠦᠭᠰᠡᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠵᠦ ᠴᠢᠳᠠᠨ᠎ᠠ᠃ 2014 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠢᠴᠢᠶᠡᠯ ᠢ ᠪᠥᠬᠦ ᠲᠠᠯ᠎ᠠ ᠪᠠᠷ ᠨᠡᠭᠡᠭᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠨ ᠳᠡᠭᠡᠨ ᠡᠵᠡᠮᠰᠢᠬᠦ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃     ︵ᠳᠥᠷᠪᠡ︶ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠲᠤᠶᠢᠯ ᠤᠨ ᠴᠢᠬᠤᠯᠠ ᠪᠥᠭᠡᠳ ᠣᠨᠴᠠᠭᠠᠶ ᠬᠥᠮᠥᠨ ᠬᠥᠮᠥᠵᠢᠭᠦᠯᠬᠦ ᠴᠢᠳᠠᠮᠵᠢ ᠲᠠᠢ ᠪᠠᠶᠢᠵᠤ᠂ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠢᠵᠢᠮ ᠢ ᠲᠤᠤᠱᠯᠠᠭᠤᠯᠤᠭᠰᠠᠨ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠭᠰᠠᠨ᠂ ᠡᠷᠭᠢᠭᠦᠯᠭᠡ ᠪᠠᠷ ᠳᠡᠭᠡᠭᠰᠢᠯᠡᠭᠰᠡᠨ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠢ ᠬᠥᠮᠥᠵᠢᠭᠦᠯᠬᠦ ᠬᠡᠪ ᠨᠠᠮᠪᠠ ᠶᠢ ᠪᠦᠷᠢᠯᠳᠦᠭᠦᠯᠬᠦ ᠳᠤ ᠠᠰᠢᠭᠲᠠᠢ ᠶᠤᠮ᠃    162. ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ᠂ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠭᠤᠷᠪᠠᠨ ᠲᠥᠷᠥᠯ ᠳᠤ ᠪᠦᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠬᠦ ᠨᠢ ᠰᠢᠯᠭᠠᠭᠤᠯᠤᠭᠴᠢ ᠶᠢᠨ ᠡᠯᠰᠡᠭᠳᠡᠬᠦ ᠳᠤ ᠨᠥᠯᠥᠭᠡ ᠲᠠᠢ ᠤᠤ︖    ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ 2023 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ᠂ 2025 ᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠦᠶ᠎ᠡ ᠳᠤ ᠭᠤᠷᠪᠠᠨ ᠬᠢᠴᠢᠶᠡᠯ ᠲᠥᠷᠥᠯ ᠳᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠷᠢᠭᠤᠯᠲᠠ ᠶᠢᠨ ᠬᠠᠭᠤᠳᠠᠰᠤ ᠶᠢ ᠬᠡᠷᠡᠭᠯᠡᠵᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠦᠶ᠎ᠡ ᠳᠤ ᠮᠥᠨ ᠬᠦ ᠪᠠᠶᠢᠭ᠎ᠠ ᠠᠶᠢᠮᠠᠭ ᠬᠤᠲᠠ ᠶᠢᠨ ᠠᠳᠠᠯᠢ ᠲᠥᠷᠥᠯ ᠤᠨ ᠰᠢᠯᠭᠠᠭᠤᠯᠤᠭᠴᠢ ᠶᠢᠨ ᠨᠡᠷᠡᠰ ᠤᠨ ᠵᠢᠭᠰᠠᠭᠠᠯᠲᠠ ᠳᠤ ᠡᠯᠰᠡᠭᠳᠡᠵᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠦᠶ᠎ᠡ ᠳᠤ ᠮᠥᠨ ᠬᠦ ᠪᠥᠬᠦ ᠣᠷᠣᠨ ᠤ ᠠᠳᠠᠯᠢ ᠲᠥᠷᠥᠯ ᠤᠨ ᠰᠢᠯᠭᠠᠭᠤᠯᠤᠭᠴᠢ ᠶᠢᠨ ᠨᠡᠷᠡᠰ ᠤᠨ ᠵᠢᠭᠰᠠᠭᠠᠯᠲᠠ ᠳᠤ ᠡᠯᠰᠡᠭᠳᠡᠨ᠎ᠡ᠃     163. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠬᠠᠤᠯᠢ ᠴᠠᠭᠠᠵᠠ ᠳᠤ ᠶᠠᠮᠠᠷ ᠶᠠᠮᠠᠷ ᠲᠣᠭᠲᠠᠭᠠᠯ ᠪᠠᠶᠢᠬᠤ ᠪᠣᠢ︖     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︵2018 ᠣᠨ ᠳᠤ ᠵᠠᠰᠠᠪᠤᠷᠢ ᠣᠷᠣᠭᠤᠯᠪᠠ︶ ᠶᠢᠨ ᠠᠷᠪᠠ ᠶᠢᠰᠦᠳᠦᠭᠡᠷ ᠵᠦᠢᠯ ᠳᠤ᠄ ︽ᠤᠯᠤᠰ ᠠᠴᠠ ᠪᠦᠬᠦ ᠤᠯᠤᠰ ᠲᠤ ᠨᠡᠶᠢᠳᠡᠮ ᠬᠡᠷᠡᠭᠯᠡᠵᠦ ᠪᠠᠶᠢᠭ᠎ᠠ ᠨᠡᠶᠢᠲᠡᠯᠢᠭ ᠬᠡᠯᠡ ᠶᠢ ᠳᠡᠯᠭᠡᠷᠡᠭᠦᠯᠦᠨ᠎ᠡ︾ ᠭᠡᠵᠦ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︵2001 ᠣᠨ ᠳᠤ ᠬᠡᠷᠡᠭᠵᠢᠭᠦᠯᠪᠡ︶ ᠶᠢᠨ ᠭᠤᠷᠪᠠᠳᠤᠭᠠᠷ ᠵᠦᠢᠯ ᠳᠤ᠄ ︽ᠤᠯᠤᠰ ᠠᠴᠠ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠳᠦᠷᠢᠮᠵᠢᠭᠰᠡᠨ ᠬᠢᠲᠠᠳ ᠦᠰᠦᠭ ᠢ ᠳᠡᠯᠭᠡᠷᠡᠭᠦᠯᠦᠨ᠎ᠡ︾ ᠭᠡᠵᠦ ᠲᠣᠭᠲᠠᠭᠠᠵᠠᠢ᠃ ᠳᠥᠷᠪᠡᠳᠦᠭᠡᠷ ᠵᠦᠢᠯ ᠳᠤ᠄ ︽ᠤᠯᠤᠰ ᠠᠴᠠ ᠠᠷᠠᠳ ᠢᠷᠭᠡᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠪᠠ ᠬᠡᠷᠡᠭᠯᠡᠬᠦ ᠳᠤ ᠨᠥᠬᠦᠴᠡᠯ ᠬᠠᠩᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠪᠴᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠ ᠳᠦᠷᠢᠮᠵᠢᠭᠰᠡᠨ ᠬᠢᠲᠠᠳ ᠦᠰᠦᠭ ᠢ ᠳᠡᠯᠭᠡᠷᠡᠭᠦᠯᠬᠦ ᠬᠡᠷᠡᠭᠲᠡᠢ︾ ᠭᠡᠵᠦ ᠲᠣᠭᠲᠠᠭᠠᠵᠠᠢ᠃ ᠠᠷᠪᠠᠳᠤᠭᠠᠷ ᠵᠦᠢᠯ ᠳᠤ᠄ ︽ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠨᠡᠶᠢᠲᠡᠯᠢᠭ ᠬᠡᠯᠡ ᠪᠠ ᠳᠦᠷᠢᠮᠵᠢᠭᠰᠡᠨ ᠬᠢᠲᠠᠳ ᠦᠰᠦᠭ ᠢᠶᠠᠷ ᠵᠢᠭᠠᠨ ᠰᠤᠷᠭᠠᠯᠲᠠ ᠶᠢᠨ ᠢᠶᠠᠨ ᠦᠨᠳᠦᠰᠦᠨ ᠬᠡᠷᠡᠭᠯᠡᠭᠡᠨ ᠤ ᠬᠡᠯᠡ ᠬᠡᠷᠡᠭᠯᠡᠭᠡᠨ ᠤ ᠦᠰᠦᠭ ᠪᠣᠯᠭᠠᠨ᠎ᠠ︾ ᠭᠡᠵᠦ ᠲᠣᠭᠲᠠᠭᠠᠵᠠᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ︵2015 ᠣᠨ ᠳᠤ ᠵᠠᠰᠠᠪᠤᠷᠢ ᠣᠷᠣᠭᠤᠯᠪᠠ︶ ᠶᠢᠨ ᠠᠷᠪᠠᠨ ᠬᠤᠶᠠᠳᠤᠭᠠᠷ ᠵᠦᠢᠯ ᠳᠤ᠄ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠦᠨᠳᠦᠰᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠭᠡ ᠬᠡᠯᠡ ᠦᠰᠦᠭ ᠪᠢᠴᠢᠭ ᠮᠥᠨ᠂ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ᠨᠤᠭᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠬᠢᠬᠦ ᠬᠡᠷᠡᠭᠲᠡᠢ︾ ᠭᠡᠵᠦ ᠲᠣᠭᠲᠠᠭᠠᠵᠠᠢ᠃    164. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠦᠷᠦ ᠶᠢᠨ ᠪᠣᠳᠣᠯᠭ᠎ᠠ ᠶᠢᠨ ᠲᠣᠭᠲᠠᠭᠠᠯ ᠨᠢ ᠭᠤᠣᠯᠳᠠᠭᠤ ᠶᠠᠮᠠᠷ ᠶᠠᠮᠠᠷ ᠪᠠᠶᠢᠳᠠᠭ ᠪᠤᠢ︖    ︽ᠤᠯᠤᠰ ᠤᠨ ᠤᠷᠳᠤ ᠰᠢᠭ᠋ ᠪᠠ ᠤᠷᠳᠤ ᠬᠤᠭᠤᠴᠠᠭᠠᠨ ᠤ ᠬᠡᠯᠡ ᠪᠢᠴᠢᠭ ᠤᠨ ᠦᠢᠯᠡᠰ ᠤᠨ ᠥᠭᠡᠷᠡᠴᠢᠯᠡᠯᠲᠡ ᠪᠠ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠪᠴᠢ ︵2012 —2020︶︾ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠭᠦᠯᠦᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ 2020 ᠣᠨ ᠪᠣᠯᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠨᠡᠶᠢᠭᠡᠮ ᠳᠤ ᠦᠨᠳᠦᠰᠦᠨ ᠳᠡᠭᠡᠨ ᠲᠦᠭᠡᠮᠡᠯᠵᠢᠭᠦᠯᠵᠦ᠂ ᠪᠦᠬᠦ ᠤᠯᠤᠰ ᠤᠨ ᠬᠡᠪᠴᠢᠶᠡᠨ ᠳᠠᠬᠢ ᠦᠭᠡ ᠬᠡᠯᠡᠨ ᠤ ᠬᠠᠷᠢᠯᠴᠠᠭᠠᠨ ᠤ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠨ᠎ᠠ ᠭᠡᠵᠦ ᠵᠢᠭᠠᠵᠤ ᠭᠠᠷᠭᠠᠪᠠ᠃ ᠴᠥᠭᠡᠨ ᠲᠣᠭᠠᠲᠤ ᠦᠨᠳᠦᠰᠦᠲᠡᠨ ᠤ ᠬᠤᠣᠰ ᠬᠡᠯᠡᠨ ᠤ ᠪᠠᠭᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠡᠶᠡᠯᠡᠭᠦᠯᠦᠭᠰᠡᠨ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠵᠦ ᠴᠢᠳᠠᠬᠤ ᠶᠢ ᠪᠡᠶᠡᠯᠡᠬᠦᠯᠦᠨ᠎ᠡ᠃    2014 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠵᠢᠭᠠᠵᠤ ᠭᠠᠷᠭᠠᠭᠰᠠᠨ ᠨᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠢᠴᠢᠶᠡᠯ ᠢ ᠪᠥᠬᠦ ᠲᠠᠯ᠎ᠠ ᠪᠠᠷ ᠨᠡᠭᠡᠭᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠥᠬᠦ ᠲᠠᠯ᠎ᠠ ᠪᠠᠷ ᠳᠡᠯᠭᠡᠷᠡᠭᠦᠯᠦᠨ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠦᠨᠳᠦᠰᠦᠨ ᠳᠡᠭᠡᠨ ᠡᠵᠡᠮᠰᠢᠬᠦ ᠪᠠ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ 2015 ᠣᠨ ᠤ ︽ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠪᠴᠢᠯᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠳᠤ ᠵᠢᠭᠠᠵᠤ ᠭᠠᠷᠭᠠᠭᠰᠠᠨ ᠨᠢ᠂ ᠬᠠᠤᠯᠢ ᠴᠠᠭᠠᠵᠠ ᠶᠢ ᠦᠨᠳᠦᠰᠦᠯᠡᠨ᠂ ᠵᠢᠮ᠎ᠡ ᠶᠣᠰᠣ ᠶᠢ ᠵᠢᠷᠤᠮᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠪᠣᠯᠪᠠᠰᠤᠷᠠᠩᠭᠤᠢ ᠡᠵᠡᠮᠰᠢᠨ ᠬᠡᠷᠡᠭᠯᠡᠵᠦ ᠴᠢᠳᠠᠬᠤ ᠬᠡᠷᠡᠭᠲᠡᠢ ᠭᠡᠵᠡᠢ᠃     2020 ᠣᠨ ᠤ 10 ᠰᠠᠷ᠎ᠠ ᠳᠤ ᠬᠤᠷᠠᠯᠳᠤᠭᠰᠠᠨ ᠪᠦᠬᠦ ᠤᠯᠤᠰ ᠤᠨ ᠦᠭᠡ ᠬᠡᠯᠡ ᠦᠰᠦᠭ ᠪᠢᠴᠢᠭ ᠤᠨ ᠬᠤᠷᠠᠯ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠰᠤᠷᠤᠯᠴᠠᠵᠤ ᠰᠣᠯᠢᠯᠴᠠᠬᠤ ᠶᠢᠨ ᠰᠠᠭᠤᠷᠢ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠤᠭ ᠲᠡᠮᠳᠡᠭ ᠲᠣᠳᠣᠷᠬᠠᠢ ᠪᠠᠷ ᠪᠠᠬᠢᠵᠢᠭᠦᠯᠦᠨ ᠴᠢᠩᠭᠠᠳᠬᠠᠵᠤ᠂ ᠰᠤᠷᠭᠠᠭᠤᠯᠢ ᠶᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠰᠠᠭᠤᠷᠢ ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠡᠯ᠎ᠡ ᠰᠤᠷᠤᠯᠭ᠎ᠠ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠬᠦ ᠪᠠ ᠬᠡᠷᠡᠭᠯᠡᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ︾ ᠳᠤ᠂ ︽ᠦᠨᠳᠦᠰᠦᠲᠡᠨ ᠤ ᠭᠠᠵᠠᠷ ᠣᠷᠣᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ︾ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃     165. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠬᠡᠷᠬᠢᠨ ᠣᠶᠢᠯᠠᠭᠠᠬᠤ ᠪᠤᠢ︖     ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠦᠬᠦ ᠳᠤᠮᠳᠠᠳᠤ ᠤᠯᠤᠰ ᠪᠦᠬᠦ ᠨᠡᠶᠢᠭᠡᠮ ᠤᠨ ᠬᠠᠮᠲᠤ ᠶᠢᠨ ᠦᠭᠡ ᠬᠡᠯᠡ ᠦᠰᠦᠭ ᠪᠢᠴᠢᠭ ᠮᠥᠨ᠂ 56 ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠮᠲᠤ ᠶᠢᠨ ᠬᠤᠯᠪᠣᠭᠠᠰᠤ ᠮᠥᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠶᠢᠨ ᠤᠯᠠᠮᠵᠢᠯᠠᠯ ᠪᠠ ᠬᠥᠭᠵᠢᠯᠲᠡ ᠶᠢᠨ ᠡᠷᠬᠢᠮ ᠨᠠᠨᠳᠢᠨ ᠡᠳ᠋ ᠪᠠᠶᠠᠯᠢᠭ ᠮᠥᠨ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠪᠣᠯ ᠮᠠᠨ ᠤ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠲᠣᠭᠲᠠᠭᠠᠭᠰᠠᠨ ᠦᠨᠳᠦᠰᠦᠲᠡᠨ ᠨᠦᠭᠦᠳ ᠤᠨ ᠬᠠᠮᠲᠤ ᠶᠢᠨ ᠬᠠᠷᠢᠭᠤᠴᠠᠯᠭ᠎ᠠ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠡᠩ ᠲᠡᠷᠢᠭᠦᠨ ᠳᠤ ᠰᠠᠶᠢᠲᠤᠷ ᠰᠤᠷᠴᠤ ᠰᠠᠶᠢᠲᠤᠷ ᠬᠡᠷᠡᠭᠯᠡᠬᠦ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶᠢᠵᠢᠭᠤᠯᠵᠤ᠂ ᠰᠣᠶᠣᠯ ᠤᠨ ᠡᠭᠡᠯᠢᠰᠢᠯ ᠪᠠ ᠤᠯᠤᠰ ᠤᠨ ᠡᠭᠡᠯᠢᠰᠢᠯ ᠢ ᠨᠡᠮᠡᠭᠳᠡᠭᠦᠯᠵᠦ᠂ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠠᠰᠢᠭᠲᠠᠢ ᠪᠠᠶᠢᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠨ᠎ᠡ︔ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠠᠰᠢᠭᠲᠠᠢ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠲᠥᠪ ᠭᠤᠣᠯᠴᠢ᠂ ᠨᠡᠩ ᠴᠢᠨᠠᠷ ᠴᠢᠨᠰᠠᠭ᠎ᠠ ᠲᠠᠢ ᠰᠤᠷᠭᠠᠨ ᠬᠥᠮᠦᠵᠢᠯ ᠢ ᠡᠳ᠋ᠯᠡᠬᠦ ᠳᠤ ᠠᠰᠢᠭᠲᠠᠢ ᠪᠠᠶᠢᠵᠤ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠪᠦᠬᠦ ᠤᠯᠤᠰ ᠲᠤ ᠴᠢᠭᠯᠡᠬᠦᠯᠦᠨ ᠭᠦᠢᠴᠡᠳ ᠠᠵᠢᠯ ᠣᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠳᠣᠬᠢᠴᠢᠯᠠᠯᠲᠠ ᠲᠡᠰᠢ ᠤᠷᠤᠭᠰᠢᠯᠠᠬᠤ ᠶᠢ ᠠᠬᠢᠭᠤᠯᠬᠤ ᠳᠤ ᠠᠰᠢᠭᠲᠠᠢ ᠶᠤᠮ᠃    166. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠬᠤ ᠶᠢᠨ ᠵᠠᠩᠭᠢᠯᠠᠭ᠎ᠠ ᠨᠢ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠲᠣᠳᠣᠷᠬᠠᠢ ᠪᠣᠯᠭᠠᠬᠤ ᠶᠠᠪᠤᠳᠠᠯ ᠪᠣᠯᠣᠨ᠎ᠠ᠂ ︽ᠠᠳᠠᠯᠢ︾ ᠪᠠ ︽ᠣᠨᠳᠣᠣ︾ ᠶᠢᠨ ᠬᠠᠷᠢᠴᠠᠭ᠎ᠠ ᠶᠢ ᠣᠶᠢᠯᠠᠭᠠᠨ᠎ᠠ ᠤᠤ︖     ᠨᠢᠭᠡ ᠲᠠᠯ᠎ᠠ ᠪᠠᠷ᠂ ︽ᠠᠳᠠᠯᠢ︾ ᠪᠠ ︽ᠣᠨᠳᠣᠣ︾ ᠶᠢ ᠨᠢᠭᠡ ᠯᠡ ᠳᠠᠪᠬᠤᠷᠭ᠎ᠠ ᠳᠤ ᠪᠥᠭᠡᠷᠡᠩᠬᠡᠢ ᠪᠠᠷ ᠦᠵᠡᠵᠦ ᠪᠣᠯᠬᠤ ᠦᠭᠡᠢ᠃ ︽ᠠᠳᠠᠯᠢ︾ ᠪᠣᠯ ᠴᠢᠭᠯᠡᠯ᠂ ᠤᠷᠢᠲᠠᠯ᠂ ᠦᠨᠳᠦᠰᠦ ᠮᠥᠨ᠂ ᠨᠡᠶᠢᠲᠡᠯᠢᠭ ᠴᠢᠨᠠᠷ ᠪᠣᠯ ᠵᠥᠷᠢᠶᠡᠲᠦ ᠴᠢᠨᠠᠷ ᠢ ᠶᠡᠷᠦᠩᠬᠡᠶᠢᠯᠡᠨ ᠵᠠᠬᠢᠷᠳᠠᠭ᠂ ᠨᠡᠶᠢᠲᠡᠯᠢᠭ ᠴᠢᠨᠠᠷ ᠪᠠᠶᠢᠬᠤ ᠦᠭᠡᠢ ᠪᠣᠯ ᠬᠠᠮᠲᠤ ᠶᠢᠨ ᠴᠣᠭᠴᠠ ᠶᠢᠨ ᠤᠬᠠᠮᠰᠠᠷ ᠭᠡᠵᠦ ᠬᠡᠯᠡᠬᠦ ᠶᠢᠨ ᠠᠷᠭ᠎ᠠ ᠦᠭᠡᠢ᠂ ᠡᠬᠢ ᠠᠳᠠᠭ ᠢ ᠲᠣᠩᠭᠤᠷᠤᠭᠤᠯᠵᠤ ᠪᠣᠯᠬᠤ ᠦᠭᠡᠢ︔ ︽ᠣᠨᠳᠣᠣ︾ ᠭᠡᠳᠡᠭ ᠪᠣᠯ ᠲᠡᠦᠬᠡ ᠶᠢᠨ᠂ ᠪᠣᠳᠠᠲᠠᠢ᠂ ᠪᠠᠶᠠᠯᠢᠭ ᠰᠠᠶᠢᠬᠠᠨ ᠪᠠᠶᠢᠳᠠᠭ᠂ ᠬᠡᠵᠢᠶᠡᠳᠡ ᠬᠤᠪᠢᠷᠠᠰᠢ ᠦᠭᠡᠢ ᠪᠢᠰᠢ᠂ ᠵᠥᠷᠢᠶᠡᠲᠦ ᠴᠢᠨᠠᠷ ᠢᠶᠠᠷ ᠨᠡᠶᠢᠲᠡᠯᠢᠭ ᠴᠢᠨᠠᠷ ᠢ ᠣᠷᠣᠯᠠᠭᠤᠯᠵᠤ ᠪᠣᠯᠬᠤ ᠦᠭᠡᠢ᠂ ᠪᠠᠰᠠ ᠨᠢᠭᠡ ᠦᠨᠳᠦᠰᠦᠲᠡᠨ ᠤ ᠥᠪᠡᠷᠮᠢᠴᠡ ᠴᠢᠨᠠᠷ ᠢᠶᠠᠷ ᠪᠤᠰᠤᠳ ᠦᠨᠳᠦᠰᠦᠲᠡᠨ ᠤ ᠤᠯᠠᠨ ᠶᠠᠩᠵᠤᠲᠤ ᠴᠢᠨᠠᠷ ᠢ ᠣᠷᠣᠯᠠᠭᠤᠯᠵᠤ ᠪᠣᠯᠬᠤ ᠦᠭᠡᠢ᠃ ᠬᠠᠮᠲᠤ ᠶᠢᠨ ᠬᠠᠷᠢᠴᠠᠭ᠎ᠠ ᠶᠢ ᠨᠡᠮᠡᠭᠳᠡᠭᠦᠯᠬᠦ ᠭᠡᠵᠦ ᠪᠠᠶᠢᠭ᠎ᠠ ᠨᠢ ᠦᠨᠳᠦᠰᠦᠲᠡᠨ ᠤ ᠬᠤᠭᠤᠷᠣᠨᠳᠣᠬᠢ ᠵᠥᠷᠢᠶ᠎ᠡ ᠶᠢ ᠤᠰᠠᠳᠬᠠᠬᠤ ᠭᠡᠰᠡᠨ ᠶᠠᠪᠤᠳᠠᠯ ᠪᠢᠰᠢ᠂ ᠨᠡᠩ ᠴᠤ ᠠᠯᠢ ᠨᠢᠭᠡ ᠦᠨᠳᠦᠰᠦᠲᠡᠨ ᠢ ᠤᠰᠠᠳᠬᠠᠬᠤ ᠭᠡᠰᠡᠨ ᠶᠠᠪᠤᠳᠠᠯ ᠪᠢᠰᠢ᠂ ︽ᠬᠢᠲᠠᠳᠴᠢᠯᠠᠬᠤ︾ ᠭᠡᠰᠡᠨ ᠶᠠᠪᠤᠳᠠᠯ ᠪᠢᠰᠢ᠂ ︽ᠬᠠᠶᠢᠯᠤᠭᠤᠯᠬᠤ︾ ᠭᠡᠰᠡᠨ ᠶᠠᠪᠤᠳᠠᠯ ᠴᠤ ᠪᠢᠰᠢ᠂ ᠬᠠᠷᠢᠨ ᠬᠠᠮᠲᠤ ᠪᠠᠷ ᠣᠳᠣᠬᠢᠴᠢᠯᠠᠯᠲᠠ ᠵᠦᠭ ᠤᠷᠤᠭᠰᠢᠯᠠᠬᠤ ᠭᠡᠰᠡᠨ ᠶᠠᠪᠤᠳᠠᠯ ᠪᠣᠯᠣᠨ᠎ᠠ︔ ᠵᠥᠷᠢᠶ᠎ᠡ ᠶᠢ ᠬᠦᠨᠳᠦᠳᠬᠡᠬᠦ ᠶᠢ ᠬᠡᠯᠡᠵᠦ ᠪᠠᠶᠢᠭ᠎ᠠ ᠨᠢ ᠤᠯᠠᠨ ᠶᠠᠩᠵᠤ ᠶᠢ ᠪᠠᠭᠲᠠᠭᠠᠬᠤ ᠶᠢ ᠬᠡᠯᠡᠵᠦ ᠪᠠᠶᠢᠨ᠎ᠠ᠂ ᠭᠡᠪᠡᠴᠦ ᠵᠥᠷᠢᠶ᠎ᠡ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ ᠪᠣᠯᠬᠤ ᠦᠭᠡᠢ᠂ ᠵᠥᠷᠢᠶ᠎ᠡ ᠶᠢ ᠵᠣᠷᠢᠭᠤᠳᠠ ᠨᠡᠮᠡᠵᠦ ᠥᠷᠭᠡᠳᠬᠡᠵᠦ ᠪᠣᠯᠬᠤ ᠦᠭᠡᠢ᠂ ᠵᠥᠷᠢᠶᠡᠲᠦ ᠴᠢᠨᠠᠷ ᠢᠶᠠᠷ ᠨᠡᠶᠢᠲᠡᠯᠢᠭ ᠴᠢᠨᠠᠷ ᠢ ᠪᠠᠭᠠᠰᠬᠠᠵᠤ ᠪᠣᠯᠬᠤ ᠦᠭᠡᠢ᠂ ᠵᠥᠷᠢᠶᠡᠲᠦ ᠴᠢᠨᠠᠷ ᠢ ︽ᠲᠤᠰᠠᠭᠠᠷᠯᠠᠬᠤ ᠬᠡᠷᠡᠮ︾ ᠪᠣᠯᠭᠠᠵᠤ ᠪᠣᠯᠬᠤ ᠦᠭᠡᠢ᠂ ᠨᠡᠩ ᠴᠤ ᠵᠥᠷᠢᠶᠡᠲᠦ ᠴᠢᠨᠠᠷ ᠢ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠬᠠᠷᠰᠢᠯᠠᠬᠤ ︽ᠬᠠᠷᠰᠢ ᠰᠠᠭᠠᠳ︾ ᠪᠣᠯᠭᠠᠵᠤ ᠪᠣᠯᠬᠤ ᠦᠭᠡᠢ᠃ ︽ᠠᠳᠠᠯᠢ︾ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠤᠪᠢᠰᠤᠩᠭᠤᠢ ᠨᠢᠭᠡᠳᠦᠯ ᠢ ᠪᠡᠶᠡᠯᠡᠭᠦᠯᠬᠦ ᠬᠡᠷᠡᠭᠲᠡᠢ᠃     ᠨᠢᠭᠡ ᠲᠠᠯ᠎ᠠ ᠪᠠᠷ᠂ ᠠᠯᠢ ᠲᠠᠯ᠎ᠠ ᠪᠠᠷ ᠡᠷᠬᠡᠪᠰᠢ ︽ᠠᠳᠠᠯᠢ︾ ᠪᠠᠶᠢᠬᠤ᠂ ᠠᠯᠢ ᠲᠠᠯ᠎ᠠ ᠪᠠᠷ ︽ᠣᠨᠳᠣᠣ︾ ᠪᠠᠶᠢᠵᠤ ᠪᠣᠯᠬᠤ ᠶᠢ ᠲᠣᠳᠣᠷᠬᠠᠢ ᠪᠣᠯᠭᠠᠬᠤ ᠬᠡᠷᠡᠭᠲᠡᠢ᠃ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠷᠬᠡᠪᠰᠢ ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠬᠦ ᠬᠡᠷᠡᠭᠲᠡᠢ᠂ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠤᠨ ᠲᠠᠯ᠎ᠠ ᠪᠠᠷ ᠴᠤ ᠵᠥᠷᠢᠶ᠎ᠡ ᠲᠠᠢ ᠪᠠᠶᠢᠵᠤ ᠪᠣᠯᠬᠤ ᠦᠭᠡᠢ᠃ ᠢᠳᠡᠭᠡᠨ ᠤᠮᠳᠠᠭᠠᠨ᠂ ᠬᠤᠪᠴᠠᠰᠤ ᠵᠠᠰᠠᠯ᠂ ᠵᠠᠩ ᠳᠠᠳᠬᠠᠯ᠂ ᠰᠣᠶᠣᠯ ᠤᠷᠠᠯᠢᠭ᠂ ᠪᠠᠷᠢᠯᠭ᠎ᠠ ᠶᠢᠨ ᠬᠡᠪ ᠨᠠᠮᠪᠠ ᠵᠡᠷᠭᠡ ᠲᠠᠯ᠎ᠠ ᠪᠠᠷ ᠠᠳᠠᠯᠢ ᠪᠤᠰᠤ ᠦᠨᠳᠦᠰᠦᠲᠡᠨ ᠨᠦᠭᠦᠳ ᠢᠯᠭᠠᠭ᠎ᠠ ᠲᠠᠢ ᠪᠠᠶᠢᠵᠤ᠂ ᠦᠨᠳᠦᠰᠦᠲᠡᠨ ᠨᠦᠭᠦᠳ ᠳᠤᠮᠳᠠᠳᠤ ᠶᠢᠨ ᠰᠣᠶᠣᠯ ᠤᠨ ᠥᠨᠢᠷ ᠴᠡᠴᠡᠭ ᠤᠨ ᠬᠦᠷᠢᠶᠡᠯᠡᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠳᠠᠭ᠃     167. ᠦᠨᠳᠦᠰᠦᠲᠡᠨ ᠨᠦᠭᠦᠳ ᠤᠨ ᠵᠥᠷᠢᠶᠡᠲᠦ ᠴᠢᠨᠠᠷ ᠪᠠ ᠨᠡᠶᠢᠲᠡᠯᠢᠭ ᠴᠢᠨᠠᠷ ᠤᠨ ᠬᠠᠷᠢᠴᠠᠭ᠎ᠠ ᠶᠢ ᠬᠡᠷᠬᠢᠨ ᠵᠥᠪ ᠢᠶᠠᠷ ᠰᠢᠢᠳᠪᠦᠷᠢᠯᠡᠬᠦ ᠪᠤᠢ︖    ᠵᠥᠷᠢᠶ᠎ᠡ ᠶᠢ ᠬᠦᠨᠳᠦᠳᠬᠡᠵᠦ᠂ ᠤᠯᠠᠨ ᠶᠠᠩᠵᠤ ᠶᠢ ᠪᠠᠭᠲᠠᠭᠠᠬᠤ ᠪᠠᠷ ᠪᠠᠷᠠᠬᠤ ᠦᠭᠡᠢ ᠪᠠᠰᠠ ᠨᠡᠶᠢᠲᠡᠯᠢᠭ ᠴᠢᠨᠠᠷ ᠲᠤ ᠵᠥᠪ ᠢᠶᠠᠷ ᠬᠠᠨᠳᠤᠵᠤ᠂ ᠨᠢᠭᠡ ᠴᠣᠭᠴᠠ ᠶᠢ ᠪᠠᠬᠢᠵᠢᠬᠦᠯᠵᠦ᠂ ᠦᠨᠳᠦᠰᠦᠲᠡᠨ ᠤ ᠵᠥᠷᠢᠶ᠎ᠡ ᠶᠢ ᠬᠦᠨᠳᠦᠳᠬᠡᠬᠦ ᠠᠴᠠ ᠪᠢᠰᠢ ᠵᠥᠷᠢᠶ᠎ᠡ ᠶᠢ ᠴᠢᠩᠭᠠᠳᠬᠠᠬᠤ ᠦᠭᠡᠢ᠂ ᠦᠨᠳᠦᠰᠦᠲᠡᠨ ᠤ ᠥᠪᠡᠷᠮᠢᠴᠡ ᠴᠢᠨᠠᠷ ᠢ ᠪᠠᠲᠤᠯᠠᠬᠤ ᠠᠴᠠ ᠪᠢᠰᠢ ᠥᠪᠡᠷᠮᠢᠴᠡ ᠴᠢᠨᠠᠷ ᠢ ᠴᠢᠩᠭᠠᠳᠬᠠᠬᠤ ᠦᠭᠡᠢ ᠪᠠᠶᠢᠬᠤ ᠬᠡᠷᠡᠭᠲᠡᠢ᠃   168. ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠᠴᠢᠯᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠲᠦᠷᠪᠡᠨ ︽ᠵᠠᠶᠢᠯᠠᠰᠢ ᠦᠭᠡᠢ ᠱᠠᠭᠠᠷᠳᠠᠯᠭ᠎ᠠ︾ ᠨᠢ ᠶᠠᠭᠤ ᠪᠤᠢ︖    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠬᠤ ᠨᠢ ᠨᠢᠭᠡ ᠳᠤ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠪᠠᠬᠢ ᠪᠤᠢ ᠪᠤᠯᠭᠠᠵᠤ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ᠤᠷᠳᠤ ᠴᠠᠭᠠᠨ ᠬᠡᠷᠡᠮ ᠢ ᠪᠠᠶᠢᠭᠤᠯᠵᠤ᠂ ᠦᠨᠳᠦᠰᠦᠲᠡᠨ ᠨᠦᠭᠦᠳ ᠤᠯᠤᠰ ᠣᠷᠣᠨ ᠤ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠲᠤ ᠪᠠᠷ ᠰᠠᠶᠢᠲᠤᠷ ᠬᠠᠮᠠᠭᠠᠯᠠᠪᠠᠯ ᠰᠠᠶ᠋ᠢ ᠡᠯ᠎ᠡ ᠵᠦᠢᠯ ᠤᠨ ᠬᠡᠲᠦᠷᠡᠮᠡᠬᠡᠢ ᠦᠵᠡᠯ ᠰᠠᠨᠠᠭᠠᠨ ᠤ ᠨᠡᠪᠴᠢᠯᠲᠡ ᠪᠤᠰᠨᠢᠭᠤᠯᠤᠯᠳᠠ ᠶᠢ ᠪᠦᠲᠦᠮᠵᠢᠲᠡᠢ ᠬᠤᠷᠢᠭᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ ᠴᠢᠳᠠᠨ᠎ᠠ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠪᠠᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠤ ᠬᠦᠷᠢᠶ᠎ᠡ ᠴᠠᠷᠠᠭ᠎ᠠ ᠳᠤ ᠡᠭᠦᠰᠴᠦ ᠮᠡᠳᠡᠬᠦ ᠠᠶᠤᠯ ᠲᠦᠭᠰᠢᠭᠦᠷᠢ ᠪᠠ ᠥᠷᠢᠰᠦᠯᠳᠦᠭᠡᠨ ᠢ ᠪᠦᠲᠦᠮᠵᠢᠲᠡᠶ ᠠᠷᠭᠠᠴᠠᠵᠤ ᠴᠢᠳᠠᠨ᠎ᠠ᠂ ᠰᠠᠶ᠋ᠢ ᠨᠠᠮ ᠪᠠ ᠤᠯᠤᠰ ᠣᠷᠣᠨ ᠤ ᠬᠥᠭᠵᠢᠨ ᠮᠠᠨᠳᠤᠬᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠴᠢᠬᠤᠯᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ ᠴᠢᠳᠠᠨ᠎ᠠ᠃ ᠭᠤᠷᠪᠠ ᠳᠤ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠪᠠᠯ ᠰᠠᠶ᠋ᠢ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠢ ᠤᠬᠠᠮᠰᠠᠷ ᠠᠴᠠ ᠪᠠᠨ ᠮᠡᠳᠡᠷᠡᠬᠦ ᠰᠡᠳᠬᠢᠯᠭᠡ ᠶᠢ ᠨᠡᠮᠡᠭᠳᠡᠭᠦᠯᠵᠦ᠂ ᠮᠠᠨ ᠤ ᠤᠯᠤᠰ ᠤᠨ ᠦᠨᠳᠦᠰᠦᠲᠡᠨ ᠤ ᠬᠠᠷᠢᠴᠠᠭᠠᠨ ᠤ ᠬᠥᠭᠵᠢᠯᠲᠡ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠲᠠᠨᠢᠯᠲᠠ ᠨᠡᠩ ᠥᠨᠳᠥᠷ᠂ ᠨᠢᠭᠲᠠᠷᠠᠯ ᠤᠨ ᠬᠦᠴᠦᠨ ᠨᠡᠩ ᠴᠢᠩᠭ᠎ᠠ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠠᠬᠢᠭᠤᠯᠵᠤ ᠴᠢᠳᠠᠨ᠎ᠠ᠃ ᠳᠥᠷᠪᠡ ᠳᠤ ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠴᠠᠭ ᠦᠶ᠎ᠡ ᠶᠢᠨ ᠬᠤᠪᠢᠷᠠᠯᠲᠠ ᠶᠢ ᠳᠠᠭᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠤᠨ ᠣᠷᠭᠠᠨᠢᠭ ᠤᠶᠠᠯᠳᠤᠯ ᠢ ᠪᠡᠶᠡᠯᠡᠭᠦᠯᠪᠡᠯ ᠰᠠᠶ᠋ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ ᠨᠠᠷᠢᠯᠢᠭ ᠬᠢᠵᠦ ᠯᠠᠪᠳᠠᠭᠤᠨ ᠪᠠᠲᠤᠲᠠᠢ ᠬᠢᠵᠦ ᠴᠢᠳᠠᠨ᠎ᠠ᠃     169. ᠦᠨᠳᠦᠰᠦᠲᠡᠨ ᠤ ᠠᠵᠢᠯ ᠤᠨ ᠳᠤᠮᠳᠠ  ᠵᠥᠪ ᠡᠵᠡᠮᠰᠢᠬᠦ ᠳᠦᠷᠪᠡᠨ ᠬᠠᠷᠢᠴᠠᠭ᠎ᠠ ᠨᠢ ᠶᠠᠭᠤ ᠪᠤᠢ︖    ᠨᠢᠭᠡ ᠳᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠰᠢᠵᠦ᠂ ᠨᠡᠶᠢᠲᠡᠯᠢᠭ ᠴᠢᠨᠠᠷ ᠢ ᠨᠡᠮᠡᠭᠳᠡᠭᠦᠯᠦᠨ᠂ ᠵᠥᠷᠢᠶᠡᠲᠦ ᠴᠢᠨᠠᠷ ᠢ ᠬᠦᠨᠳᠦᠳᠬᠡᠬᠦ ᠪᠠ ᠪᠠᠭᠲᠠᠭᠠᠬᠤ ᠪᠣᠯ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠮᠥᠨ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ ᠶᠢ ᠵᠥᠪ ᠡᠵᠡᠮᠰᠢᠵᠦ᠂ ᠦᠨᠳᠦᠰᠦᠲᠡᠨ ᠨᠦᠭᠦᠳ ᠢ ᠬᠥᠲᠥᠯᠥᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠲᠤᠰ ᠦᠨᠳᠦᠰᠦᠲᠡᠨ ᠤ ᠦᠵᠡᠯ ᠤᠬᠠᠮᠰᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠬᠦᠯᠢ ᠴᠣᠭᠴᠠ ᠶᠢᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠨᠦᠭᠦᠳ ᠤᠨ ᠪᠣᠳᠠᠲᠠᠢ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠬᠡᠷᠡᠭᠲᠡᠢ᠂ ᠬᠢᠲᠠᠳ ᠤᠨ ᠳᠡᠭᠡᠷᠡᠩᠭᠦᠢ ᠦᠵᠡᠯ ᠪᠠ ᠣᠷᠣᠨ ᠨᠤᠲᠤᠭ ᠤᠨ ᠦᠨᠳᠦᠰᠦᠲᠡᠨ ᠤ ᠦᠵᠡᠯ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠠᠰᠢᠭ ᠦᠭᠡᠢ ᠶᠤᠮ᠃ ᠭᠤᠷᠪᠠ ᠳᠤ ᠳᠤᠮᠳᠠᠳᠤ ᠶᠢᠨ ᠰᠣᠶᠣᠯ ᠪᠣᠯᠣᠨ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ ᠶᠢ ᠵᠥᠪ ᠡᠵᠡᠮᠰᠢᠬᠦ ᠬᠡᠷᠡᠭᠲᠡᠢ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠭᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ ᠲᠤᠯᠭᠠᠭᠤᠷᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠪᠥᠭᠡᠳ ᠢᠳᠡᠷᠬᠡᠭ ᠪᠠᠶᠢᠪᠠᠯ ᠰᠠᠶ᠋ᠢ ᠰᠠᠯᠠᠭ᠎ᠠ ᠨᠠᠮᠠᠭ᠎ᠠ ᠨᠢ ᠢᠭᠴᠤ ᠰᠠᠬᠤᠤᠯᠢᠭ ᠪᠠᠶᠢᠵᠤ ᠴᠢᠳᠠᠨ᠎ᠠ᠃ ᠳᠥᠷᠪᠡ ᠳᠤ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ ᠢ ᠣᠯᠭᠤᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠨ ᠤ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠴᠤᠭᠴᠠᠯᠠᠬᠤ ᠬᠡᠷᠡᠭᠲᠡᠢ᠃    170. ᠰᠢ ᠶᠢᠨ ᠫᠢᠩ ᠶᠡᠷᠦᠩᠬᠡᠢ ᠱᠦᠵᠢ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠬᠡᠷᠡᠭᠵᠢᠭᠦᠯᠦᠭᠰᠡᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠰᠤᠷᠭᠠᠮᠵᠢ ᠶᠢ ᠰᠢᠨᠵᠢᠯᠡᠬᠦ ᠤᠬᠠᠭᠠᠨᠴᠢ ᠪᠠᠷ ᠳ᠋ᠦᠩᠨᠡᠵᠦ᠂ ᠲᠣᠳᠣᠷᠬᠠᠢ ᠳᠤᠷᠠᠳᠤᠨ ᠭᠠᠷᠭᠠᠭᠰᠠᠨ ︽ᠬᠤᠶᠠᠷ ᠢ ᠤᠶᠠᠯᠳᠤᠭᠤᠯᠬᠤ︾ ᠦᠨᠳᠦᠰᠦᠨ ᠱᠠᠭᠠᠷᠳᠠᠯᠭ᠎ᠠ ᠨᠢ ᠶᠠᠭᠤ  ᠪᠤᠢ︖    ᠨᠢᠭᠡ ᠳᠤ ᠨᠢᠭᠡᠳᠬᠡᠬᠦ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠎ᠠ︔ ᠬᠤᠶᠠᠷ ᠲᠤ ᠦᠨᠳᠦᠰᠦᠲᠡᠨ ᠤ ᠬᠦᠴᠦᠨ ᠵᠦᠢᠯ ᠪᠠ ᠣᠷᠣᠨ ᠪᠦᠰᠡ ᠶᠢᠨ ᠬᠦᠴᠦᠨ ᠵᠦᠢᠯ ᠢ ᠤᠶᠠᠯᠳᠤᠭᠤᠯᠬᠤ ᠶᠢ ᠪᠠᠷᠢᠮᠲᠠᠯᠠᠨ᠎ᠠ᠃     171. ᠦᠨᠳᠦᠰᠦᠲᠡᠨ ᠤ ᠠᠵᠢᠯ ᠢ  ᠠᠬᠢᠭᠤᠯᠬᠤ ᠳᠤ ᠶᠠᠮᠠᠷ ᠬᠤᠶᠠᠷ ᠵᠦᠢᠯ ᠤᠨ ᠬᠦᠴᠦᠨ ᠳᠤ ᠲᠦᠰᠢᠭᠯᠡᠬᠦ ᠬᠡᠷᠡᠭᠲᠡᠢ ᠪᠤᠢ︖    ᠦᠨᠳᠦᠰᠦᠲᠡᠨ ᠤ ᠠᠵᠢᠯ ᠢ ᠠᠬᠢᠭᠤᠯᠬᠤ ᠳᠤ ᠭᠤᠣᠯᠳᠠᠭᠤ ᠬᠤᠶᠠᠷ ᠵᠦᠢᠯ ᠤᠨ ᠬᠦᠴᠦᠨ ᠳᠤ ᠲᠦᠰᠢᠭᠯᠡᠨ᠎ᠡ᠂ ᠨᠢᠭᠡ ᠵᠦᠢᠯ ᠨᠢ ᠪᠣᠳᠠᠰ ᠤᠨ ᠬᠦᠴᠦᠨ᠂ ᠨᠦᠭᠦᠭᠡ ᠨᠢᠭᠡ ᠵᠦᠢᠯ ᠨᠢ ᠤᠶᠤᠨ ᠤ ᠬᠦᠴᠦᠨ ᠳᠤ ᠲᠦᠰᠢᠭᠯᠡᠨ᠎ᠡ᠃ ᠪᠣᠳᠠᠰ ᠤᠨ ᠬᠦᠴᠦᠨ ᠤ ᠲᠠᠯ᠎ᠠ ᠪᠠᠷ ᠭᠤᠣᠯᠳᠠᠭᠤ ᠬᠥᠭᠵᠢᠯᠲᠡ ᠭᠡᠬᠦ ᠡᠨᠡ ᠬᠦ ᠲᠦᠯᠬᠢᠭᠦᠷ ᠢ ᠰᠠᠶᠢᠲᠤᠷ ᠬᠡᠷᠡᠭᠯᠡᠵᠦ᠂ ᠤᠶᠤᠨ ᠰᠠᠨᠠᠭᠠᠨ ᠤ ᠬᠦᠴᠦᠨ ᠤ ᠲᠠᠯ᠎ᠠ ᠪᠠᠷ ᠭᠤᠣᠯᠳᠠᠭᠤ ᠦᠵᠡᠯ ᠰᠠᠨᠠᠭᠠᠨ ᠤ ᠬᠥᠮᠦᠵᠢᠯ ᠭᠡᠬᠦ ᠡᠨᠡ ᠬᠦ ᠲᠦᠯᠬᠢᠭᠦᠷ ᠢ ᠰᠠᠶᠢᠲᠤᠷ ᠬᠡᠷᠡᠭᠯᠡᠬᠦ ᠬᠡᠷᠡᠭᠲᠡᠢ᠃     172. ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠴᠢᠭᠯᠡᠯ ᠨᠢ ᠶᠠᠭᠤ ᠪᠤᠢ︖     ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠨ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃      173. ᠳᠤᠮᠳᠠᠳᠤ ᠶᠢᠨ ᠦᠨᠳᠦᠰᠦᠲᠡᠨ ᠪᠣᠯᠣᠨ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠴᠠᠭ᠎ᠠ ᠶᠢ ᠬᠡᠷᠬᠢᠨ ᠳᠦᠷᠰᠦᠯᠡᠬᠦ ᠪᠤᠢ︖    ᠳᠦᠷᠰᠦᠯᠢᠭ ᠢᠶᠠᠷ ᠬᠡᠯᠡᠪᠡᠯ᠂ ᠳᠤᠮᠳᠠᠳᠤ ᠶᠢᠨ ᠦᠨᠳᠦᠰᠦᠲᠡᠨ ᠪᠠ ᠦᠨᠳᠦᠰᠦᠲᠡᠨ ᠨᠦᠭᠦᠳ ᠪᠣᠯ ᠨᠢᠭᠡᠨ ᠶᠡᠭᠡ ᠭᠡᠷ ᠪᠦᠯᠢ ᠪᠠ ᠭᠡᠷ ᠪᠦᠯᠢ ᠶᠢᠨ ᠪᠦᠷᠢᠯᠳᠦᠭᠦᠨ ᠤ ᠬᠠᠷᠢᠴᠠᠭ᠎ᠠ ᠮᠥᠨ︔ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠴᠠᠭ᠎ᠠ ᠪᠣᠯ ᠨᠢᠭᠡᠨ ᠶᠡᠭᠡ ᠭᠡᠷ ᠪᠦᠯᠢ ᠶᠢᠨ ᠳᠣᠲᠣᠷᠠᠬᠢ ᠠᠳᠠᠯᠢ ᠪᠤᠰᠤ ᠪᠦᠷᠢᠯᠳᠦᠭᠦᠨ ᠨᠦᠭᠦᠳ ᠤᠨ ᠬᠤᠭᠤᠷᠣᠨᠳᠣᠬᠢ ᠬᠠᠷᠢᠴᠠᠭ᠎ᠠ ᠮᠥᠨ᠃ ᠮᠠᠨ ᠤ ᠤᠯᠤᠰ ᠤᠨ ᠲᠡᠦᠬᠡ ᠶᠢᠨ ᠤᠯᠠᠷᠢᠯ ᠬᠤᠪᠢᠰᠤᠯ ᠤᠨ ᠣᠨᠴᠠᠯᠢᠭ ᠨᠢ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠲᠠᠷᠬᠠᠯᠲᠠ ᠶᠢᠨ ᠲᠠᠯ᠎ᠠ ᠪᠠᠷ ᠰᠣᠯᠪᠢᠴᠠᠨ ᠬᠤᠯᠢᠯᠳᠤᠨ ᠰᠠᠭᠤᠷᠢᠰᠢᠬᠤ᠂ ᠰᠣᠶᠣᠯ ᠤᠨ ᠲᠠᠯ᠎ᠠ ᠪᠠᠷ ᠪᠦᠬᠦᠨ ᠢ ᠬᠠᠮᠤᠷᠬᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠬᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠣᠶᠢᠷᠠᠳᠬᠤ ᠪᠣᠯᠭᠠᠵᠤ᠂ ᠴᠢᠨᠦ ᠳᠣᠲᠣᠷ᠎ᠠ ᠪᠢ ᠪᠠᠶᠢᠬᠤ᠂ ᠮᠢᠨᠤ ᠳᠣᠲᠣᠷ᠎ᠠ ᠴᠢ ᠪᠠᠶᠢᠬᠤ᠂ ᠬᠡᠨ ᠨᠢ ᠴᠦ ᠬᠡᠨ ᠠᠴᠠ ᠪᠠᠨ ᠰᠠᠯᠵᠤ ᠴᠢᠳᠠᠬᠤ ᠦᠭᠡᠢ ᠣᠯᠠᠨ ᠡᠰᠢᠲᠦ ᠨᠢᠭᠡ ᠴᠣᠭᠴᠠ ᠶᠢᠨ ᠪᠠᠶᠢᠷᠢᠰᠢᠯ ᠢ ᠪᠣᠢ ᠪᠣᠯᠭᠠᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠪᠠᠶᠢᠷᠢᠰᠢᠯ᠂ ᠨᠢᠭᠡ ᠴᠣᠭᠴᠠ ᠳᠤ ᠣᠯᠠᠨ ᠡᠰᠢ ᠠᠭᠤᠯᠤᠭᠳᠠᠵᠤ᠂ ᠣᠯᠠᠨ ᠡᠰᠢ ᠨᠢ ᠨᠢᠭᠡ ᠴᠣᠭᠴᠠ ᠶᠢ ᠪᠦᠷᠢᠯᠳᠦᠬᠦᠯᠵᠦ᠂ ᠨᠢᠭᠡ ᠴᠣᠭᠴᠠ ᠨᠢ ᠣᠯᠠᠨ ᠡᠰᠢ ᠠᠴᠠ ᠰᠠᠯᠵᠤ ᠴᠢᠳᠠᠬᠤ ᠦᠭᠡᠢ᠂ ᠣᠯᠠᠨ ᠡᠰᠢ ᠴᠦ ᠨᠢᠭᠡ ᠴᠣᠭᠴᠠ ᠠᠴᠠ ᠰᠠᠯᠵᠤ ᠴᠢᠳᠠᠬᠤ ᠦᠭᠡᠢ᠂ ᠨᠢᠭᠡ ᠴᠣᠭᠴᠠ ᠪᠣᠯ ᠭᠤᠣᠯ ᠰᠢᠵᠢᠮ ᠪᠠ ᠴᠢᠭᠯᠡᠯ ᠮᠥᠨ᠂ ᠣᠯᠠᠨ ᠡᠰᠢ ᠪᠣᠯ ᠡᠯᠧᠮᠧᠨ᠋ᠲ ᠪᠠ ᠬᠥᠳᠡᠯᠭᠡᠭᠦ ᠬᠦᠴᠦᠨ ᠮᠥᠨ᠂ ᠡᠨᠡ ᠬᠤᠶᠠᠷ ᠪᠣᠯ ᠬᠤᠪᠢᠰᠤᠩᠭᠤᠢ ᠨᠢᠭᠡᠳᠦᠯ ᠲᠠᠢ ᠪᠠᠶᠢᠳᠠᠭ᠃     174. ᠶᠠᠭᠤᠨ ᠳᠤ ᠡᠬᠡ ᠣᠷᠣᠨ ᠤ ᠨᠢᠭᠡᠳᠦᠯ ᠢ ᠬᠠᠮᠠᠭᠠᠯᠠᠬᠤ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠤᠭ ᠤᠨ ᠳᠡᠭᠡᠳᠦ ᠠᠰᠢᠭ ᠲᠤᠰᠠ ᠮᠥᠨ ᠭᠡᠵᠦ ᠬᠡᠯᠡᠵᠦ ᠪᠠᠶᠢᠬᠤ ᠪᠤᠢ︖     ᠡᠬᠡ ᠣᠷᠣᠨ ᠢᠶᠠᠨ ᠨᠢᠭᠡᠳᠬᠡᠬᠦ ᠪᠣᠯ ᠤᠯᠤᠰ ᠣᠷᠣᠨ ᠢᠶᠠᠨ ᠴᠡᠴᠡᠭᠯᠡᠭᠦᠯᠦᠨ ᠬᠦᠴᠦᠷᠬᠡᠭᠵᠢᠭᠦᠯᠬᠦ ᠶᠢᠨ ᠦᠨᠳᠦᠰᠦᠨ ᠤᠷᠢᠲᠠᠯ ᠮᠥᠨ︔ ᠦᠨᠳᠦᠰᠦᠲᠡᠨ ᠨᠦᠭᠦᠳ ᠤᠨ ᠬᠥᠭᠵᠢᠯᠲᠡ ᠳᠠᠪᠰᠢᠯᠲᠠ ᠶᠢᠨ ᠴᠢᠬᠤᠯᠠ ᠪᠠᠲᠤᠯᠠᠭ᠎ᠠ ᠮᠥᠨ︔᡽ᠦᠨᠳᠦᠰᠦᠲᠡᠨ ᠨᠦᠭᠦᠳ ᠤᠨ ᠵᠣᠯ ᠵᠢᠷᠭᠠᠯᠲᠤ ᠠᠮᠢᠳᠤᠷᠠᠯ ᠤᠨ ᠰᠢᠷᠭᠢᠰᠢ ᠦᠭᠡᠢ ᠡᠬᠢ ᠪᠤᠯᠠᠭ ᠮᠥᠨ︔ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠵᠠᠶᠢᠯᠠᠰᠢ ᠦᠭᠡᠢ ᠶᠠᠪᠤᠴᠠ ᠮᠥᠨ︔ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃     175. ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤ ︽ᠢᠯᠡᠭᠦᠦ ᠶᠠᠷᠢᠵᠤ ᠢᠯᠡᠭᠦᠦ ᠬᠢᠬᠦ︾ ᠪᠠ ︽ᠬᠡᠯᠡᠬᠦ ᠦᠭᠡᠢ ᠬᠢᠬᠦ ᠦᠭᠡᠢ︾ ᠭᠡᠳᠡᠭ ᠤᠨ ᠠᠭᠤᠯᠭ᠎ᠠ ᠨᠢ ᠶᠠᠭᠤ ᠪᠣᠢ︖   ᠦᠨᠳᠦᠰᠦᠲᠡᠨ ᠤ ᠪᠦᠯᠬᠦᠮᠳᠡᠯ ᠳᠤ ᠠᠰᠢᠭᠲᠠᠢ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭᠲᠠᠢ ᠦᠭᠡ ᠶᠢ ᠢᠯᠡᠭᠦᠬᠡᠨ ᠶᠠᠷᠢᠵᠤ᠂ ᠦᠨᠳᠦᠰᠦᠲᠡᠨ ᠤ ᠪᠦᠯᠬᠦᠮᠳᠡᠯ ᠳᠤ ᠠᠰᠢᠭᠲᠠᠢ᠂ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭᠲᠠᠢ ᠶᠠᠪᠤᠳᠠᠯ ᠢ ᠢᠯᠡᠭᠦᠬᠡᠨ ᠬᠢᠬᠦ ᠬᠡᠷᠡᠭᠲᠡᠢ︔ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠦᠨᠳᠡᠬᠦ ᠦᠭᠡ ᠶᠢ ᠬᠡᠯᠡᠬᠦ ᠦᠭᠡᠢ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠶᠠᠪᠤᠳᠠᠯ ᠢ ᠬᠢᠬᠦ ᠦᠭᠡᠢ᠃     176.  ᠦᠨᠳᠦᠰᠦᠲᠡᠨ ᠤ ᠠᠭᠤᠰᠤᠯᠴᠠᠯ ᠢ ᠬᠡᠷᠬᠢᠨ ᠵᠥᠪ ᠢᠶᠠᠷ ᠲᠠᠨᠢᠬᠤ ᠪᠤᠢ︖    ᠦᠨᠳᠦᠰᠦᠲᠡᠨ ᠤ ᠠᠭᠤᠰᠤᠯᠴᠠᠯ ᠪᠣᠯ ᠲᠡᠦᠬᠡ ᠶᠢᠨ ᠬᠠᠨᠳᠤᠰᠢ ᠮᠥᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠨᠡᠶᠢᠭᠡᠮ ᠵᠢᠷᠤᠮ ᠤᠨ ᠮᠥᠨ ᠴᠢᠨᠠᠷ ᠢ ᠪᠠᠷᠢᠮᠲᠠᠯᠠᠭᠰᠠᠨ ᠤ ᠵᠠᠶᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠲᠠᠪᠰᠢᠯᠳᠠ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠃ ᠪᠦᠬᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠤᠨ ᠪᠦᠷᠢᠯᠳᠦᠬᠦ᠂ ᠭᠠᠵᠠᠷ ᠣᠷᠣᠨ ᠤ ᠪᠢᠲᠡᠭᠦᠮᠵᠢᠯᠡᠯ ᠢ ᠡᠪᠳᠡᠬᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠶᠢ ᠣᠯᠠᠰᠢᠷᠠᠭᠤᠯᠬᠤ ᠨᠢ ᠠᠭᠤᠰᠤᠯᠴᠠᠯ ᠢ ᠲᠤᠶᠢᠯ ᠤᠨ ᠶᠡᠭᠡ ᠪᠠᠷ ᠠᠬᠢᠭᠤᠯᠬᠤ ᠶᠤᠮ᠂ ᠡᠨᠡᠬᠦ ᠶᠠᠪᠤᠴᠠ ᠪᠣᠯ ᠲᠡᠦᠬᠡ ᠶᠢᠨ ᠶᠠᠪᠤᠴᠠ ᠮᠥᠨ᠂ ᠬᠠᠷᠢᠨ ᠵᠣᠷᠢᠭᠤᠳᠠ ᠬᠢᠭᠰᠡᠨ ᠶᠠᠪᠤᠴᠠ ᠪᠢᠰᠢ ᠶᠤᠮ᠃ ᠵᠢᠮ᠎ᠡ ᠶᠣᠰᠣ ᠶᠢ ᠬᠦᠨᠳᠦᠳᠬᠡᠵᠦ᠂ ᠵᠥᠷᠢᠶᠡᠲᠦ ᠴᠢᠨᠠᠷ ᠪᠠ ᠨᠡᠶᠢᠲᠡᠯᠢᠭ ᠴᠢᠨᠠᠷ ᠢ ᠵᠥᠪ ᠢᠶᠠᠷ ᠰᠢᠢᠳᠪᠦᠷᠢᠯᠡᠵᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠴᠢᠭᠯᠡᠯ ᠢ ᠰᠠᠶᠢᠲᠤᠷ ᠡᠵᠡᠮᠳᠡᠵᠦ᠂ ᠦᠨᠳᠦᠰᠦᠲᠡᠨ ᠤ ᠨᠡᠶᠢᠲᠡᠯᠢᠭ ᠴᠢᠨᠠᠷ ᠢ ᠬᠠᠶᠢᠬᠤᠷᠬᠤ ᠦᠭᠡᠢ ᠪᠠᠷ ᠬᠥᠲᠥᠯᠥᠨ ᠵᠢᠯᠤᠭᠤᠳᠬᠤ ᠪᠠᠨ ᠲᠠᠶᠠᠭᠳᠠᠵᠤ ᠪᠣᠯᠬᠤ ᠦᠭᠡᠢ ᠮᠥᠷᠲᠡᠭᠡᠨ ᠪᠠᠰᠠ ᠲᠡᠦᠬᠡ ᠶᠢᠨ ᠱᠠᠲᠤ ᠦᠶ᠎ᠡ ᠠᠴᠠ ᠳᠠᠪᠠᠵᠤ᠂ ᠦᠨᠳᠦᠰᠦᠲᠡᠨ ᠤ ᠵᠥᠷᠢᠶ᠎ᠡ ᠶᠢ ᠣᠮᠲᠣᠭᠠᠶᠢᠯᠠᠵᠤ᠂ ᠵᠠᠰᠠᠭ ᠵᠠᠬᠢᠷᠭᠠᠨ ᠤ ᠠᠷᠭ᠎ᠠ ᠪᠠᠷᠢᠯ ᠢᠶᠠᠷ ᠠᠯᠪᠠ ᠪᠠᠷ ᠠᠬᠢᠭᠤᠯᠵᠤ ᠪᠣᠯᠬᠤ ᠦᠭᠡᠢ᠃ ᠪᠣᠳᠠᠲᠠᠢ ᠦᠢᠯᠡᠳᠦᠯᠭᠡ ᠶᠢᠨ ᠳᠤᠮᠳᠠ᠂ ᠨᠠᠵᠠᠭᠠᠢ ᠦᠵᠡᠯᠲᠡ ᠶᠢ ᠪᠠᠷᠢᠮᠲᠠᠯᠠᠵᠤ᠂ ᠶᠠᠭᠤ ᠴᠤ ᠪᠦᠲᠦᠭᠡᠵᠦ ᠴᠢᠳᠠᠬᠤ ᠦᠭᠡᠢ ᠪᠠᠶᠢᠵᠤ ᠪᠣᠯᠬᠤ ᠦᠭᠡᠢ ᠮᠥᠷᠲᠡᠭᠡᠨ ᠪᠠᠰᠠ ᠶᠠᠭᠠᠷᠠᠮᠠᠲᠠᠭᠠᠢ ᠭᠡᠮ ᠬᠦᠳᠡᠯᠵᠦ᠂ ᠳᠤᠷ᠎ᠠ ᠪᠠᠷ ᠢᠶᠠᠨ ᠦᠢᠯᠡᠳᠴᠦ ᠪᠣᠯᠬᠤ ᠦᠭᠡᠢ᠂ ᠵᠠᠭᠠᠭ ᠱᠤᠭᠤᠮ ᠢ ᠰᠠᠶᠢᠲᠤᠷ ᠡᠵᠡᠮᠳᠡᠵᠦ᠂ ᠬᠡᠮᠵᠢᠶ᠎ᠡ ᠲᠣᠮᠵᠢᠶ᠎ᠠ ᠶᠢ ᠰᠠᠶᠢᠲᠤᠷ ᠠᠳᠬᠤᠬᠤ ᠬᠡᠷᠡᠭᠲᠡᠢ᠃    177. ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠡᠷᠬᠢᠨ ᠠᠬᠢᠭᠤᠯᠬᠤ ᠪᠤᠢ︖    ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠵᠥᠷᠢᠶᠡᠲᠦ ᠴᠢᠨᠠᠷ ᠪᠠ ᠨᠡᠶᠢᠲᠡᠯᠢᠭ ᠴᠢᠨᠠᠷ ᠢ ᠵᠥᠪ ᠢᠶᠠᠷ ᠰᠢᠢᠳᠪᠦᠷᠢᠯᠡᠬᠦ ᠬᠡᠷᠡᠭᠲᠡᠢ᠃ ᠶᠡᠷᠦᠩᠬᠡᠢ ᠳᠤᠨᠢ ᠠᠪᠴᠤ ᠬᠡᠯᠡᠪᠡᠯ ᠵᠥᠷᠢᠶ᠎ᠡ ᠶᠢ ᠬᠦᠨᠳᠦᠳᠬᠡᠵᠦ᠂ ᠤᠯᠠᠨ ᠶᠠᠩᠵᠤ ᠶᠢ ᠪᠠᠭᠲᠠᠭᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠥᠷᠭᠡᠳᠬᠡᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠬᠤ᠂ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠬᠤ᠂ ᠬᠠᠮᠲᠤ ᠪᠠᠷ ᠴᠡᠩᠭᠡᠬᠦ᠂ ᠬᠠᠮᠲᠤ ᠪᠠᠷ ᠡᠳ᠋ᠯᠡᠬᠦ ᠨᠡᠶᠢᠭᠡᠮ ᠤᠨ ᠨᠥᠬᠦᠴᠡᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠳᠦ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯᠭᠠᠬᠤ ᠬᠡᠷᠡᠭᠲᠡᠢ᠃    178. ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢᠨ ᠵᠠᠩᠭᠢᠯᠠᠭ᠎ᠠ  ᠨᠢ ᠶᠠᠭᠤ ᠪᠤᠢ︖    ᠡᠭᠦᠨ ᠤ ᠵᠠᠩᠭᠢᠯᠠᠭ᠎ᠠ ᠨᠢ ᠬᠠᠷᠢᠯᠴᠠᠨ ᠠᠭᠤᠰᠤᠯᠴᠠᠬᠤ ᠶᠢ ᠵᠥᠪ ᠢᠶᠠᠷ ᠲᠠᠨᠢᠵᠤ᠂ ᠵᠥᠷᠢᠶ᠎ᠡ ᠶᠢ ᠦᠨᠡᠨ ᠬᠦ ᠬᠦᠨᠳᠦᠳᠬᠡᠵᠦ᠂ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠶᠠᠪᠤᠳᠠᠯ ᠪᠣᠯᠣᠨ᠎ᠠ᠃   179. ᠶᠠᠭᠤᠨ ᠳᠤ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠬᠤ ᠶᠢᠨ ᠤᠷᠢᠲᠠᠯ ᠨᠢ ᠦᠨᠳᠦᠰᠦᠲᠡᠨ ᠤ ᠵᠥᠷᠢᠶ᠎ᠡ ᠶᠢ ᠦᠨᠡᠨ ᠬᠦ ᠬᠦᠨᠳᠦᠳᠬᠡᠬᠦ ᠶᠠᠪᠤᠳᠠᠯ ᠪᠣᠯᠣᠨ᠎ᠠ ᠭᠡᠵᠦ ᠬᠡᠯᠡᠵᠦ ᠪᠠᠶᠢᠬᠤ ᠪᠤᠢ︖    ᠣᠳᠣᠬᠠᠨ ᠳᠤ ᠮᠠᠨ ᠤ ᠤᠯᠤᠰ ᠶᠠᠭ ᠰᠠᠶ᠋ᠢᠬᠠᠨ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠬᠦᠴᠦᠨ ᠵᠦᠢᠯ ᠲᠠᠰᠤᠷᠠᠯᠲᠠ ᠦᠭᠡᠢ ᠨᠡᠮᠡᠭᠳᠡᠵᠦ᠂ ᠦᠨᠳᠦᠰᠦᠲᠡᠨ ᠤ ᠣᠨᠴᠠᠯᠢᠭ᠂ ᠦᠨᠳᠦᠰᠦᠲᠡᠨ ᠤ ᠵᠥᠷᠢᠶ᠎ᠡ ᠤᠷᠲᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠰᠣᠶᠣᠯ ᠤᠨ ᠵᠥᠷᠢᠶ᠎ᠡ ᠪᠣᠯ ᠬᠠᠮᠤᠭ ᠤᠨ ᠴᠢᠬᠤᠯᠠ ᠵᠥᠷᠢᠶ᠎ᠡ ᠮᠥᠨ᠂ ᠵᠠᠩ ᠳᠠᠳᠬᠠᠯ ᠤᠨ ᠠᠳᠠᠯᠢ ᠪᠤᠰᠤ ᠨᠢ ᠬᠠᠷᠢᠨ ᠰᠣᠶᠣᠯ ᠤᠨ ᠵᠥᠷᠢᠶ᠎ᠡ ᠶᠢᠨ ᠬᠠᠮᠤᠭ ᠤᠨ ᠰᠢᠭᠤᠳ ᠢᠯᠡᠷᠡᠯ ᠮᠥᠨ᠃ ᠪᠢᠳᠡ ᠵᠥᠷᠢᠶ᠎ᠡ ᠶᠢ ᠬᠦᠨᠳᠦᠳᠬᠡᠵᠦ᠂ ᠠᠳᠠᠯᠢ ᠪᠤᠰᠤ ᠵᠠᠩ ᠳᠠᠳᠬᠠᠯ ᠢ ᠬᠦᠨᠳᠦᠳᠬᠡᠬᠦ ᠬᠡᠷᠡᠭᠲᠡᠢ᠂ ᠵᠥᠷᠢᠶ᠎ᠡ ᠶᠢ ᠬᠦᠨᠳᠦᠳᠬᠡᠬᠦ ᠨᠢ ᠳᠠᠷᠤᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠩᠭᠤᠯᠲᠠ ᠶᠢ ᠬᠦᠨᠳᠦᠳᠬᠡᠵᠦ ᠪᠠᠶᠢᠭ᠎ᠠ ᠶᠠᠪᠤᠳᠠᠯ ᠪᠣᠯᠣᠨ᠎ᠠ︔ ᠡᠯ᠎ᠡ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠬᠦ ᠪᠣᠯ ᠳᠠᠷᠤᠢ ᠨᠠᠮ ᠤᠨ ᠣᠯᠠᠨ ᠲᠦᠮᠡᠨᠴᠢ ᠦᠵᠡᠯᠲᠡ ᠶᠢᠨ ᠦᠨᠳᠦᠰᠦᠲᠡᠨ ᠤ ᠠᠵᠢᠯ ᠳᠠᠬᠢ ᠴᠢᠬᠤᠯᠠ ᠢᠯᠡᠷᠡᠯ ᠮᠥᠨ᠂ ᠡᠯ᠎ᠡ ᠦᠨᠳᠦᠰᠦᠲᠡᠨ ᠴᠥᠮ ᠥᠪᠡᠷ ᠤᠨ  ᠲᠠᠭᠠᠰᠢᠶᠠᠯ ᠪᠠ ᠲᠤᠷ᠎ᠠ ᠦᠭᠡᠶᠢᠴᠡᠯ ᠢᠶᠠᠷ ᠢᠶᠠᠨ ᠪᠤᠰᠤᠳ ᠦᠨᠳᠦᠰᠦᠲᠡᠨ ᠤ ᠵᠠᠩ ᠳᠠᠳᠬᠠᠯ ᠳᠤ ᠬᠠᠨᠳᠤᠵᠤ ᠪᠣᠯᠬᠤ ᠦᠭᠡᠢ᠃ ᠦᠨᠳᠦᠰᠦᠲᠡᠨ ᠤ ᠵᠥᠷᠢᠶ᠎ᠡ ᠶᠢ ᠬᠦᠨᠳᠦᠳᠬᠡᠬᠦ ᠠᠴᠠ ᠪᠢᠰᠢ ᠵᠥᠷᠢᠶ᠎ᠡ ᠶᠢ ᠴᠢᠩᠭᠠᠳᠬᠠᠬᠤ ᠦᠭᠡᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠤ ᠥᠪᠡᠷᠮᠢᠴᠡ ᠴᠢᠨᠠᠷ ᠢ ᠪᠠᠲᠤᠯᠠᠬᠤ ᠠᠴᠠ ᠪᠢᠰᠢ ᠥᠪᠡᠷᠮᠢᠴᠡ ᠴᠢᠨᠠᠷ ᠢ ᠴᠢᠩᠭᠠᠳᠬᠠᠬᠤ ᠦᠭᠡᠢ ᠪᠠᠶᠢᠬᠤ ᠶᠢ ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠰᠣᠶᠣᠯ᠂ ᠵᠠᠩ ᠳᠠᠳᠬᠠᠯ ᠢ ᠬᠦᠨᠳᠦᠳᠬᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     180. 2014 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠶᠠᠮᠠᠷ ᠶᠠᠮᠠᠷ ᠴᠢᠬᠤᠯᠠ ᠶᠡᠭᠡ ᠣᠨᠣᠯ ᠤᠨ ᠦᠷ᠎ᠡ ᠪᠦᠲᠦᠭᠡᠯ ᠣᠯᠣᠭᠰᠠᠨ ᠪᠣᠢ︖    ᠪᠠᠭᠴᠠᠯᠠᠭᠠᠳ ᠬᠡᠯᠡᠪᠡᠯ᠂ ᠡᠭᠦᠨ ᠳᠤ ᠭᠤᠣᠯᠳᠠᠭᠤ ︽ᠶᠢᠰᠦᠨ ᠠᠩᠬ᠎ᠠ ᠤᠳᠠᠭ᠎ᠠ︾ ᠪᠤᠢ᠄ ᠠᠩᠬ᠎ᠠ ᠤᠳᠠᠭ᠎ᠠ ᠮᠠᠨ ᠤ ᠤᠯᠤᠰ ᠤᠨ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠦᠨᠳᠦᠰᠦᠨ ᠪᠠᠶᠢᠳᠠᠯ ᠢ ᠲᠥᠪᠯᠡᠷᠡᠭᠦᠯᠦᠨ ᠥᠭᠦᠯᠡᠵᠦ᠂ ᠠᠩᠬ᠎ᠠ ᠤᠳᠠᠭ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠩᠬ᠎ᠠ ᠤᠳᠠᠭ᠎ᠠ ᠦᠨᠳᠦᠰᠦᠲᠡᠨ ᠤ ᠠᠵᠢᠯ ᠤᠨ ᠱᠠᠲᠤ ᠦᠶ᠎ᠡ ᠶᠢᠨ ᠴᠢᠨᠠᠷᠲᠠᠢ ᠰᠢᠨ᠎ᠡ ᠣᠨᠴᠠᠯᠢᠭ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠩᠬ᠎ᠠ ᠤᠳᠠᠭ᠎ᠠ ᠪᠣᠯᠪᠠᠰᠤᠨ ᠤ ᠤᠬᠠᠮᠰᠡᠷ ᠤᠨ ᠳᠡᠭᠡᠳᠦ ᠬᠡᠮᠵᠢᠶᠡᠨ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠣᠳᠣᠷᠬᠠᠶᠢᠯᠠᠨ ᠥᠭᠦᠯᠡᠵᠦ᠂ ᠠᠩᠬ᠎ᠠ ᠤᠳᠠᠭ᠎ᠠ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠴᠢᠩᠭᠠᠳᠬᠠᠬᠤ ᠰᠢᠨ᠎ᠡ ᠰᠡᠳᠬᠢᠴᠡ ᠶᠢ ᠰᠢᠰᠲ᠋ᠧᠮ ᠲᠠᠢ ᠳᠤᠷᠠᠳᠴᠤ᠂ ᠠᠩᠬ᠎ᠠ ᠤᠳᠠᠭ᠎ᠠ ᠦᠨᠳᠦᠰᠦᠲᠡᠨ ᠤ ᠭᠠᠵᠠᠷ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠡᠷᠦᠩᠬᠡᠢ ᠰᠡᠳᠬᠢᠴᠡ ᠪᠠ ᠠᠵᠢᠯ ᠤᠨ ᠭᠤᠣᠯᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠠᠩᠬ᠎ᠠ ᠤᠳᠠᠭ᠎ᠠ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠴᠤ᠂ ᠠᠩᠬ᠎ᠠ ᠤᠳᠠᠭ᠎ᠠ ᠬᠤᠲᠠ ᠶᠢᠨ ᠦᠨᠳᠦᠰᠦᠲᠡᠨ ᠤ ᠠᠵᠢᠯ ᠤᠨ ᠲᠤᠬᠠᠢ ᠲᠥᠪᠯᠡᠷᠡᠭᠦᠯᠦᠨ ᠥᠭᠦᠯᠡᠵᠦ᠂ ᠠᠩᠬ᠎ᠠ ᠤᠳᠠᠭ᠎ᠠ ᠦᠨᠳᠦᠰᠦᠲᠡᠨ ᠤ ᠭᠠᠵᠠᠷ ᠣᠷᠣᠨ ᠤ ᠰᠠᠶᠢᠨ ᠺᠠᠳ᠋ᠷᠴᠤᠳ ᠤᠨ ︽ᠭᠤᠷᠪᠠᠨ ᠣᠨᠴᠠᠭᠠᠶ︾ ᠶᠢᠨ ᠰᠢᠨ᠎ᠡ ᠪᠠᠷᠢᠮᠵᠢᠶ᠎ᠠ ᠶᠢ ᠳᠤᠷᠠᠳᠤᠨ ᠭᠠᠷᠭᠠᠵᠠᠢ᠃ ᠬᠤᠷᠢᠶᠠᠩᠭᠤᠶᠢᠯᠠᠪᠠᠯ᠂ ᠳᠠᠷᠤᠢ ᠮᠠᠨ ᠤ ᠡᠨᠡ ᠬᠦ ᠨᠢᠭᠡᠳᠦᠭᠰᠡᠨ ᠣᠯᠠᠨ ᠦᠨᠳᠦᠰᠦᠲᠡᠨ ᠲᠠᠢ ᠶᠡᠭᠡ ᠤᠯᠤᠰ ᠲᠤ ︽ᠦᠨᠳᠦᠰᠦᠲᠡᠨ ᠤ ᠠᠰᠠᠭᠤᠳᠠᠯ ᠳᠤ ᠬᠡᠷᠬᠢᠨ ᠵᠥᠪ ᠢᠶᠠᠷ ᠬᠠᠨᠳᠤᠬᠤ᠂ ᠦᠨᠳᠦᠰᠦᠲᠡᠨ ᠤ ᠠᠰᠠᠭᠤᠳᠠᠯ ᠢ ᠬᠡᠷᠬᠢᠨ ᠵᠥᠪ ᠢᠶᠠᠷ ᠰᠢᠢᠳᠪᠦᠷᠢᠯᠡᠬᠦ︾ ᠴᠢᠬᠤᠯᠠ ᠶᠡᠭᠡ ᠠᠰᠠᠭᠤᠳᠠᠯ ᠢ ᠤᠯᠠᠮ ᠨᠢᠭᠡ ᠠᠯᠬᠤᠮ ᠲᠥᠪᠯᠡᠷᠡᠭᠦᠯᠦᠨ ᠬᠠᠷᠢᠭᠤᠯᠵᠤ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠬᠤ ᠰᠢᠨ᠎ᠡ ᠠᠬᠤᠢ ᠪᠠᠶᠢᠳᠠᠯ ᠢ ᠨᠡᠭᠡᠭᠡᠵᠡᠢ᠃     181. ᠶᠡᠷᠦᠩᠬᠡᠢ ᠱᠦᠵᠢ ᠶᠢᠨ 2014 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ ᠶᠠᠷᠢᠭᠰᠠᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ︽ᠲᠠᠪᠤᠨ ᠵᠡᠷᠭᠡ ᠪᠠᠷ ᠣᠷᠣᠰᠢᠬᠤ︾ ᠶᠢᠨ ᠱᠠᠲᠤ ᠦᠶ᠎ᠡ ᠶᠢᠨ ᠴᠢᠨᠠᠷᠲᠠᠢ ᠣᠨᠴᠠᠯᠢᠭ ᠨᠢ ᠶᠠᠭᠤ ᠪᠣᠢ︖     ᠳᠠᠷᠤᠢ ᠦᠨᠳᠦᠰᠦᠲᠡᠨ ᠤ ᠠᠵᠢᠯ ᠤᠨ ᠣᠷᠴᠢᠨ ᠲᠣᠭᠤᠷᠢᠨ ᠤ ᠨᠥᠬᠦᠴᠡᠯ ᠠᠴᠠ ᠦᠵᠡᠪᠡᠯ᠂ ︽ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠪᠴᠢᠷᠠᠭᠰᠠᠨ ᠠᠵᠠ ᠲᠣᠬᠢᠶᠠᠯ ᠪᠠ ᠥᠷᠢᠰᠦᠯᠳᠦᠭᠡᠨ ᠵᠡᠷᠭᠡ ᠪᠠᠷ ᠣᠷᠣᠰᠢᠵᠤ ᠪᠠᠶᠢᠨ᠎ᠠ︾︔ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠠᠴᠠ ᠠᠪᠴᠤ ᠦᠵᠡᠪᠡᠯ᠂ ︽ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠬᠠᠨᠳᠤᠰᠢ ᠪᠠ ᠬᠥᠭᠵᠢᠯᠲᠡ ᠶᠢᠨ ᠳᠣᠣᠷ᠎ᠠ ᠬᠢᠷᠢ ᠲᠦᠪᠰᠢᠨ ᠵᠡᠷᠭᠡ ᠪᠠᠷ ᠣᠷᠣᠰᠢᠵᠤ ᠪᠠᠶᠢᠨ᠎ᠠ︾︔ ᠨᠡᠶᠢᠭᠡᠮ ᠤᠨ ᠦᠢᠯᠡᠰ ᠤᠨ ᠳᠠᠪᠰᠢᠯᠲᠠ ᠠᠴᠠ ᠦᠵᠡᠪᠡᠯ᠂ ︽ᠤᠯᠤᠰ ᠠᠴᠠ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠭᠰᠠᠨ ᠪᠠ ᠦᠨᠳᠦᠰᠦᠲᠡᠨ ᠤ ᠭᠠᠵᠠᠷ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠮᠥᠨ ᠬᠦ ᠪᠠᠭᠤᠷᠠᠢ ᠪᠠᠶᠢᠭ᠎ᠠ ᠨᠢ ᠵᠡᠷᠭᠡ ᠪᠠᠷ ᠣᠷᠣᠰᠢᠵᠤ ᠪᠠᠶᠢᠨ᠎ᠠ︾︔ ᠦᠨᠳᠦᠰᠦᠲᠡᠨ ᠨᠦᠭᠦᠳ ᠤᠨ ᠬᠤᠭᠤᠷᠣᠨᠳᠣᠬᠢ ᠬᠠᠷᠢᠴᠠᠭ᠎ᠠ ᠠᠴᠠ ᠠᠪᠴᠤ ᠦᠵᠡᠪᠡᠯ᠂ ︽ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠨᠳᠤᠰᠢ ᠨᠡᠮᠡᠭᠳᠡᠵᠦ ᠪᠠᠶᠢᠬᠤ ᠪᠠ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠵᠡᠷᠭᠡ ᠪᠠᠷ ᠨᠡᠮᠡᠭᠳᠡᠵᠦ ᠪᠠᠶᠢᠨ᠎ᠠ︾︔ ᠪᠦᠯᠬᠦᠮᠳᠡᠯ ᠨᠢᠭᠡᠳᠦᠯ ᠢ ᠬᠠᠮᠠᠭᠠᠯᠠᠬᠤ ᠲᠠᠯ᠎ᠠ ᠠᠴᠠ ᠠᠪᠴᠤ ᠦᠵᠡᠪᠡᠯ᠂ ︽ᠦᠨᠳᠦᠰᠦᠲᠡᠨ ᠤ ᠬᠠᠭᠠᠴᠠᠭᠤᠯᠤᠯ᠂ ᠱᠠᠰᠢᠨ ᠰᠤᠷᠲᠠᠬᠤᠨ ᠤ ᠬᠡᠲᠦᠷᠡᠮᠡᠬᠡᠢ ᠠᠵᠢᠯᠯᠠᠭ᠎ᠠ ᠶᠢ ᠡᠰᠡᠷᠭᠦᠴᠡᠬᠦ᠂ ᠬᠦᠴᠦᠷᠬᠡᠭᠯᠡᠯ ᠰᠦᠷᠳᠡᠭᠦᠯᠦᠯ ᠤᠨ ᠲᠡᠮᠡᠴᠡᠯ ᠢᠯᠡᠳᠲᠡ ᠦᠷ᠎ᠡ ᠪᠦᠲᠦᠮᠵᠢ ᠣᠯᠣᠭᠰᠠᠨ ᠪᠠ ᠬᠡᠰᠡᠭ ᠭᠠᠵᠠᠷ ᠣᠷᠣᠨ ᠳᠤ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ ᠤᠯᠠᠨ ᠡᠭᠦᠰᠬᠦ ᠵᠡᠷᠭᠡ ᠪᠠᠷ ᠣᠷᠣᠰᠢᠵᠤ ᠪᠠᠶᠢᠬᠤ︾ ᠶᠠᠪᠤᠳᠠᠯ ᠪᠣᠯᠣᠨ᠎ᠠ᠃ ᠡᠨᠡ ᠬᠦ ︽ᠲᠠᠪᠤᠨ ᠵᠡᠷᠭᠡ ᠪᠠᠷ ᠣᠷᠣᠰᠢᠬᠤ︾ ᠨᠢ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠤᠨ ᠱᠠᠲᠤ ᠦᠶ᠎ᠡ ᠶᠢᠨ ᠴᠢᠨᠠᠷᠲᠠᠢ ᠣᠨᠴᠠᠯᠢᠭ ᠢ ᠨᠠᠷᠢᠨ ᠲᠣᠳᠣᠷᠬᠠᠢ ᠬᠤᠷᠢᠶᠠᠩᠭᠤᠶᠢᠯᠠᠵᠤ᠂ ᠣᠳᠣᠬᠢ ᠱᠠᠲᠤᠨ ᠤ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠣᠨᠣᠪᠴᠢᠲᠠᠶ ᠵᠢᠷᠤᠭᠯᠠᠭᠰᠠᠨ ᠪᠠᠶᠢᠨ᠎ᠠ᠃    182. 2014 ᠣᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠭᠤᠷᠪᠠᠨ ︽ᠡᠷᠬᠡᠪᠰᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠬᠡᠷᠡᠭᠲᠡᠢ︾ ᠭᠡᠳᠡᠭ ᠤᠨ ᠠᠭᠤᠯᠭ᠎ᠠ ᠨᠢ ᠶᠠᠭᠤ ᠪᠣᠶ︖    ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠦᠬᠦ ᠲᠠᠯ᠎ᠠ ᠳᠤ ᠬᠤᠯᠪᠣᠭᠳᠠᠬᠤ ᠪᠣᠯᠬᠤᠷ ᠡᠷᠬᠡᠪᠰᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠬᠡᠷᠡᠭᠲᠡᠢ᠃ ᠡᠬᠡ ᠤᠯᠤᠰ ᠤᠨ ︽ᠤᠮᠠᠷᠠᠳᠤ ᠶᠡᠭᠡ ᠬᠠᠭᠠᠯᠭ᠎ᠠ︾᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠪᠣᠯᠤᠭᠰᠠᠨ ᠤ ᠬᠤᠪᠢ ᠳᠤ᠂ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠥᠪᠥᠷ ᠮᠣᠩᠭᠤᠯ ᠤᠨ ᠨᠡᠶᠢᠭᠡᠮ ᠤᠨ ᠲᠣᠭᠲᠠᠭᠤᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠳᠤ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠤᠯᠤᠰ ᠤᠨ ᠠᠮᠤᠷ ᠲᠦᠪᠰᠢᠨ ᠪᠠ ᠡᠬᠡ ᠤᠯᠤᠰ ᠤᠨ ᠨᠢᠭᠡᠳᠦᠯ ᠳᠤ ᠬᠤᠯᠪᠣᠭᠳᠠᠬᠤ ᠪᠣᠯᠬᠤᠷ ᠡᠷᠬᠡᠪᠰᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠬᠡᠷᠡᠭᠲᠡᠢ᠃ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠲᠤᠤᠱᠯᠠᠭᠤᠯᠤᠨ ᠬᠡᠷᠡᠭᠵᠢᠭᠦᠯᠬᠦ ᠲᠠᠢ ᠬᠤᠯᠪᠤᠭᠳᠠᠬᠤ ᠪᠤᠯᠬᠤᠷ ᠡᠷᠬᠡᠪᠰᠢ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠬᠡᠷᠡᠭᠲᠡᠢ᠃     183. ᠶᠠᠭᠤᠨ ᠳᠤ ᠮᠠᠨ ᠤ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠡᠯ᠎ᠡ ᠦᠨᠳᠦᠰᠦᠲᠡᠨ ᠬᠠᠮᠲᠤ ᠪᠠᠷ ᠨᠡᠭᠡᠭᠡᠭᠰᠡᠨ ᠭᠡᠵᠦ ᠬᠡᠯᠡᠳᠡᠭ ᠪᠤᠢ︖    ︽ᠤᠯᠤᠰ ᠭᠦᠷᠦᠨ ᠤ ᠬᠢᠯᠢ ᠬᠢᠵᠠᠭᠠᠷ ᠮᠢᠩᠭᠠᠨ ᠭᠠᠵᠠᠷ ᠦᠷᠬᠦᠯᠵᠢᠯᠡᠬᠦ ᠢᠨᠦ ᠠᠷᠠᠳ ᠢᠷᠭᠡᠳ ᠤᠷᠤᠰᠢᠨ ᠰᠠᠭᠤᠵᠤ ᠬᠠᠮᠠᠭᠠᠯᠠᠬᠤᠢ ᠳᠤ ᠲᠦᠰᠢᠭᠯᠡᠮᠦᠢ︾ ᠡᠯ᠎ᠡ ᠦᠨᠳᠦᠰᠦᠲᠡᠨ ᠤ ᠡᠪᠦᠭᠡ ᠳᠡᠭᠡᠳᠦᠰ ᠬᠠᠳᠠᠭᠤᠵᠢᠯᠳᠡᠢ ᠰᠢᠷᠭᠠᠭᠤ ᠲᠡᠮᠡᠴᠡᠵᠦ᠂ ᠬᠠᠷᠰᠢ ᠰᠠᠭᠠᠳ ᠢ ᠢᠯᠠᠨ ᠳᠠᠪᠠᠵᠤ᠂ ᠡᠬᠡ ᠣᠷᠣᠨ ᠤ ᠪᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠬᠠᠮᠲᠤ ᠪᠠᠷ ᠨᠡᠭᠡᠭᠡᠨ ᠬᠥᠭᠵᠢᠭᠦᠯᠪᠡ᠃ ᠡᠷᠲᠡᠨ ᠠᠴᠠ ᠠᠪᠤᠭᠠᠳ ᠵᠦᠩᠶᠤᠸᠠᠨ ᠣᠷᠣᠨ ᠪᠠ ᠬᠢᠯᠢ ᠬᠢᠵᠠᠭᠠᠷ ᠣᠷᠣᠨ ᠤ ᠠᠷᠠᠳ ᠲᠦᠮᠡᠨ ᠪᠣᠯ ᠬᠠᠷᠢᠯᠴᠠᠨ ᠶᠠᠪᠤᠯᠴᠠᠵᠤ᠂ ᠪᠠᠶᠢᠨ ᠳᠠᠬᠢᠨ ᠬᠠᠷᠢᠯᠴᠠᠨ ᠬᠥᠳᠡᠯᠦᠯᠴᠡᠵᠦ ᠢᠷᠡᠭᠰᠡᠨ ᠶᠤᠮ᠃ ᠢᠯᠠᠩᠭᠤᠶ᠎ᠠ ᠴᠢᠨ ᠤᠯᠤᠰ ᠤᠨ ᠦᠶ᠎ᠡ ᠠᠴᠠ ᠨᠠᠰᠢ᠂ ᠬᠢᠲᠠᠳ ᠠᠷᠠᠳ ᠬᠢᠯᠢ ᠬᠢᠵᠠᠭᠠᠷ ᠣᠷᠣᠨ ᠳᠤ ᠪᠠᠶᠢᠭᠰᠠᠨ ᠪᠥᠭᠡᠳ ᠬᠢᠯᠢ ᠶᠢᠨ ᠠᠷᠠᠳ ᠴᠤ ᠳᠣᠲᠣᠭᠰᠢ ᠨᠡᠭᠦᠵᠦ᠂ ᠬᠡᠳᠦᠨ ᠤᠳᠠᠭ᠎ᠠ ᠶᠢᠨ ᠦᠨᠳᠦᠰᠦᠲᠡᠨ ᠤ ᠶᠡᠭᠡ ᠠᠭᠤᠰᠤᠯᠴᠠᠯ ᠢ ᠥᠩᠭᠡᠷᠡᠭᠡᠭᠡᠳ᠂ ᠦᠨᠳᠦᠰᠦᠲᠡᠨ ᠨᠦᠭᠦᠳ ᠴᠢᠨᠦ ᠳᠣᠲᠣᠷ᠎ᠠ ᠪᠢ᠂ ᠮᠢᠨᠤ ᠳᠣᠲᠣᠷ᠎ᠠ ᠴᠢ ᠪᠠᠶᠢᠯᠴᠠᠵᠤ᠂ ᠬᠥᠯ ᠳᠣᠣᠷᠠᠬᠢ ᠭᠠᠵᠠᠷ ᠰᠢᠷᠣᠢ ᠪᠠᠨ ᠬᠠᠮᠲᠤᠪᠠᠷ ᠨᠡᠭᠡᠭᠡᠨ ᠬᠥᠭᠵᠢᠭᠦᠯᠦᠭᠰᠡᠭᠡᠷ ᠢᠷᠡᠵᠠᠢ᠃ ᠴᠢᠨ ᠤᠯᠤᠰ ᠤᠨ ᠦᠶ᠎ᠡ ᠳᠤ ᠨᠠᠨ ᠬᠠᠢ ᠵᠢᠶᠦ᠋ᠨ ᠢ ᠪᠠᠶᠢᠭᠤᠯᠵᠤ᠂ ᠭᠦᠢᠯᠢᠨ ᠵᠢᠶᠦ᠋ᠨ ᠯᠢᠩᠨᠠᠨ ᠣᠷᠣᠨ ᠢ ᠬᠠᠮᠢᠶᠠᠷᠴᠤ᠂ ᠬᠠᠨ ᠤᠯᠤᠰ ᠤᠨ ᠦᠶ᠎ᠡ ᠳᠤ ᠪᠠᠷᠠᠭᠤᠨ ᠬᠢᠵᠠᠭᠠᠷ ᠢ ᠶᠡᠷᠦᠩᠬᠡᠶᠢᠯᠡᠨ ᠬᠠᠮᠢᠶᠠᠷᠬᠤ ᠶᠠᠮᠤᠨ ᠢ ᠪᠠᠶᠢᠭᠤᠯᠵᠤ᠂ ᠰᠢᠨᠵᠢᠶᠠᠩ  ᠢ ᠶᠡᠷᠦᠩᠬᠡᠶᠢᠯᠡᠨ ᠵᠠᠬᠢᠷᠤᠭᠤᠯᠵᠤ᠂ ᠲᠠᠩ ᠤᠯᠤᠰ ᠤᠨ ᠦᠶ᠎ᠡ ᠳᠤ 800 ᠭᠠᠷᠤᠢ ᠢᠯᠪᠢᠨ ᠲᠣᠬᠤᠨᠢᠭᠤᠯᠬᠤ ᠵᠧᠦ  ᠶᠢᠨ ᠣᠷᠳᠣᠨ ᠢ ᠪᠠᠶᠢᠭᠤᠯᠵᠤ᠂ ᠬᠢᠯᠢ ᠬᠢᠵᠠᠭᠠᠷ ᠢ ᠬᠢᠵᠠᠭᠠᠷᠯᠠᠨ᠂ ᠶᠤᠸᠠᠨ ᠤᠯᠤᠰ ᠤᠨ ᠦᠶ᠎ᠡ ᠳᠤ ᠰᠢᠤᠸᠠᠨ ᠵᠧᠩ ᠶᠤᠸᠠᠨ ᠬᠤᠷᠢᠶ᠎ᠠ ᠪᠠᠶᠢᠭᠤᠯᠤᠨ ᠲᠥᠪᠡᠳ ᠢ ᠬᠠᠮᠢᠶᠠᠷᠴᠤ᠂ ᠮᠢᠩ ᠤᠯᠤᠰ ᠤᠨ ᠦᠶ᠎ᠡ ᠳᠤ ᠪᠠᠷᠠᠭᠤᠨ ᠡᠮᠦᠨᠡᠲᠦ ᠣᠷᠣᠨ ᠳᠤ ︽ᠤᠷᠤᠨ ᠨᠤᠳᠤᠭ ᠤᠨ ᠲᠦᠷᠢᠮ ᠳᠤ ᠦᠬᠡᠷᠡᠴᠢᠯᠡᠯᠳᠡ ᠬᠢᠵᠦ᠂ ᠨᠤᠶᠠᠨ ᠲᠤᠮᠢᠯᠠᠨ ᠬᠠᠮᠢᠶᠠᠷᠤᠭᠤᠯᠬᠤ︾ ᠲᠦᠷᠢᠮ ᠢ ᠬᠡᠷᠡᠭᠵᠢᠬᠦᠯᠵᠦ᠂ ᠥᠩᠭᠡᠷᠡᠭᠰᠡᠨ ᠲᠥᠷᠥ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠴᠥᠮ ᠥᠨᠥᠳᠥᠷ ᠤᠨ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠪᠦᠷᠢᠯᠳᠦᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠨᠥᠳᠥᠷ 960 ᠭᠠᠷᠤᠢ ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠨᠤᠲᠤᠭ ᠳᠡᠪᠢᠰᠬᠡᠷ ᠥᠨᠢᠷ ᠪᠠᠶᠠᠯᠢᠭ ᠥᠷᠭᠡᠨ ᠠᠭᠤᠳᠠᠮ ᠪᠠᠶᠢᠨ᠎ᠠ᠂ ᠡᠨᠡ ᠪᠣᠯ ᠦᠨᠳᠦᠰᠦᠲᠡᠨ ᠨᠦᠭᠦᠳ ᠤᠨ ᠡᠪᠦᠭᠡ ᠳᠡᠭᠡᠳᠦᠰ ᠤᠨ ᠪᠢᠳᠡᠨ ᠳᠤ ᠦᠯᠡᠳᠡᠭᠡᠵᠦ ᠥᠭᠭᠦᠭᠰᠡᠨ ᠠᠷᠢᠭᠤᠨ ᠳᠠᠷᠬᠠᠨ ᠨᠤᠲᠤᠭ ᠳᠡᠪᠢᠰᠬᠡᠷ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠣᠷᠣᠰᠢᠨ ᠲᠣᠭᠲᠠᠨᠢᠵᠤ ᠬᠥᠭᠵᠢᠬᠦ ᠦᠵᠡᠰᠬᠦᠯᠡᠩᠲᠦ ᠰᠠᠶᠢᠬᠠᠨ ᠭᠡᠷ ᠣᠷᠣᠨ ᠮᠥᠨ      184. ᠶᠠᠭᠤᠨ ᠳᠤ ᠮᠠᠨ ᠤ ᠤᠯᠤᠰ ᠤᠨ ᠥᠨᠢ ᠤᠳᠠᠭᠠᠨ ᠲᠡᠦᠬᠡ ᠶᠢ ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠭᠡᠵᠦ ᠬᠡᠯᠡᠳᠡᠭ ᠪᠤᠢ︖     ᠠᠯᠢ ᠡᠷᠲᠡ ᠴᠢᠨ ᠤᠯᠤᠰ ᠠᠴᠠ ᠡᠮᠦᠨᠡᠬᠢ ᠦᠶ᠎ᠡ ᠳᠤ᠂ ᠮᠠᠨ ᠤ ᠤᠯᠤᠰ ᠲᠤ ᠶᠠᠨᠳᠢ ᠬᠤᠸᠠᠩᠳᠢ ᠬᠤᠸᠠᠰᠢᠶᠠ ᠪᠠᠷ ᠨᠢᠭᠲᠠᠷᠠᠭᠤᠯᠬᠤ ᠲᠥᠪ ᠪᠤᠯᠭᠠᠵᠤ᠂ ︽ᠲᠠᠪᠤᠨ ᠲᠠᠯ᠎ᠠ ᠶᠢᠨ ᠠᠷᠠᠳ︾ ᠳᠡᠯᠡᠬᠡᠢ ᠳ᠋ᠠᠬᠢᠨ ᠢ ᠬᠠᠮᠲᠤᠳᠬᠠᠬᠤ ᠠᠭᠤᠰᠤᠯᠴᠠᠯ ᠤᠨ ᠪᠠᠶᠢᠷᠢᠰᠢᠯ ᠢ ᠠᠭᠠᠵᠢᠮ ᠢᠶᠠᠷ ᠪᠤᠢ ᠪᠣᠯᠭᠠᠭᠰᠠᠨ ᠶᠤᠮ᠃ ᠴᠢᠨ ᠤᠯᠤᠰ ᠤᠨ ᠦᠶ᠎ᠡ  ᠳᠠᠬᠢ ︽ᠪᠢᠴᠢᠭ ᠦᠰᠦᠭ ᠠᠳᠠᠯᠢ᠂ ᠲᠡᠷᠭᠡᠨ ᠵᠠᠮ ᠠᠳᠠᠯᠢ᠂ ᠬᠡᠮᠵᠢᠶ᠎ᠡ ᠶᠢᠨ ᠨᠢᠭᠡᠴᠢ ᠠᠳᠠᠯᠢ᠂ ᠶᠠᠪᠤᠳᠠᠯ ᠮᠥᠷ ᠠᠳᠠᠯᠢ︾ ᠨᠢ ᠳᠤᠮᠳᠠᠳᠤ ᠤᠯᠤᠰ ᠤᠨ ᠨᠢᠭᠡᠳᠦᠭᠰᠡᠨ ᠣᠯᠠᠨ ᠦᠨᠳᠦᠰᠦᠲᠡᠨ ᠲᠠᠢ ᠤᠯᠤᠰ ᠤᠨ ᠬᠥᠭᠵᠢᠯᠲᠡ ᠶᠢᠨ ᠲᠡᠦᠬᠡᠨ ᠶᠠᠪᠤᠴᠠ ᠶᠢ ᠡᠬᠢᠯᠡᠭᠦᠯᠦᠭᠰᠡᠨ ᠪᠠᠶᠢᠨ᠎ᠠ᠃ ᠲᠡᠭᠦᠨ ᠠᠴᠠ ᠬᠤᠶᠢᠰᠢ᠂ ᠠᠯᠢ ᠴᠤ ᠦᠨᠳᠦᠰᠦᠲᠡᠨ ᠭᠡᠳ ᠵᠦᠩᠶᠤᠸᠠᠨ ᠣᠷᠣᠨ ᠳᠤ ᠣᠷᠣᠭᠰᠠᠨ ᠴᠤ ᠴᠥᠮ ᠳᠡᠯᠡᠬᠡᠢ ᠳ᠋ᠠᠬᠢᠨ ᠢ ᠨᠢᠭᠡᠳᠬᠡᠬᠦ ᠪᠠᠷ ᠡᠭᠦᠷᠭᠡ ᠪᠠᠨ ᠪᠣᠯᠭᠠᠵᠤ᠂ ᠳᠤᠮᠳᠠᠳᠤ ᠶᠢᠨ ᠰᠣᠶᠣᠯ ᠤᠨ ᠤᠳᠤᠮᠰᠢᠯ ᠢᠶᠠᠷ ᠥᠪᠡᠷ ᠢ ᠪᠠᠨ ᠭᠠᠶᠢᠬᠠᠭᠤᠯᠤᠭᠰᠠᠨ ᠪᠠᠶᠢᠨ᠎ᠠ᠃ ᠴᠢᠨ ᠤᠯᠤᠰ ᠬᠠᠨ ᠤᠯᠤᠰ ᠤᠨ ᠰᠦᠷ ᠵᠢᠪᠬᠤᠭ᠎ᠠ᠂ ᠶᠡᠭᠡ ᠲᠠᠩ ᠤᠯᠤᠰ ᠤᠨ ᠠᠭᠤᠷ ᠠᠮᠢᠰᠬᠤᠯ᠂ ᠡᠩᠬᠡ ᠠᠮᠤᠭᠤᠯᠠᠩ ᠲᠡᠭᠷᠢ ᠲᠡᠳᠬᠦᠭᠴᠢ ᠶᠢᠨ ᠪᠠᠳᠠᠷᠠᠯᠲᠤ ᠦᠶ᠎ᠡ ᠪᠣᠯ ᠴᠥᠮ ᠦᠨᠳᠦᠰᠦᠲᠡᠨ ᠨᠦᠭᠦᠳ ᠤᠨ ᠬᠠᠮᠲᠤ ᠪᠠᠷ ᠡᠭᠦᠳᠦᠨ ᠪᠦᠲᠦᠭᠡᠭᠰᠡᠨ ᠲᠡᠦᠬᠡ ᠮᠥᠨ᠃ ᠥᠨᠥᠳᠥᠷ ᠪᠢᠳᠡ ᠳᠤᠮᠳᠠᠳᠤ ᠤᠯᠤᠰ ᠤᠨ ᠬᠦᠰᠡᠯ ᠵᠡᠭᠦᠳᠦ ᠶᠢ ᠪᠡᠶᠡᠯᠡᠭᠦᠯᠬᠦ ᠳᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠦᠨ ᠳᠤ ᠨᠢᠭᠳᠠ ᠲᠦᠰᠢᠭᠯᠡᠬᠦ ᠬᠡᠷᠡᠭᠲᠡᠢ᠃      185. ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠭᠡᠷᠡᠯ ᠰᠠᠴᠤᠷᠠᠩᠭᠤᠢ ᠰᠣᠶᠣᠯ ᠢ ᠡᠯ᠎ᠡ ᠦᠨᠳᠦᠰᠦᠲᠡᠨ ᠬᠠᠮᠲᠤ ᠪᠠᠷ ᠡᠭᠦᠳᠦᠨ ᠪᠦᠲᠦᠭᠡᠭᠰᠡᠨ ᠭᠡᠵᠦ ᠬᠡᠯᠡᠳᠡᠭ ᠪᠤᠢ︖     ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠣᠶᠣᠯ ᠤᠨ ᠶᠡᠭᠡ ᠪᠦᠲᠦᠭᠡᠯ ᠮᠥᠨ᠃ ᠮᠠᠨ ᠤ ᠤᠯᠤᠰ ᠤᠨ ᠡᠯ᠎ᠡ ᠦᠨᠳᠦᠰᠦᠲᠡᠨ ᠰᠢᠯᠦᠭᠯᠡᠯᠲᠦ ᠨᠣᠮ᠂ ᠴᠦ᠋ ᠤᠯᠤᠰ ᠤᠨ ᠤᠶᠠᠩᠭ᠎ᠠ᠂ ᠬᠠᠨ ᠤᠯᠤᠰ ᠤᠨ ᠮᠠᠭᠲᠠᠭᠤ ᠂ ᠲᠠᠩ ᠤᠯᠤᠰ ᠤᠨ ᠰᠢᠯᠦᠭ᠂ ᠰᠦᠩ ᠤᠯᠤᠰ ᠤᠨ ᠳᠠᠭᠤᠯᠠᠯ᠂ ᠶᠤᠸᠠᠨ ᠤᠯᠤᠰ ᠤᠨ ᠳᠠᠭᠤᠷᠢ᠂ ᠮᠢᠩ ᠴᠢᠩ ᠤᠨ ᠲᠤᠭᠤᠵᠢᠰ ᠵᠡᠷᠭᠡ ᠠᠭᠤᠤ ᠶᠡᠭᠡ ᠪᠦᠲᠦᠭᠡᠯ ᠢ ᠵᠣᠬᠢᠶᠠᠨ ᠪᠦᠲᠦᠭᠡᠵᠦ᠂ ᠭᠡᠰᠡᠷ ᠸᠠᠩ᠂ ᠮᠠᠨᠠᠰ᠂ ᠵᠢᠩᠭᠠᠷ ᠵᠡᠷᠭᠡ ᠬᠥᠮᠥᠰ ᠤᠨ ᠰᠡᠳᠬᠢᠯ ᠢ ᠳᠣᠩᠰᠣᠯᠭᠠᠭᠰᠠᠨ ᠠᠭᠤᠤ ᠶᠡᠭᠡ ᠲᠤᠤᠯᠢᠰ ᠢ ᠤᠯᠠᠮᠵᠢᠯᠠᠨ ᠵᠠᠯᠭᠠᠮᠵᠢᠯᠠᠵᠤ᠂ ᠲᠦᠮᠡᠨ ᠭᠠᠵᠠᠷ ᠤᠨ ᠤᠷᠳᠤ ᠴᠠᠭᠠᠨ ᠬᠡᠷᠡᠮ᠂ ᠳ᠋ᠦ᠋ ᠵᠢᠶᠠᠩ ᠬᠠᠰᠢᠯᠭ᠎ᠠ᠂ ᠶᠡᠭᠡ ᠲᠠᠲᠠᠮᠠᠯ ᠭᠤᠣᠯ᠂ ᠬᠠᠭᠠᠨ ᠤ ᠣᠷᠳᠣᠨ᠂ ᠪᠣᠳᠠᠯᠠ ᠣᠷᠳᠣᠨ᠂ ᠳᠠᠯᠳᠠ ᠬᠤᠳᠳᠤᠭ ᠵᠡᠷᠭᠡ ᠠᠭᠤᠤ ᠶᠡᠭᠡ ᠢᠨᠵᠧᠨᠧᠷᠢᠩ ᠢ ᠪᠠᠶᠢᠭᠤᠯᠪᠠ᠃ ᠳᠤᠮᠳᠠᠳᠤ ᠶᠢᠨ ᠰᠣᠶᠣᠯ ᠡᠶᠢᠮᠦ ᠭᠤᠶᠢᠳᠠ ᠰᠠᠶᠢᠬᠠᠨ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ ᠤᠨ ᠤᠴᠢᠷ ᠨᠢ ᠲᠡᠭᠦᠨ ᠤ ᠪᠦᠬᠦᠨ ᠢ ᠬᠠᠮᠤᠷᠴᠤ ᠪᠠᠭᠲᠠᠭᠠᠬᠤ ᠥᠪᠡᠷᠮᠢᠴᠡ ᠣᠨᠴᠠᠯᠢᠭ ᠲᠤ ᠪᠤᠢ᠃ ᠲᠡᠦᠬᠡ ᠶᠢᠨ ᠤᠷᠲᠦ ᠬᠠᠭᠤᠳᠠᠰᠤ ᠶᠢ ᠲᠡᠯᠭᠡᠬᠦᠶ᠎ᠡ᠂ ᠵᠤᠤ ᠦ᠋ ᠯᠢᠩ ᠸᠠᠩ ᠤᠬᠤᠷ ᠬᠤᠪᠴᠠᠰᠤ ᠡᠮᠦᠰᠴᠦ ᠮᠤᠷᠢ ᠤᠨᠤᠨ ᠬᠠᠷᠪᠤᠵᠤ ᠨᠠᠮᠨᠠᠬᠤ ᠶᠢ ᠰᠤᠷᠤᠭᠰᠠᠨ ᠠᠴᠠ ᠠᠪᠤᠭᠠᠳ ᠤᠮᠠᠷᠠᠲᠤ ᠸᠧᠢ ᠤᠯᠤᠰ ᠤᠨ ᠰᠢᠶᠣᠣ  ᠸᠧᠨ ᠳ᠋ᠢ ᠬᠠᠭᠠᠨ ᠤ ᠬᠢᠲᠠᠳᠴᠢᠯᠠᠬᠤ ᠥᠭᠡᠷᠡᠴᠢᠯᠡᠯᠲᠡ ᠬᠦᠷᠲᠡᠯ᠎ᠡ︔ ︽ᠯᠦᠸᠧᠶᠠᠩ ᠤᠨ ᠬᠢᠨ ᠬᠤᠭᠤᠷ ᠤᠨ ᠬᠦᠭᠵᠢᠮ ᠰᠣᠷᠣᠭᠰᠠᠨ︾ ᠠᠴᠠ ︽ᠲᠦᠮᠡᠨ ᠭᠠᠵᠠᠷ ᠤᠨ ᠴᠢᠶᠠᠩ ᠦᠨᠳᠦᠰᠦᠲᠡᠨ ᠴᠦᠮ ᠬᠢᠲᠠᠳ ᠳᠠᠭᠤᠤ ᠲᠠᠭᠤᠯᠠᠬᠤ︾ ᠬᠦᠷᠲᠡᠯ᠎ᠡ︔ ᠬᠢᠯᠢ ᠬᠢᠵᠠᠭᠠᠷ ᠤᠨ ᠦᠨᠳᠦᠰᠦᠲᠡᠨ ︽ᠲᠠᠪᠠᠯ ᠬᠦᠷᠮ᠎ᠡ︾ ᠡᠮᠦᠰᠴᠦ᠂ ︽ᠪᠢᠴᠢᠭ ᠤᠨ ᠬᠥᠮᠥᠨ ᠤ ᠬᠤᠪᠴᠠᠰᠤ︾ ᠶᠢ ᠬᠡᠷᠡᠭᠯᠡᠵᠦ ᠵᠠᠩᠰᠢᠭᠰᠠᠨ ᠠᠴᠠ ᠳᠤᠮᠳᠠᠳᠤ ᠣᠷᠣᠨ ᠳᠤ ︽ᠲᠡᠪᠡᠯ ᠦᠮᠦᠳᠦ︾ ᠡᠮᠦᠰᠴᠦ᠂ ᠬᠤ᠋ ᠤᠪᠤᠭᠳᠠᠨ ᠤ ᠲᠡᠪᠡᠯ ᠮᠠᠯᠠᠭᠠᠢ  ᠶᠢ ᠡᠳ᠋ᠯᠡᠬᠦ ᠬᠦᠷᠳᠡᠯ᠎ᠡ᠂ ᠵᠢᠴᠢ ᠥᠨᠥᠳᠥᠷ ᠭᠠᠵᠠᠷ ᠪᠣᠯᠭᠠᠨ ᠳᠤ ᠬᠠᠷᠠᠭᠳᠠᠬᠤ ᠠᠷᠰᠯᠠᠨ ᠪᠥᠵᠢᠭ᠂ ᠬᠤᠭᠤᠷ᠂ ᠮᠠᠨᠵᠤ ᠲᠡᠷᠯᠢᠭ ᠵᠡᠷᠭᠡ ᠨᠢ ᠡᠯ᠎ᠡ ᠦᠨᠳᠦᠰᠦᠲᠡᠨ ᠤ ᠰᠣᠶᠣᠯ ᠤᠨ ᠬᠠᠷᠢᠯᠴᠠᠨ ᠲᠣᠯᠢᠯᠠᠵᠤ ᠠᠭᠤᠰᠤᠯᠴᠠᠨ ᠨᠡᠪᠲᠡᠷᠡᠯᠴᠡᠬᠦ ᠶᠢ ᠢᠯᠡᠷᠡᠭᠦᠯᠦᠭᠰᠡᠨ ᠪᠠᠶᠢᠨ᠎ᠠ᠃ ᠦᠨᠳᠦᠰᠦᠲᠡᠨ ᠨᠦᠭᠦᠳ ᠤᠨ ᠰᠣᠶᠣᠯ ᠰᠣᠯᠪᠢᠴᠠᠨ ᠭᠡᠷᠡᠯᠳᠦᠵᠦ᠂ ᠳᠤᠮᠳᠠᠳᠤ ᠶᠢᠨ ᠰᠣᠶᠣᠯ ᠶᠠᠪᠤᠬᠤ ᠲᠤᠳᠤᠮ ᠰᠢᠨᠡᠳᠴᠦ ᠪᠠᠶᠢᠨ᠎ᠠ᠂ ᠡᠨᠡ ᠪᠣᠯ ᠮᠠᠨ ᠤ ᠥᠨᠥᠳᠥᠷ ᠤᠨ ᠬᠦᠴᠦᠷᠬᠡᠭ ᠶᠡᠭᠡ ᠰᠣᠶᠣᠯ ᠤᠨ ᠢᠲᠡᠭᠡᠯ ᠤᠨ ᠦᠨᠳᠦᠰᠦ ᠰᠤᠷᠪᠤᠯᠵᠢ ᠮᠥᠨ᠃     186. ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠬᠠᠮᠲᠤ ᠪᠠᠷ ᠬᠥᠮᠥᠵᠢᠭᠦᠯᠦᠭᠰᠡᠨ ᠭᠡᠵᠦ ᠬᠡᠯᠡᠵᠦ ᠪᠠᠶᠢᠬᠤ ᠪᠤᠢ︖    ᠲᠡᠦᠬᠡ ᠶᠢᠨ ᠤᠷᠳᠤ ᠶᠠᠪᠤᠴᠠ ᠳᠤ᠂ ᠲᠠᠷᠢᠶᠠᠯᠠᠬᠤ ᠪᠣᠯᠪᠠᠰᠤᠨ ᠤ ᠠᠵᠢᠯᠴᠢ ᠪᠣᠷᠣᠭᠵᠢᠭᠤᠨ᠂ ᠶᠣᠰᠣᠷᠬᠠᠭ ᠳᠣᠲᠣᠨᠣ᠂ ᠲᠠᠯ᠎ᠠ ᠨᠤᠲᠤᠭ ᠤᠨ ᠪᠣᠯᠪᠠᠰᠤᠨ ᠤ ᠣᠷᠭᠢᠯᠤᠮ᠎ᠠ ᠬᠠᠯᠠᠭᠤᠨ᠂ ᠡᠷᠡᠯᠬᠡᠭ ᠪᠠᠭᠠᠲᠤᠷᠯᠢᠭ᠂ ᠲᠠᠯᠠᠢ ᠲᠠᠩᠭᠢᠰ ᠤᠨ ᠪᠣᠯᠪᠠᠰᠤᠨ ᠤ ᠠᠳᠠᠪᠠᠰᠢ ᠠᠭᠤᠳᠠᠮ ᠪᠠᠭᠳᠠᠭᠠᠮᠵᠢ᠂ ᠡᠷᠡᠯᠬᠡᠭᠯᠡᠨ ᠲᠡᠮᠡᠴᠡᠬᠦ ᠵᠤᠷᠢᠭ ᠰᠦᠰᠦ ᠨᠢ᠂ ᠳᠤᠮᠳᠠᠳᠤ ᠶᠢᠨ ᠦᠨᠳᠦᠰᠦᠲᠡᠨ ᠤ ᠣᠨᠴᠠ ᠴᠢᠨᠠᠷ ᠪᠣᠯᠣᠨ ᠲᠥᠷᠥᠯᠬᠢ ᠠᠪᠢᠶᠠᠰ ᠢ ᠲᠠᠰᠤᠷᠠᠯᠳᠡ ᠦᠭᠡᠢ ᠰᠢᠩᠭᠡᠭᠡᠵᠦ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠲᠤᠪᠠᠷ  ᠡᠬᠦᠳᠴᠡᠢ᠃ ᠵᠣᠣ ᠵᠢᠶᠦ᠋ᠨ ᠪᠣᠭᠤᠮᠲᠠ ᠠᠴᠠ ᠭᠠᠷᠤᠭᠰᠠᠨ᠂ ᠸᠧᠨ ᠴᠧᠩ ᠭᠦᠩᠵᠦ ᠲᠥᠪᠡᠳ ᠲᠤ ᠮᠤᠷᠳᠠᠭᠰᠠᠨ᠂ ᠯᠢᠶᠠᠩᠵᠸᠤ ᠶᠢᠨ ᠬᠤᠯᠪᠣᠭ᠎ᠠ ᠪᠠᠶᠢᠭᠤᠯᠤᠭᠰᠠᠨ᠂ ᠸᠠ ᠤᠪᠤᠭᠳᠠᠨ ᠤ ᠬᠠᠲᠤᠨ ᠫᠠᠭᠳᠠᠭᠠᠷ ᠳᠡᠭᠡᠷᠡᠮ ᠢ ᠡᠰᠡᠷᠬᠦᠴᠡᠭᠰᠡᠨ᠂ ᠲᠣᠷᠭᠤᠳ ᠲᠦᠮᠡᠨ ᠭᠠᠵᠠᠷ ᠤᠨ ᠬᠤᠯᠠ ᠠᠴᠠ ᠵᠡᠭᠦᠨᠰᠢ ᠪᠤᠴᠠᠭᠰᠠᠨ᠂ ᠰᠢᠪᠡᠭᠡ ᠦᠨᠳᠦᠰᠦᠲᠡᠨ ᠲᠦᠮᠡᠨ ᠭᠠᠵᠠᠷ ᠤᠨ ᠬᠢᠯᠢ ᠬᠢᠵᠠᠭᠠᠷ ᠢ ᠰᠠᠬᠢᠨ ᠬᠠᠮᠠᠭᠠᠯᠠᠭᠰᠠᠨ ᠵᠡᠷᠭᠡ ᠪᠣᠯ ᠳᠠᠷᠤᠢ ᠡᠶᠢᠮᠦᠷᠬᠦᠦ ᠲᠡᠦᠬᠡᠨ ᠰᠠᠶᠢᠬᠠᠨ ᠵᠣᠭᠤᠭ ᠪᠣᠯᠣᠨ᠎ᠠ᠃ ᠣᠷᠴᠢᠨ ᠦᠶ᠎ᠡ ᠠᠴᠠ ᠬᠤᠶᠢᠰᠢ᠂ ᠤᠯᠤᠰ ᠮᠥᠬᠦᠵᠦ ᠤᠭᠰᠠᠭ᠎ᠠ ᠰᠥᠨᠥᠬᠦ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠶᠢᠨ ᠡᠮᠦᠨ᠎ᠡ᠂ ᠦᠨᠳᠦᠰᠦᠲᠡᠨ ᠨᠦᠭᠦᠳ ᠤᠨ ᠠᠷᠠᠳ ᠲᠦᠮᠡᠨ ᠭᠠᠳᠠᠭᠠᠳᠤ ᠶᠢᠨ ᠳᠠᠷᠤᠯᠠᠯ ᠢ ᠬᠠᠮᠲᠤ ᠪᠠᠷ ᠡᠰᠡᠷᠭᠦᠴᠡᠵᠦ᠂ ᠬᠠᠮᠲᠤ ᠪᠠᠷ ᠤᠯᠤᠰ ᠣᠷᠣᠨ ᠤ ᠠᠶᠤᠯ ᠵᠣᠪᠠᠯᠠᠩ ᠢ ᠲᠤᠭᠤᠯᠵᠤ᠂ ᠠᠮᠢ ᠪᠡᠶ᠎ᠡ ᠪᠠᠨ ᠴᠦᠯᠡᠨ᠂ ᠬᠠᠯᠠᠭᠤᠨ ᠴᠢᠰᠤ ᠪᠠᠨ ᠤᠷᠤᠰᠬᠠᠵᠤ᠂ ᠳᠤᠮᠳᠠᠳᠤ ᠶᠢᠨ ᠦᠨᠳᠦᠰᠦᠲᠡᠨ ᠤ ᠲᠤᠶᠢᠯ ᠤᠨ ᠬᠠᠲᠠᠭᠤᠵᠢᠯᠲᠠᠢ ᠭᠠᠷᠮᠠᠭᠠᠢ ᠪᠥᠭᠡᠳ ᠰᠦᠷ ᠵᠢᠪᠬᠤᠯᠠᠩᠲᠤ ᠠᠭᠤᠤ ᠶᠡᠭᠡ ᠲᠤᠤᠯᠢᠰ ᠢ ᠬᠠᠮᠲᠤ ᠪᠠᠷ ᠪᠢᠴᠢᠭᠯᠡᠭᠰᠡᠨ ᠪᠠᠶᠢᠨ᠎ᠠ᠃ ᠡᠭᠦᠨ ᠤ ᠳᠣᠲᠣᠷ᠎ᠠ ᠠᠴᠠ ᠨᠢᠭᠡ ᠪᠦᠯᠦᠭ ᠴᠥᠭᠡᠨ ᠲᠣᠭᠠᠲᠤ ᠦᠨᠳᠦᠰᠦᠲᠡᠨ ᠤ ᠤᠯᠤᠰ ᠢᠶᠠᠨ ᠬᠠᠮᠠᠭᠠᠯᠠᠭᠰᠠᠨ ᠦᠷᠡᠭᠳᠡᠭᠰᠡᠨ ᠪᠠᠭᠠᠲᠤᠷ᠂ ᠨᠠᠮ ᠪᠠᠶᠢᠭᠤᠯᠤᠭᠰᠠᠨ ᠬᠤᠰᠢᠭᠤᠴᠢ᠂ ᠠᠵᠢᠯᠴᠢᠨ ᠲᠠᠷᠢᠶᠠᠴᠢᠨ ᠤ ᠬᠥᠳᠡᠯᠭᠡᠭᠡᠨ ᠤ ᠤᠳᠤᠷᠢᠳᠤᠭᠴᠢ᠂ ᠶᠠᠫᠤᠨ ᠢ ᠡᠰᠡᠷᠭᠦᠴᠡᠭᠰᠡᠨ ᠪᠠᠭᠠᠲᠤᠷ᠂ ᠤᠯᠤᠰ ᠪᠠᠶᠢᠭᠤᠯᠤᠭᠰᠠᠨ ᠵᠠᠩᠵᠤᠨ ᠨᠠᠷ ᠴᠣᠯᠭᠤᠷᠠᠨ ᠭᠠᠷᠴᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠳᠤ ᠪᠠᠯᠠᠷᠠᠰᠢ ᠦᠭᠡᠢ ᠲᠡᠦᠬᠡᠨ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ︽ᠬᠥᠮᠥᠨ ᠤ ᠰᠡᠳᠬᠢᠯ ᠢ ᠤᠯᠬᠤᠢ ᠳᠤᠷ  ᠶᠤᠰᠤ ᠵᠢᠷᠤᠮ ᠳᠤᠷ ᠠᠨᠤ ᠡᠷᠬᠢᠮ ᠪᠤᠯᠠᠢ︾᠃ ᠵᠠᠭᠤᠨ ᠵᠢᠯ ᠤᠨ ᠲᠡᠮᠡᠴᠡᠯ ᠤᠨ ᠳᠤᠮᠳᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠷᠢᠭᠤᠨ ᠴᠢᠰᠤ ᠪᠠᠨ ᠤᠷᠤᠰᠬᠠᠵᠤ᠂ ᠰᠡᠳᠬᠢᠯ ᠵᠢᠷᠦᠬᠡ ᠪᠠᠨ ᠬᠠᠮᠲᠤᠳᠬᠠᠵᠤ᠂ ᠬᠠᠮᠲᠤ ᠶᠢᠨ ᠴᠣᠭᠴᠠ ᠶᠢᠨ ᠤᠬᠠᠮᠰᠠᠷ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠳᠤᠮᠳᠠᠳᠤ ᠶᠢᠨ ᠦᠨᠳᠦᠰᠦᠲᠡᠨ ᠠᠶᠠᠨᠳᠠᠭᠠᠨ ᠣᠷᠣᠰᠢᠵᠤ ᠪᠠᠶᠢᠭᠰᠠᠨ ᠠᠴᠠ ᠪᠠᠨ ᠤᠬᠠᠮᠰᠠᠷ ᠲᠠᠢ ᠪᠣᠯᠤᠭᠰᠠᠨ ᠠᠭᠤᠤ ᠶᠡᠭᠡ ᠬᠤᠪᠢᠷᠠᠯᠲᠠ ᠶᠢ ᠪᠡᠶᠡᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠣᠶᠢᠵᠢᠭᠤᠯᠵᠤ᠂ ᠵᠠᠯᠭᠠᠮᠵᠢᠯᠠᠵᠤ᠂ ᠬᠥᠭᠵᠢᠭᠦᠯᠦᠭᠰᠡᠨ ᠶᠤᠮ᠂ ᠲᠡᠷᠡ ᠨᠢ ᠨᠢᠭᠡᠨᠲᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠰᠤ ᠮᠢᠬ᠎ᠠ ᠪᠠ ᠰᠦᠭ ᠰᠦᠨᠡᠰᠦᠨ ᠳᠤ ᠭᠦᠨ ᠠᠭᠤᠰᠴᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠤᠭᠰᠠᠨ ᠪᠠᠶᠢᠨ᠎ᠠ᠃     187. ᠶᠡᠷᠦᠩᠬᠡᠢ ᠱᠦᠵᠢ ᠰᠢ ᠶᠢᠨ ᠫᠢᠩ 2019 ᠣᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠳᠠᠭᠠᠨ ᠳ᠋ᠦᠩᠨᠡᠭᠰᠡᠨ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠡᠷᠬᠢᠮ ᠨᠠᠨᠳᠢᠨ ᠲᠤᠷᠰᠢᠯᠭ᠎ᠠ ︵ᠶᠢᠰᠦ ᠶᠢ ᠪᠠᠷᠢᠮᠲᠠᠯᠠᠬᠤ︶ ᠭᠡᠳᠡᠭ ᠨᠢ ᠶᠠᠭᠤ ᠪᠣᠶ︖     ᠮᠠᠨ ᠤ ᠤᠯᠤᠰ ᠨᠢᠭᠡᠳᠦᠭᠰᠡᠨ ᠤᠯᠠᠨ ᠦᠨᠳᠦᠰᠦᠲᠡᠨ ᠲᠠᠢ ᠤᠯᠤᠰ ᠤᠨ ᠦᠨᠳᠦᠰᠦᠨ ᠪᠠᠶᠢᠳᠠᠯ ᠢ ᠣᠨᠣᠪᠴᠢᠲᠠᠶ ᠡᠵᠡᠮᠰᠢᠬᠦ ᠶᠢ ᠪᠠᠷᠢᠮᠲᠠᠯᠠᠵᠤ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ ᠦᠨᠳᠦᠰᠦᠲᠡᠨ ᠨᠦᠭᠦᠳ ᠬᠠᠮᠤᠭ ᠤᠨ ᠳᠡᠭᠡᠳᠦ ᠠᠰᠢᠭ ᠲᠤᠰᠠ ᠪᠠᠨ ᠪᠣᠯᠭᠠᠬᠤ ᠬᠡᠷᠡᠭᠲᠡᠢ︔ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠵᠠᠮᠨᠠᠬᠤ ᠬᠡᠷᠡᠭᠲᠡᠢ︔ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠬᠦᠴᠦᠨ ᠵᠦᠢᠯ ᠪᠠ ᠣᠷᠣᠨ ᠪᠦᠰᠡ ᠶᠢᠨ ᠬᠦᠴᠦᠨ ᠵᠦᠢᠯ ᠢ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ︔ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ︔ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ︔ ᠰᠣᠶᠣᠯ ᠤᠨ ᠬᠠᠮᠲᠤ ᠶᠢᠨ ᠮᠡᠳᠡᠷᠡᠮᠵᠢ ᠪᠣᠯ ᠬᠠᠮᠤᠭ ᠤᠨ ᠭᠦᠨ ᠳᠠᠪᠬᠤᠷᠭ᠎ᠠ ᠶᠢᠨ ᠮᠡᠳᠡᠷᠡᠮᠵᠢ ᠪᠣᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ  ᠪᠠᠶᠢᠭᠤᠯᠬᠤ ᠬᠡᠷᠡᠭᠳᠡᠢ︔ ᠦᠨᠳᠦᠰᠦᠲᠡᠨ ᠨᠦᠭᠦᠳ ᠬᠠᠤᠯᠢ ᠴᠠᠭᠠᠵᠠ ᠶᠢᠨ ᠡᠮᠦᠨ᠎ᠡ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ ᠂ ᠦᠨᠳᠦᠰᠦᠲᠡᠨ ᠤ ᠪᠦᠯᠬᠦᠮᠳᠡᠯ ᠢ ᠬᠠᠤᠯᠢ ᠴᠠᠭᠠᠵᠠ ᠪᠠᠷ ᠪᠠᠲᠤᠯᠠᠨ᠎ᠠ︔ ᠵᠠᠯᠭᠠᠮᠵᠢᠯᠠᠬᠤ ᠶᠢᠨ ᠳᠤᠮᠳᠠ ᠬᠥᠭᠵᠢᠭᠦᠯᠬᠦ᠂ ᠬᠥᠭᠵᠢᠭᠦᠯᠬᠦ ᠶᠢᠨ ᠳᠤᠮᠳᠠ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠤᠳᠤᠮ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠬᠤ ᠬᠡᠷᠡᠭᠳᠡᠢ︔ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠬᠦ ᠬᠡᠷᠡᠭᠳᠡᠢ᠃    188. ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠶᠠᠮᠠᠷ ᠴᠢᠬᠤᠯᠠ ᠵᠢᠭᠠᠪᠤᠷᠢ ᠳᠤᠷᠠᠳᠤᠭᠰᠠᠨ ᠪᠤᠢ︖   ᠥᠪᠥᠷ ᠮᠣᠩᠭᠤᠯ ᠨᠢ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠢᠷᠠᠭᠤ ᠠᠯᠳᠠᠷᠲᠤ ᠤᠯᠠᠮᠵᠢᠯᠠᠯ ᠲᠠᠢ᠂ ᠤᠷᠳᠤ ᠬᠤᠭᠤᠴᠠᠭᠠᠨ ᠤ ᠲᠤᠷᠰᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠲᠠᠢ ᠶᠤᠮ᠂ ᠡᠭᠦᠨ ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠬᠤ ᠬᠡᠷᠡᠭᠲᠡᠢ᠃ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠬᠥᠭᠵᠢᠨ ᠴᠡᠴᠡᠭᠯᠡᠬᠦ ᠲᠠᠢ ᠤᠶᠠᠯᠳᠤᠭᠤᠯᠤᠨ᠂ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠤ ᠪᠠᠨ ᠰᠠᠯᠵᠤ ᠴᠢᠳᠠᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠠᠵᠢᠯ ᠢᠶᠠᠨ ᠨᠠᠷᠢᠯᠢᠭ ᠪᠥᠭᠡᠳ ᠪᠣᠳᠠᠲᠠᠢ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠣᠷᠣᠨ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠬᠦ ᠬᠡᠷᠡᠭᠲᠡᠢ᠃     189.  ᠶᠠᠭᠤ ᠶᠢ ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠭᠡᠬᠦ ᠪᠤᠢ︖ ᠲᠡᠭᠦᠨ ᠤ ᠵᠣᠷᠢᠯᠲᠠ ᠨᠢ ᠶᠠᠭᠤ ᠪᠤᠢ︖    ᠬᠢᠯᠢ ᠶᠢᠨ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠪᠣᠯ 1999 ᠣᠨ ᠳᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠬᠠᠮᠳᠤ ᠶᠢᠨ ᠰᠠᠨᠠᠭᠠᠴᠢᠯᠠᠭ᠎ᠠ ᠪᠠᠷ ᠰᠡᠳᠦᠭᠰᠡᠨ ᠬᠢᠯᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠣᠨ᠎ᠠ᠃ ᠡᠭᠦᠨ ᠤ ᠵᠣᠷᠢᠯᠭ᠎ᠠ ᠪᠣᠯ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠵᠤ᠂ ᠬᠢᠯᠢ ᠶᠢᠨ ᠠᠷᠠᠳ ᠢ ᠪᠠᠶᠠᠵᠢᠭᠤᠯᠬᠤ ᠶᠠᠪᠤᠳᠠᠯ ᠪᠣᠯᠣᠨ᠎ᠠ᠃ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠠᠷ ᠳᠠᠮᠵᠢᠭᠤᠯᠤᠨ᠂ ᠪᠦᠬᠦ ᠨᠡᠶᠢᠭᠡᠮ ᠢ ᠥᠷᠭᠡᠨ ᠢᠶᠠᠷ ᠲᠠᠶᠢᠴᠢᠯᠠᠨ ᠣᠷᠣᠯᠴᠠᠭᠤᠯᠵᠤ᠂ ᠬᠢᠯᠢ ᠬᠢᠵᠠᠭᠠᠷ ᠣᠷᠣᠨ ᠳᠠᠬᠢ ᠣᠷᠣᠭᠤᠯᠤᠯᠲᠠ ᠪᠠ ᠥᠷᠭᠡᠨ ᠤᠯᠠᠨ ᠬᠢᠯᠢ ᠶᠢᠨ ᠠᠷᠠᠳ ᠢ ᠬᠠᠪᠰᠤᠷᠤᠨ ᠲᠡᠳᠬᠦᠬᠦ ᠶᠢ ᠨᠡᠮᠡᠭᠳᠡᠭᠦᠯᠵᠦ᠂ ᠬᠢᠯᠢ ᠬᠢᠵᠠᠭᠠᠷ ᠣᠷᠣᠨ ᠢ ᠠᠯᠢ ᠲᠦᠷᠭᠡᠨ ᠢᠶᠠᠷ ᠬᠥᠭᠵᠢᠭᠦᠯᠵᠦ᠂ ᠬᠢᠯᠢ ᠶᠢᠨ ᠠᠷᠠᠳ ᠢ ᠠᠯᠢ ᠲᠦᠷᠭᠡᠨ ᠢᠶᠠᠷ ᠴᠢᠨᠡᠭᠡᠯᠢᠭᠵᠢᠭᠦᠯᠵᠦ᠂ ᠬᠥᠭᠵᠢᠯᠲᠡ ᠶᠢᠨ ᠳᠤᠮᠳᠠ ᠡᠬᠡ ᠣᠷᠣᠨᠴᠢ ᠰᠡᠳᠬᠢᠯᠭᠡ ᠪᠠ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠴᠦᠰ ᠲᠡᠭᠡᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠬᠦ᠂ ᠤᠯᠤᠰ ᠢᠶᠠᠨ ᠬᠦᠴᠦᠷᠬᠡᠭᠵᠢᠭᠦᠯᠬᠦ᠂ ᠬᠥᠷᠰᠢ ᠵᠡᠷᠭᠡᠯᠡᠳᠡᠭᠡ ᠪᠠᠨ ᠬᠥᠷᠰᠢᠯᠡᠭᠦᠯᠬᠦ ᠵᠣᠷᠢᠯᠭ᠎ᠠ ᠳᠠᠭᠠᠨ ᠬᠦᠷᠬᠦ ᠬᠡᠷᠡᠭᠲᠡᠢ᠃     190. ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠬᠠᠮᠠᠭᠠᠯᠠᠨ ᠬᠥᠭᠵᠢᠭᠦᠯᠬᠦ ᠶᠢᠨ ᠭᠤᠣᠯ ᠡᠭᠦᠷᠭᠡ ᠨᠢ ᠶᠠᠭᠤ ᠪᠤᠢ︖   ᠠᠶᠢᠯ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠣᠷᠣᠨ ᠰᠠᠭᠤᠴᠠ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠦᠨᠳᠦᠰᠦᠲᠡᠨ ᠤ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃    191. ᠶᠠᠭᠤ ᠶᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠦᠨᠡᠨ ᠪᠣᠳᠠᠲᠤ ᠵᠢᠷᠤᠭᠯᠠᠯ ᠭᠡᠬᠦ ᠪᠤᠢ᠂ ᠪᠠᠰᠠ ᠴᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠢᠯᠡ ᠲᠣᠳᠣ ᠣᠨᠴᠠᠯᠢᠭ ᠰᠢᠨᠵᠢ ᠪᠣᠯᠬᠤ ᠪᠤᠢ︖     ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤᠪᠠᠷ ᠪᠡᠶᠡᠯᠡᠬᠦᠯᠦᠨ᠎ᠡ᠃     192. ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠶᠠᠮᠠᠷ ᠶᠠᠮᠠᠷ ᠣᠨᠴᠠᠯᠢᠭ ᠲᠠᠢ ᠪᠤᠢ︖    ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ︔ ᠡᠯ᠎ᠡ ᠦᠨᠳᠦᠰᠦᠲᠡᠨ ᠶᠡᠭᠡ ᠬᠡᠮᠵᠢᠶ᠎ᠡ ᠪᠠᠷ ᠬᠤᠯᠢᠯᠳᠤᠨ ᠰᠠᠭᠤᠵᠤ᠂ ᠪᠠᠭ᠎ᠠ ᠬᠡᠮᠵᠢᠶ᠎ᠡ ᠪᠠᠷ ᠲᠥᠪᠯᠡᠷᠡᠨ ᠰᠠᠭᠤᠵᠤ ᠪᠠᠶᠢᠨ᠎ᠠ︔᡽ᠡᠯ᠎ᠡ ᠦᠨᠳᠦᠰᠦᠲᠡᠨ ᠥᠨᠢ ᠤᠳᠠᠭᠠᠨ ᠲᠡᠦᠬᠡ ᠲᠠᠢ᠂ ᠠᠳᠠᠯᠢ ᠪᠤᠰᠤ ᠦᠨᠳᠦᠰᠦᠲᠡᠨ ᠤ ᠰᠣᠶᠣᠯ ᠪᠠ ᠵᠠᠩ ᠳᠠᠳᠬᠠᠯ ᠲᠠᠢ︔ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠣᠲᠣᠷ᠎ᠠ ᠱᠠᠰᠢᠨ ᠰᠤᠷᠲᠠᠬᠤᠨ ᠨᠡᠯᠢᠶᠡᠳ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠥᠯᠥᠭᠡ ᠲᠠᠢ ᠶᠤᠮ᠃     193. ᠮᠠᠨ ᠤ ᠤᠯᠤᠰ ᠤᠨ ᠦᠨᠳᠦᠰᠦᠲᠡᠨ ᠤ ᠣᠷᠣᠨ ᠤ ᠵᠢᠷᠭᠤᠭᠠᠨ ︽ᠣᠷᠣᠨ︾ ᠨᠢ ᠲᠤᠰ ᠲᠤᠰ ᠠᠯᠢ ᠵᠢᠷᠭᠤᠭᠠᠨ ︽ᠣᠷᠣᠨ︾ ᠪᠣᠯᠬᠤ ᠪᠤᠢ︖    ᠦᠨᠳᠦᠰᠦᠲᠡᠨ ᠤ ᠭᠠᠵᠠᠷ ᠣᠷᠣᠨ ᠪᠣᠯ ᠮᠠᠨ ᠤ ᠤᠯᠤᠰ ᠤᠨ ᠡᠬᠢ ᠪᠠᠶᠠᠯᠢᠭ ᠡᠯᠪᠡᠭ ᠳᠡᠯᠪᠡᠭ ᠣᠷᠣᠨ᠂ ᠤᠰᠤᠨ ᠰᠢᠰᠲ᠋ᠧᠮ ᠤᠨ ᠡᠬᠢ ᠡᠭᠦᠰᠦᠯ ᠤᠨ ᠣᠷᠣᠨ᠂ ᠠᠮᠢ ᠠᠬᠤᠢ ᠶᠢᠨ ᠬᠠᠯᠬᠠᠪᠴᠢ ᠶᠢᠨ ᠣᠷᠣᠨ᠂ ᠰᠣᠶᠣᠯ ᠤᠨ ᠣᠨᠴᠠᠯᠢᠭᠲᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠤᠯᠤᠨ᠎ᠠ᠃   194. ᠮᠠᠨ ᠤ ᠤᠯᠤᠰ ᠪᠣᠯ ᠨᠢᠭᠡᠨ ᠣᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠮᠥᠨ᠂ ᠤᠷᠲᠤ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠤ ᠦᠨᠳᠦᠰᠦᠲᠡᠨ ᠨᠦᠭᠦᠳ ᠠᠭᠠᠵᠢᠮ ᠢᠶᠠᠷ ᠶᠠᠮᠠᠷ ᠶᠠᠩᠵᠤ ᠶᠢᠨ ᠲᠠᠷᠬᠠᠯᠲᠠ ᠶᠢᠨ ᠪᠠᠶᠢᠳᠠᠯ ᠲᠠᠢ ᠪᠣᠯᠤᠭᠰᠠᠨ ᠪᠣᠢ︖      ᠶᠡᠭᠡ ᠬᠡᠮᠵᠢᠶ᠎ᠡ ᠪᠠᠷ ᠬᠤᠯᠢᠯᠳᠤᠨ ᠰᠠᠭᠤᠵᠤ᠂ ᠪᠠᠭ᠎ᠠ ᠬᠡᠮᠵᠢᠶ᠎ᠡ ᠪᠠᠷ ᠲᠥᠪᠯᠡᠷᠡᠨ ᠰᠠᠭᠤᠵᠤ᠂ ᠡᠯ᠎ᠡ ᠦᠨᠳᠦᠰᠦᠲᠡᠨ ᠬᠤᠭᠤᠷᠣᠨᠳᠤ ᠪᠠᠨ ᠰᠣᠯᠪᠢᠴᠠᠨ ᠰᠠᠭᠤᠷᠢᠰᠢᠪᠠ᠃    195. ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠮᠠᠨ ᠤ ᠤᠯᠤᠰ ᠤᠨ ᠪᠦᠬᠦ ᠬᠥᠮᠥᠨ ᠠᠮᠠ ᠶᠢᠨ ᠲᠤᠭ᠎ᠠ ᠬᠡᠳᠦᠢ ᠪᠤᠶ︖ ᡼     ᠶᠡᠷᠦᠩᠬᠡᠢ ᠬᠥᠮᠥᠨ ᠠᠮᠠ ᠨᠢ 14.1178 ᠳ᠋ᠦᠩᠰᠢᠭᠤᠷ ᠬᠦᠷᠴᠦ᠂ ᠡᠭᠦᠨ ᠤ ᠳᠣᠲᠣᠷ᠎ᠠ᠄ ᠬᠢᠲᠠᠳ ᠦᠨᠳᠦᠰᠦᠲᠡᠨ ᠤ ᠬᠥᠮᠥᠨ ᠠᠮᠠ 12.8631 ᠳ᠋ᠦᠩᠰᠢᠭᠤᠷ ᠬᠦᠷᠴᠦ᠂ 91.11%  ᠶᠢ ᠡᠵᠡᠯᠡᠪᠡ︔᡽ᠡᠯ᠎ᠡ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 1.2547 ᠳ᠋ᠦᠩᠰᠢᠭᠤᠷ ᠬᠦᠷᠴᠦ᠂ 8.89% ᠶᠢ ᠡᠵᠡᠯᠡᠪᠡ ᠃ ᠦᠨᠳᠦᠰᠦᠲᠡᠨ ᠤ ᠬᠥᠮᠥᠨ ᠠᠮᠠ ᠶᠢᠨ ᠲᠣᠭᠲᠠᠭᠤᠨ ᠢᠶᠠᠷ ᠨᠡᠮᠡᠭᠳᠡᠭᠰᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠦᠨᠳᠦᠰᠦᠲᠡᠨ ᠨᠦᠭᠦᠳ ᠪᠦᠬᠦ ᠲᠠᠯ᠎ᠠ ᠪᠠᠷ ᠬᠦᠭᠵᠢᠨ ᠲᠠᠪᠰᠢᠭᠰᠠᠨ ᠳᠦᠷᠰᠦ ᠪᠠᠶᠢᠳᠠᠯ ᠢ ᠭᠦᠢᠴᠡᠳ ᠬᠠᠷᠠᠭᠤᠯᠵᠠᠢ᠃    196.  ᠶᠠᠭᠤᠨ ᠳᠤ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠠᠵᠢᠯ ᠢ ᠴᠢᠩᠭᠠᠳᠬᠠᠬᠤ ᠬᠡᠷᠡᠭᠲᠡᠢ ᠪᠤᠢ︖      ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠣᠯ ᠨᠠᠮ ᠪᠠ ᠤᠯᠤᠰ ᠤᠨ ᠺᠠᠳ᠋ᠷ ᠤᠨ ᠡᠩᠨᠡᠭᠡᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠭᠤᠣᠯᠯᠠᠭᠴᠢ ᠬᠦᠴᠦᠨ ᠮᠥᠨ᠂ ᠦᠨᠳᠦᠰᠦᠲᠡᠨ ᠤ ᠺᠠᠳ᠋ᠷ ᠤᠨ ᠪᠠᠶᠢᠳᠠᠯ ᠪᠣᠯ ᠨᠢᠭᠡ ᠦᠨᠳᠦᠰᠦᠲᠡᠨ ᠤ ᠬᠥᠭᠵᠢᠯᠲᠡ ᠶᠢᠨ ᠬᠢᠷᠢ ᠲᠦᠪᠰᠢᠨ ᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠨᠢ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ᠂ ᠡᠬᠡ ᠣᠷᠣᠨ ᠤ ᠨᠢᠭᠡᠳᠦᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠣᠯ ᠨᠠᠮ ᠪᠠ ᠵᠠᠰᠠᠭ ᠤᠨ ᠣᠷᠳᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠬᠠᠷᠢᠯᠴᠠᠬᠤ ᠴᠢᠬᠤᠯᠠ ᠬᠥᠭᠦᠷᠭᠡ ᠪᠠ ᠬᠤᠯᠪᠣᠭᠠᠰᠤ ᠮᠥᠨ᠂ ᠲᠡᠷᠡ ᠨᠢ ᠦᠨᠳᠦᠰᠦᠲᠡᠨ ᠤ ᠣᠷᠣᠨ ᠤ ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ ᠣᠷᠣᠯᠠᠭᠤᠯᠵᠤ ᠪᠣᠯᠣᠰᠢ ᠦᠭᠡᠢ ᠴᠢᠬᠤᠯᠠ ᠦᠢᠯᠡᠳᠦᠯ ᠲᠠᠢ ᠶᠤᠮ᠃     197. ᠶᠠᠭᠤᠨ ᠳᠤ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠪᠠ ᠰᠡᠬᠡᠭᠡᠲᠡᠨ ᠤ ᠠᠵᠢᠯ ᠢ ᠶᠡᠭᠡ ᠶᠠᠪᠤᠳᠠᠯ ᠪᠠᠴᠢᠮ ᠶᠠᠪᠤᠳᠠᠯ ᠪᠣᠯᠭᠠᠨ ᠠᠳᠬᠤᠬᠤ ᠬᠡᠷᠡᠭᠲᠡᠢ ᠪᠤᠢ︖     ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠥᠰ ᠪᠠ ᠰᠡᠬᠡᠭᠡᠲᠡᠨ ᠪᠣᠯ ᠨᠠᠮ ᠪᠠ ᠵᠠᠰᠠᠭ ᠤᠨ ᠣᠷᠳᠣᠨ ᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠬᠠᠷᠢᠯᠴᠠᠬᠤ ᠴᠢᠬᠤᠯᠠ ᠬᠥᠭᠦᠷᠭᠡ ᠪᠠ ᠬᠤᠯᠪᠣᠭᠠᠰᠤ ᠮᠥᠨ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠴᠢᠬᠤᠯᠠ ᠬᠦᠴᠦᠨ ᠮᠥᠨ᠃     198 . ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠨᠢ ᠶᠠᠭᠤ ᠪᠣᠢ︖    ᠱᠠᠰᠢᠨ ᠰᠤᠷᠲᠠᠬᠤᠨ ᠤ ᠠᠵᠢᠯ ᠢ ᠪᠣᠳᠠᠲᠠᠢ ᠰᠠᠶᠢᠲᠤᠷ ᠬᠢᠬᠦ ᠨᠢ ᠨᠠᠮ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠴᠢᠰᠤ ᠮᠢᠬᠠᠨ ᠤ ᠪᠠᠷᠢᠯᠳᠤᠯᠭ᠎ᠠ ᠲᠠᠢ ᠬᠤᠯᠪᠣᠭᠳᠠᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠲᠠᠢ ᠬᠤᠯᠪᠣᠭᠳᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠤᠯᠤᠰ ᠤᠨ ᠠᠮᠤᠷ ᠲᠦᠪᠰᠢᠨ ᠪᠣᠯᠣᠨ ᠨᠢᠭᠡᠳᠦᠯ ᠲᠠᠢ ᠬᠤᠯᠪᠣᠭᠳᠠᠵᠤ᠂ ᠮᠠᠨ ᠤ ᠤᠯᠤᠰ ᠪᠣᠯᠣᠨ ᠳᠡᠯᠡᠬᠡᠢ ᠶᠢᠨ ᠡᠯ᠎ᠡ ᠤᠯᠤᠰ ᠤᠨ ᠬᠤᠭᠤᠷᠣᠨᠳᠣᠬᠢ ᠨᠥᠬᠦᠷᠯᠡᠯ ᠤᠨ ᠪᠠᠬᠢᠵᠢᠯ ᠪᠠ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃    199. ᠨᠠᠮ ᠪᠣᠯᠣᠨ ᠱᠠᠰᠢᠨ ᠰᠤᠷᠲᠠᠬᠤᠨ ᠤ ᠡᠲᠡᠭᠡᠳ ᠤᠨ ᠬᠤᠭᠤᠷᠣᠨᠳᠣᠬᠢ ᠬᠠᠷᠢᠴᠠᠭ᠎ᠠ ᠶᠢ ᠰᠢᠢᠳᠪᠦᠷᠢᠯᠡᠬᠦ ᠵᠠᠷᠴᠢᠮ ᠨᠢ ᠶᠠᠭᠤ ᠪᠤᠢ︖     ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠲᠤᠷᠠᠯᠴᠠᠵᠤ᠂ ᠢᠲᠡᠭᠡᠯ ᠪᠢᠰᠢᠷᠡᠯ ᠤᠨ ᠲᠠᠯ᠎ᠠ ᠪᠠᠷ ᠬᠠᠷᠢᠯᠴᠠᠨ ᠬᠦᠨᠳᠦᠳᠬᠡᠨ᠎ᠡ᠃     200. ᠶᠠᠭᠤ ᠶᠢ ᠬᠤᠲᠠ ᠶᠢᠨ ᠦᠨᠳᠦᠰᠦᠲᠡᠨ ᠤ ᠠᠵᠢᠯ ᠭᠡᠬᠦ ᠪᠣᠢ︖    ᠬᠤᠳᠠ ᠶᠢᠨ ᠴᠥᠭᠡᠨ ᠲᠣᠭᠠᠲᠤ ᠦᠨᠳᠦᠰᠦᠲᠡᠨ ᠢᠶᠠᠷ ᠭᠤᠣᠯ ᠡᠳᠡᠭᠡᠳ ᠢᠶᠠᠨ ᠪᠣᠯᠭᠠᠭᠰᠠᠨ ᠦᠨᠳᠦᠰᠦᠲᠡᠨ ᠤ ᠠᠵᠢᠯ ᠵᠢᠴᠢ ᠬᠤᠳᠠ ᠶᠢᠨ ᠴᠢᠳᠠᠮᠵᠢ ᠲᠠᠢ ᠬᠤᠯᠪᠣᠭᠳᠠᠭᠰᠠᠨ ᠦᠨᠳᠦᠰᠦᠲᠡᠨ ᠤ ᠠᠵᠢᠯ ᠢ ᠵᠢᠭᠠᠵᠤ ᠪᠠᠶᠢᠨ᠎ᠠ᠃     201. ᠬᠤᠳᠠ ᠶᠢᠨ ᠦᠨᠳᠦᠰᠦᠲᠡᠨ ᠤ ᠠᠵᠢᠯ ᠤᠨ ᠬᠦᠴᠦᠯᠡᠬᠦ ᠴᠡᠭ ᠨᠢ ᠬᠠᠮᠢᠭ᠎ᠠ ᠪᠠᠶᠢᠬᠤ ᠪᠤᠢ︖    ᠬᠤᠳᠠ ᠶᠢᠨ ᠦᠨᠳᠦᠰᠦᠲᠡᠨ ᠤ ᠠᠵᠢᠯ ᠨᠢ ᠬᠦᠴᠦᠯᠡᠬᠦ ᠴᠡᠭ ᠢᠶᠠᠨ ᠨᠡᠶᠢᠭᠡᠮ ᠲᠣᠭᠤᠷᠢᠭ ᠲᠤ ᠲᠠᠯᠪᠢᠵᠤ᠂ ᠬᠠᠷᠢᠯᠴᠠᠨ ᠰᠢᠭᠢᠳᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠰᠡᠳᠬᠢᠯ ᠤᠨ ᠨᠠᠶᠢᠵᠠ ᠲᠠᠢ ᠪᠣᠯᠭᠠᠵᠤ ᠂ ᠡᠶ᠎ᠡ ᠨᠠᠶᠢᠷᠲᠠᠢ ᠬᠥᠷᠰᠢ ᠵᠡᠷᠭᠡᠯᠡᠳᠡᠭᠡ  ᠪᠤᠯᠭᠠᠵᠤ᠂ ᠰᠠᠶᠢᠨ ᠰᠠᠶᠢᠬᠠᠨ ᠤᠷᠤᠭ ᠪᠠᠷᠢᠯᠳᠤᠯᠭ᠎ᠠ ᠲᠠᠢ ᠪᠣᠯᠭᠠᠬᠤ ᠬᠡᠷᠡᠭᠲᠡᠢ᠃    202. ᠲᠠᠷᠬᠠᠨ ᠰᠠᠭᠤᠵᠤ ᠪᠠᠶᠢᠭ᠎ᠠ ᠪᠠ ᠬᠤᠳᠠ ᠶᠢᠨ ᠦᠨᠳᠦᠰᠦᠲᠡᠨ ᠤ ᠠᠵᠢᠯ᠂ ᠢᠯᠠᠩᠭᠤᠶ᠎ᠠ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠶᠠᠭᠤ ᠪᠤᠢ︖    ᠡᠭᠦᠨ ᠤ ᠵᠠᠩᠭᠢᠯᠠᠭ᠎ᠠ ᠨᠢ ᠨᠡᠬᠦᠨ ᠣᠷᠣᠬᠤ ᠭᠠᠵᠠᠷ ᠪᠠ ᠨᠡᠬᠦᠨ ᠭᠠᠷᠬᠤ ᠭᠠᠵᠠᠷ ᠤᠨ ᠬᠤᠶᠠᠷ ᠲᠠᠯ᠎ᠠ ᠶᠢ ᠵᠣᠯᠭᠠᠭᠤᠯᠬᠤ ᠶᠢ ᠰᠠᠶᠢᠲᠤᠷ ᠠᠳᠬᠤᠬᠤ ᠳᠤ ᠪᠠᠶᠢᠨ᠎ᠠ᠃    203. ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠦᠢᠯᠡᠴᠢᠯᠡᠭᠡᠨ ᠤ ᠲᠤᠭᠳᠠᠴᠠ ᠶᠢᠨ ᠦᠢᠯᠡᠴᠢᠯᠡᠬᠦ ᠡᠲᠡᠭᠡᠳ ᠪᠠ ᠦᠢᠯᠡᠴᠢᠯᠡᠬᠦ ᠠᠭᠤᠯᠭ᠎ᠠ ᠨᠢ ᠶᠠᠭᠤ ᠪᠣᠢ︖   ᠦᠢᠯᠡᠴᠢᠯᠡᠬᠦ ᠡᠲᠡᠭᠡᠳ ᠨᠢ ᠭᠤᠣᠯᠳᠠᠭᠤ ᠲᠠᠷᠬᠠᠨ ᠰᠠᠭᠤᠵᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠪᠠ ᠬᠤᠳᠠ ᠶᠢᠨ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠪᠣᠯᠣᠨ᠎ᠠ᠂ ᠦᠢᠯᠡᠴᠢᠯᠡᠬᠦ ᠠᠭᠤᠯᠭ᠎ᠠ ᠶᠢᠨ ᠭᠤᠣᠯᠳᠠᠯᠭ᠎ᠠ ᠨᠢ ︽ᠬᠥᠳᠡᠯᠮᠦᠷᠢ ᠠᠵᠢᠯ ᠣᠯᠭᠤᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠡᠷᠬᠡ ᠠᠰᠢᠭ ᠤᠨ ᠪᠠᠲᠤᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠰᠣᠶᠣᠯ ᠤᠨ ᠰᠣᠯᠢᠯᠴᠠᠭ᠎ᠠ᠂ ᠣᠨᠴᠠᠭᠠᠶ ᠬᠡᠷᠡᠭᠴᠡᠭᠡ ᠵᠡᠷᠭᠡ ᠲᠠᠯ᠎ᠠ ᠪᠠᠷ ᠬᠥᠲᠥᠯᠥᠨ ᠵᠢᠯᠤᠭᠤᠳᠬᠤ ᠪᠠ ᠬᠠᠪᠰᠤᠷᠬᠤ︾ ᠶᠠᠪᠤᠳᠠᠯ ᠪᠣᠯᠣᠨ᠎ᠠ᠃   204. ᠲᠠᠷᠬᠠᠨ ᠰᠠᠭᠤᠵᠤ ᠪᠠᠶᠢᠭ᠎ᠠ ᠪᠠ ᠬᠤᠳᠠ ᠶᠢᠨ ᠭᠠᠵᠠᠷ ᠣᠷᠣᠨ ᠤ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠳᠤ ᠠᠯᠢ ᠲᠦᠷᠪᠡᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠪᠤᠢ︖   ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ︔ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠢ ᠭᠠᠳᠠᠭᠤᠷᠴᠢᠯᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠭᠠᠳᠠᠭᠤᠷᠴᠢᠯᠠᠬᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠦᠨᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠬᠤ ᠪᠠ ᠬᠤᠷᠢᠭᠯᠠᠨ ᠵᠤᠭᠰᠤᠭᠠᠬᠤ ᠬᠡᠷᠡᠭᠳᠡᠢ︔ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠪᠠ ᠱᠠᠰᠢᠨ ᠰᠢᠲᠦᠯᠭᠡ ᠶᠢ ᠬᠦᠨᠳᠦᠳᠬᠡᠬᠦ ᠬᠡᠷᠡᠭᠳᠡᠢ︔ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠳᠤᠯᠠᠬᠤ ᠬᠡᠷᠡᠭᠳᠡᠢ᠃    205. ᠬᠠᠷᠢᠯᠴᠠᠨ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠪᠠᠶᠢᠭᠤᠯᠬᠤ ᠶᠢ ᠬᠡᠷᠬᠢᠨ ᠣᠶᠢᠯᠠᠭᠠᠬᠤ ᠪᠤᠢ︖    ︽ᠬᠠᠷᠢᠯᠴᠠᠨ ᠰᠢᠭᠢᠳᠦᠨ ᠣᠷᠣᠬᠤ︾ ᠭᠡᠳᠡᠭ ᠨᠢ ᠳᠠᠷᠤᠢ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠣᠷᠣᠰᠢᠨ ᠰᠠᠭᠤᠵᠤ᠂ ᠬᠠᠮᠲᠤ ᠪᠠᠷ ᠰᠤᠷᠤᠯᠴᠠᠵᠤ᠂ ᠬᠠᠮᠲᠤ ᠪᠠᠷ ᠠᠵᠢᠯᠯᠠᠵᠤ᠂ ᠬᠠᠮᠲᠤ ᠪᠠᠷ ᠵᠢᠷᠭᠠᠵᠤ᠂ ᠬᠠᠮᠲᠤ ᠪᠠᠷ ᠡᠳ᠋ᠯᠡᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠳᠦ ᠬᠠᠷᠢᠯᠴᠠᠨ ᠳᠣᠲᠣᠨᠣᠴᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢ ᠬᠡᠯᠡᠨ᠎ᠡ᠃     ᠪᠢ᠂ ᠮᠢᠨᠤ ᠳᠣᠲᠣᠷ᠎ᠠ ᠴᠢ ᠪᠠᠶᠢᠨ᠎ᠠ᠂ ᠬᠡᠨ ᠨᠢ ᠬᠡᠨ ᠠᠴᠠ ᠪᠠᠨ ᠰᠠᠯᠵᠤ ᠴᠢᠳᠠᠬᠤ ᠦᠭᠡᠢ᠃     206. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢᠨ ᠠᠭᠤᠯᠤᠭᠳᠠᠬᠤᠨ ᠨᠢ ᠶᠠᠭᠤ ᠪᠤᠢ︖   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠭᠤᠣᠯ ᠴᠣᠭᠴᠠ ᠪᠣᠯᠭᠠᠨ᠂ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠴᠢᠩᠭᠠᠳᠬᠠᠬᠤ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠲᠦᠭᠡᠯᠴᠢ ᠪᠠᠷ ᠠᠬᠢᠭᠤᠯᠬᠤ ᠦᠢᠯᠡᠳᠦᠯᠭᠡ ᠶᠢᠨ ᠶᠠᠪᠤᠴᠠ ᠮᠥᠨ᠃     207. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠬᠦᠭ ᠠᠶᠠᠰ ᠨᠢ ᠶᠠᠭᠤ ᠪᠤᠢ︖     ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠨ᠎ᠠ᠃     208 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠬᠠᠷᠠᠯᠲᠠ ᠨᠢ ᠶᠠᠭᠤ ᠪᠣᠢ︖     ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤᠪᠠᠷ ᠪᠡᠶᠡᠯᠡᠬᠦᠯᠦᠨ᠎ᠡ᠃     209. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠭᠤᠣᠯ ᠰᠡᠳᠦᠪ  ᠨᠢ ᠶᠠᠭᠤ ᠪᠤᠢ︖     ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠨ᠎ᠡ᠃     210. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠣᠶᠢᠯᠠᠭᠠᠭᠳᠠᠬᠤᠨ  ᠨᠢ ᠶᠠᠭᠤ ᠪᠤᠢ︖     ᠡᠩ ᠤᠨ ᠴᠠᠭ ᠢ ᠴᠢᠬᠤᠯᠠᠴᠢᠯᠠᠵᠤ᠂ ᠰᠡᠳᠬᠢᠯ   ᠢᠶᠠᠨ ᠰᠣᠯᠢᠯᠴᠠᠬᠤ   ᠶᠢ ᠴᠢᠬᠤᠯᠠᠴᠢᠯᠠᠵᠤ᠂ ᠦᠢᠯᠡ ᠠᠵᠢᠯᠯᠠᠭ᠎ᠠ   ᠶᠢ ᠴᠢᠬᠤᠯᠠᠴᠢᠯᠠᠵᠤ᠂ ᠦᠨᠳᠦᠰᠦᠨ ᠱᠠᠳᠤ ᠶᠢ ᠴᠢᠬᠤᠯᠠᠴᠢᠯᠠᠬᠤ ᠬᠡᠷᠡᠭᠲᠡᠢ᠃     211. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠨᠢ ᠶᠠᠭᠤ ᠪᠣᠢ︖     ᠰᠣᠶᠣᠯ ᠢᠷᠭᠡᠨᠰᠢᠯᠳᠡ᠂ ᠪᠣᠳᠠᠲᠤ ᠴᠤᠭᠴᠠᠵᠢᠯᠳᠠ᠂ ᠣᠯᠠᠨ ᠲᠦᠮᠡᠨᠴᠢᠯᠡᠯᠳᠡ᠃     212. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠴᠢᠭᠯᠡᠯ ᠨᠢ ᠶᠠᠭᠤ ᠪᠤᠢ︖     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠪᠠᠬᠢ ᠪᠤᠢ ᠪᠤᠯᠭᠠᠨ᠎ᠠ᠃     213. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠠᠷᠭ᠎ᠠ ᠵᠠᠮ ᠨᠢ ᠶᠠᠭᠤ ᠪᠣᠢ︖     ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠨ᠎ᠠ᠃     214. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠠᠴᠢᠶᠠᠯᠠᠪᠤᠷᠢ ᠨᠢ ᠶᠠᠭᠤ ᠪᠣᠢ︖   ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠢ ᠨᠡᠷᠡᠶᠢᠳᠬᠦ ᠪᠠ ᠣᠯᠠᠨ ᠶᠠᠩᠵᠤ ᠬᠡᠯᠪᠡᠷᠢ ᠲᠠᠢ ᠭᠤᠣᠯ ᠰᠡᠳᠦᠪᠲᠦ ᠠᠵᠢᠯᠯᠠᠭ᠎ᠠ ᠦᠷᠨᠢᠬᠦᠯᠬᠦ ᠪᠤᠯᠤᠨ᠎ᠠ᠃    215. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠶᠢᠨ ᠦᠨᠳᠦᠰᠦᠨ ᠵᠠᠷᠴᠢᠮ ᠨᠢ ᠶᠠᠭᠤ ᠪᠤᠢ︖   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠦᠨᠳᠦᠰᠦᠨ ᠴᠢᠭᠯᠡᠯ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ︔ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤᠪᠠᠷ ᠪᠡᠶᠡᠯᠡᠬᠦᠯᠬᠦ︾ ᠪᠠᠷ ᠶᠡᠷᠦᠩᠬᠡᠢ ᠬᠠᠷᠠᠯᠲᠠ ᠪᠠᠨ ᠪᠣᠯᠭᠠᠬᠤ ᠶᠢ ᠪᠠᠷᠢᠮᠳᠠᠯᠠᠬᠤ ᠬᠡᠷᠡᠭᠳᠡᠢ︔ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢ ᠪᠠᠷᠢᠮᠳᠠᠯᠠᠬᠤ ᠬᠡᠷᠡᠭᠳᠡᠢ︔ ᠨᠡᠶᠢᠭᠡᠮ ᠤᠨ ᠪᠦᠯᠬᠦᠮᠳᠡᠯ ᠤᠨ ᠵᠢᠮ᠎ᠡ ᠶᠣᠰᠣ ᠶᠢ ᠵᠢᠷᠤᠮᠯᠠᠨ ᠂ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠶᠢ ᠪᠠᠷᠢᠮᠲᠠᠯᠠᠬᠤ ᠬᠡᠷᠡᠭᠲᠡᠢ︔ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ ᠪᠦᠷᠢᠯᠳᠦᠬᠦᠯᠬᠦ ᠬᠡᠷᠡᠭᠳᠡᠢ᠃    216. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠬᠦ ᠶᠢᠨ ᠶᠡᠷᠦᠩᠬᠡᠢ ᠬᠠᠷᠠᠯᠲᠠ ᠨᠢ ᠶᠠᠭᠤ ᠪᠤᠢ︖    ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠪᠡᠶᠡᠯᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠪᠣᠯᠣᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠡᠩ ᠪᠠᠲᠤᠳᠬᠠᠬᠤ ᠬᠡᠷᠡᠭᠲᠡᠢ︔ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠷᠳᠡᠭ ᠤᠨ ᠣᠶᠢᠯᠠᠭᠠᠭᠳᠠᠬᠤᠨ ᠢ ᠥᠷᠭᠡᠨ ᠢᠶᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠨᠢᠭᠲᠠᠷᠠᠯ ᠤᠨ ᠬᠦᠴᠦᠨ ᠢ ᠲᠠᠰᠤᠷᠠᠯᠳᠠ ᠦᠭᠡᠢ ᠪᠠᠬᠢᠵᠢᠬᠦᠯᠬᠦ ᠬᠡᠷᠡᠭᠳᠡᠢ︔ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠶᠢ ᠮᠡᠳᠡᠭᠳᠡᠬᠦᠶᠢᠴᠡ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠡᠶ᠎ᠡ ᠨᠠᠶᠢᠷᠲᠠᠢ ᠬᠠᠮᠲᠤ ᠪᠠᠷ ᠣᠷᠣᠰᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠥᠭᠵᠢᠵᠦ᠂ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠵᠦ ᠬᠦᠭᠵᠢᠬᠦᠯᠬᠦ ᠬᠡᠷᠡᠭᠳᠡᠢ᠃    217. ᠬᠡᠷᠬᠢᠨ ᠭᠤᠣᠯ ᠰᠢᠵᠢᠮ ᠢ ᠴᠢᠩᠭ᠎ᠠ ᠠᠳᠬᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠤᠢ︖   ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠨᠢ ︽ᠲᠠᠪᠤᠨ ᠮᠡᠳᠡᠷᠡᠮᠵᠢ︾ ᠶᠢ ᠨᠡᠮᠡᠭᠳᠡᠭᠦᠯᠬᠦ ᠶᠢᠨ ᠲᠣᠭᠤᠷᠢᠨ ᠳᠤ ᠠᠭᠤᠯᠭ᠎ᠠ ᠪᠠᠨ ᠲᠥᠯᠥᠪᠵᠢᠭᠦᠯᠵᠦ᠂ ᠵᠢᠭᠰᠠᠭᠠᠯ ᠤᠨ ᠭᠠᠵᠠᠷ ᠢᠶᠠᠨ ᠥᠷᠭᠡᠳᠬᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ︔ ᠦᠨᠳᠦᠰᠦᠲᠡᠨ ᠤ ᠬᠦᠷᠢᠶ᠎ᠡ ᠴᠠᠷᠠᠭ᠎ᠠ ᠳᠠᠬᠢ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠳᠤ ᠠᠰᠢᠭᠲᠠᠢ ᠪᠠᠶᠢᠬᠤ ᠡᠰᠡᠬᠦ ᠲᠠᠢ ᠬᠠᠷᠢᠴᠠᠭᠤᠯᠵᠤ ᠪᠠᠶᠢᠭᠠᠳ ᠴᠠᠭ ᠲᠤᠬᠠᠢ ᠳᠤᠨᠢ ᠬᠦᠴᠦᠨ ᠦᠭᠡᠢ ᠪᠣᠯᠭᠠᠵᠤ ᠥᠭᠡᠷᠡᠴᠢᠯᠡᠨ ᠲᠤᠭᠳᠠᠭᠠᠵᠤ᠂ ᠲᠣᠬᠢᠷᠠᠭᠤᠯᠤᠨ ᠪᠦᠷᠢᠨᠰᠢᠬᠦᠯᠬᠦ ᠬᠡᠷᠡᠭᠳᠡᠢ︔ ᠰᠣᠶᠣᠯ ᠢ ᠤᠯᠠᠮᠵᠢᠯᠠᠬᠤ ᠪᠠ ᠪᠠᠳᠠᠷᠠᠭᠤᠯᠬᠤ ᠳᠤ ᠵᠥᠪᠬᠡᠨ ᠶᠠᠮᠠᠷ ᠨᠢᠭᠡᠨ ᠦᠨᠳᠦᠰᠦᠲᠡᠨ ᠤ ᠰᠣᠶᠣᠯ ᠢ ᠴᠢᠬᠤᠯᠠᠴᠢᠯᠠᠭᠠᠳ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠢᠯᠢᠳᠡᠭ ᠰᠣᠶᠣᠯ ᠢ ᠣᠮᠲᠣᠭᠠᠶᠢᠯᠠᠵᠤ ᠪᠣᠯᠬᠤ ᠦᠭᠡᠢ︔ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠨᠢ ᠬᠠᠷᠢᠯᠴᠠᠨ ᠰᠢᠭᠢᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠨᠦᠭᠦᠳ ᠤᠨ ᠣᠷᠣᠨ ᠵᠠᠢ ᠶᠢᠨ ᠲᠠᠯ᠎ᠠ ᠪᠠᠷ ᠬᠢ ᠬᠦᠷᠦᠯᠴᠡᠭᠡ᠂ ᠠᠵᠤ ᠠᠬᠤᠢ ᠶᠢᠨ ᠲᠠᠯ᠎ᠠ ᠪᠠᠷ ᠬᠢ ᠬᠠᠷᠢᠯᠴᠠᠭ᠎ᠠ ᠪᠠ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠢ ᠣᠶᠢᠷᠠᠲᠤᠯᠴᠠᠭ᠎ᠠ ᠶᠢ ᠨᠢᠭᠲᠠᠷᠠᠭᠤᠯᠬᠤ ᠪᠠᠷ ᠭᠤᠣᠯᠳᠠᠯᠭ᠎ᠠ ᠪᠣᠯᠭᠠᠬᠤ ᠬᠡᠷᠡᠭᠲᠡᠢ︔ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠭᠤᠯᠤᠭᠳᠠᠬᠤᠨ ᠣᠯᠭᠤᠵᠤ᠂ ᠡᠯᠪᠡᠭ ᠪᠠᠶᠠᠯᠢᠭ ᠪᠣᠳᠠᠰ ᠤᠨ ᠦᠷ᠎ᠡ ᠪᠦᠲᠦᠭᠡᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠬᠤ ᠤᠶᠤᠨ ᠰᠠᠨᠠᠭᠠᠨ ᠤ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃     218. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ︽ᠰᠤᠶᠤᠯ ᠢᠷᠭᠡᠨᠰᠢᠯᠳᠡ︾ ᠶᠢ ᠬᠡᠷᠬᠢᠨ ᠠᠬᠢᠭᠤᠯᠬᠤ ᠪᠤᠢ︖    ᠡᠭᠦᠳᠦᠨ ᠪᠠᠶᠢᠭᠤᠯᠬᠤ ᠠᠵᠢᠯᠯᠠᠭ᠎ᠠ ᠶᠢᠨ ︽ᠰᠤᠶᠤᠯ ᠢᠷᠭᠡᠨᠰᠢᠯᠳᠡ︾ ᠶᠢ ᠠᠬᠢᠭᠤᠯᠬᠤ ᠳᠤ ︽ᠰᠤᠶᠤᠯ ᠢᠷᠭᠡᠨᠰᠢᠯᠳᠡ︾ ᠪᠠᠷ ᠵᠢᠯᠣᠭᠤᠳᠤᠮᠵᠢ ᠪᠣᠯᠭᠠᠵᠤ᠂ ᠠᠷᠠᠳ ᠤᠯᠠᠨ ᠤ ᠠᠰᠢᠭ ᠲᠤᠰᠠ ᠳᠤ ᠨᠡᠶᠢᠴᠡᠭᠦᠯᠬᠦ᠂ ᠠᠷᠠᠳ ᠤᠯᠠᠨ ᠤ ᠬᠡᠷᠡᠭᠴᠡᠭᠡ ᠶᠢ ᠬᠠᠩᠭᠠᠬᠤ ᠪᠠᠷ ᠮᠠᠨ ᠤ ᠠᠯᠢᠪᠠ ᠠᠵᠢᠯ ᠤᠨ ᠢᠶᠠᠨ ᠡᠭᠦᠰᠦᠯᠲᠡ ᠪᠣᠯᠭᠠᠵᠤ᠂ ᠬᠥᠮᠥᠨ ᠢ ᠬᠠᠯᠠᠮᠵᠢᠯᠠᠬᠤ᠂ ᠬᠥᠮᠥᠨ ᠢ ᠬᠦᠨᠳᠦᠳᠬᠡᠬᠦ᠂ ᠬᠥᠮᠥᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠶᠢᠨ ᠭᠤᠣᠯᠳᠠᠯᠭ᠎ᠠ ᠪᠠ ᠬᠦᠴᠦᠯᠡᠬᠦ ᠴᠡᠭ ᠪᠣᠯᠭᠠᠬᠤ ᠬᠡᠷᠡᠭᠲᠡᠢ᠃     219. ᠶᠠᠭᠤ ᠶᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ︽ᠪᠤᠳᠠᠳᠤ ᠴᠤᠭᠴᠠᠵᠢᠯᠳᠠ︾ ᠭᠡᠬᠦ ᠪᠤᠢ︖    ︽ᠪᠤᠳᠠᠳᠤ ᠴᠤᠭᠴᠠᠵᠢᠯᠳᠠ︾ ᠭᠡᠳᠡᠭ ᠨᠢ ᠳᠠᠷᠤᠢ ᠠᠭᠤᠯᠭ᠎ᠠ᠂ ᠬᠡᠯᠪᠡᠷᠢ᠂ ᠠᠴᠢᠶᠠᠯᠠᠪᠤᠷᠢ᠂ ᠠᠷᠭ᠎ᠠ ᠵᠡᠷᠭᠡ ᠲᠠᠯ᠎ᠠ ᠪᠠᠷ ᠦᠨᠡᠨ ᠪᠣᠳᠠᠲᠠᠢ ᠪᠠᠶᠢᠵᠤ᠂ ᠤᠯᠠᠨ ᠲᠦᠮᠡᠨ ᠤ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠬᠤ ᠶᠢ ᠬᠡᠯᠡᠵᠦ ᠪᠠᠶᠢᠨ᠎ᠠ᠃     220 . ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠬᠡᠷᠬᠢᠨ ︽ᠤᠯᠠᠨ ᠲᠦᠮᠡᠨᠴᠢᠯᠡᠯᠳᠡ︾ ᠶᠢ ᠪᠡᠶᠡᠯᠡᠭᠦᠯᠬᠦ ᠪᠤᠢ︖     ︽ᠤᠯᠠᠨ ᠲᠦᠮᠡᠨᠴᠢᠯᠡᠯᠳᠡ︾ ᠭᠡᠳᠡᠭ ᠨᠢ ᠳᠠᠷᠤᠢ ᠬᠢᠯᠪᠠᠷᠴᠢᠯᠠᠬᠤ᠂ ᠪᠣᠳᠠᠲᠠᠶᠢᠵᠢᠭᠤᠯᠬᠤ᠂ ᠠᠮᠢᠳᠤᠷᠠᠯᠴᠢᠯᠠᠬᠤ ᠶᠢ ᠬᠡᠯᠡᠵᠦ ᠪᠠᠶᠢᠨ᠎ᠠ᠂ ᠡᠭᠦᠨ ᠢ ᠠᠷᠠᠳ ᠤᠯᠠᠨ ᠳᠤ ᠨᠡᠩ ᠰᠠᠶᠢᠨ ᠣᠶᠢᠯᠠᠭᠠᠭᠤᠯᠵᠤ᠂ ᠨᠡᠩ ᠰᠠᠶᠢᠨ ᠬᠦᠯᠢᠶᠡᠨ ᠠᠪᠤᠭᠤᠯᠬᠤ ᠶᠠᠪᠤᠳᠠᠯ ᠪᠣᠯᠣᠨ᠎ᠠ᠃ ᠲᠤᠬᠠᠶᠢᠯᠠᠪᠠᠯ᠄ ᠡᠭᠦᠳᠦᠨ ᠪᠠᠶᠢᠭᠤᠯᠬᠤ ᠠᠭᠤᠯᠭ᠎ᠠ ᠶᠢᠨ ᠲᠠᠯ᠎ᠠ ᠪᠠᠷ᠂ ᠪᠣᠳᠠᠲᠤ ᠪᠠᠶᠢᠳᠠᠯ ᠳᠤ ᠣᠶᠢᠷᠠᠲᠤᠭᠤᠯᠵᠤ᠂ ᠠᠮᠢᠳᠤᠷᠠᠯ ᠳᠤ ᠣᠶᠢᠷᠠᠲᠤᠭᠤᠯᠵᠤ᠂ ᠤᠯᠠᠨ ᠲᠦᠮᠡᠨ ᠳᠤ ᠣᠶᠢᠷᠠᠲᠤᠭᠤᠯᠬᠤ ᠬᠡᠷᠡᠭᠲᠡᠢ︔ ᠡᠭᠦᠳᠦᠨ ᠪᠠᠶᠢᠭᠤᠯᠬᠤ ᠬᠡᠯᠪᠡᠷᠢ ᠶᠢᠨ ᠲᠠᠯ᠎ᠠ ᠪᠠᠷ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠬᠡᠯᠪᠡᠷᠢ ᠪᠠ ᠠᠷᠭ᠎ᠠ ᠮᠠᠶ᠋ᠢᠭ ᠢ ᠬᠡᠷᠡᠭᠯᠡᠬᠦ ᠬᠡᠷᠡᠭᠲᠡᠢ︔ ᠡᠭᠦᠳᠦᠨ ᠪᠠᠶᠢᠭᠤᠯᠬᠤ ᠠᠷᠭ᠎ᠠ ᠶᠢᠨ ᠲᠠᠯ᠎ᠠ ᠪᠠᠷ᠂ ᠡᠭᠦᠳᠦᠨ ᠪᠠᠶᠢᠭᠤᠯᠬᠤ ᠠᠵᠢᠯᠯᠠᠭ᠎ᠠ ᠬᠢᠭᠡᠳ ᠨᠡᠶᠢᠭᠡᠮ ᠤᠨ ᠰᠡᠳᠬᠢᠴᠡ ᠶᠢᠨ ᠤᠶᠠᠯᠳᠤᠯ ᠤᠨ ᠴᠡᠭ᠂ ᠦᠨᠳᠦᠰᠦᠲᠡᠨ ᠤ ᠰᠡᠳᠬᠢᠯᠭᠡ ᠶᠢᠨ ᠬᠠᠮᠲᠤ ᠶᠢᠨ ᠶᠠᠷᠢᠯᠴᠠᠭᠠᠨ ᠤ ᠴᠡᠭ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢᠨ ᠤᠶᠠᠯᠳᠤᠯ ᠤᠨ ᠴᠡᠭ ᠢ ᠣᠨᠣᠪᠴᠢᠲᠠᠶ ᠡᠷᠢᠵᠦ ᠣᠯᠬᠤ ᠬᠡᠷᠡᠭᠲᠡᠢ᠃      221. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠳᠤ ᠶᠠᠮᠠᠷ ᠬᠡᠳᠦᠨ ᠵᠦᠢᠯ ᠤᠨ ᠬᠡᠯᠪᠡᠷᠢ ᠪᠠᠶᠢᠬᠤ ᠪᠤᠢ︖    ᠲᠡᠷᠢᠭᠦᠨ ᠤ ᠬᠢ ᠶᠢ ᠡᠬᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠥᠷᠭᠡᠨ ᠲᠡᠯᠭᠡᠷ ᠦᠷᠨᠢᠬᠦᠯᠦᠨ᠎ᠡ︔ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠠᠶᠢᠰᠢᠶᠠᠨ ᠬᠦᠬᠢᠬᠦᠯᠦᠨ᠎ᠡ︔ ᠦᠨᠳᠦᠰᠦᠲᠡᠨ ᠤ ᠪᠦᠯᠬᠦᠮᠳᠡᠯ ᠤᠨ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ︔ ᠡᠯ᠎ᠡ ᠵᠦᠢᠯ ᠤᠨ ᠬᠡᠯᠪᠡᠷᠢ ᠶᠢᠨ ᠲᠤᠰᠬᠠᠢ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠢ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠦᠨ᠎ᠡ︔ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃     222. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠳᠤ ᠶᠠᠮᠠᠷ ᠬᠡᠳᠦᠨ ᠲᠠᠯ᠎ᠠ ᠶᠢ ᠪᠠᠭᠲᠠᠭᠠᠬᠤ ᠪᠤᠢ︖   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠦᠮᠦᠵᠢᠯ ᠢ ᠴᠢᠩᠭᠠᠳᠬᠠᠨ᠎ᠠ︔ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠦᠨ᠎ᠡ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠪᠠᠶᠢᠩᠭᠤ ᠶᠢᠨ ᠲᠣᠭᠲᠠᠴᠠ ᠶᠢ ᠲᠡᠬᠦᠯᠳᠡᠷᠵᠢᠬᠦᠯᠦᠨ᠎ᠡ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠴᠢᠶᠠᠯᠠᠪᠤᠷᠢ ᠪᠠ ᠠᠷᠭ᠎ᠠ ᠮᠠᠶ᠋ᠢᠭ ᠢ ᠦᠬᠡᠷᠡᠴᠢᠯᠡᠨ ᠰᠠᠶᠢᠵᠢᠷᠠᠭᠤᠯᠤᠨ᠎ᠠ︔ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠦᠯᠵᠢᠶᠡᠨ ᠤ ᠣᠷᠣᠨ ᠵᠠᠢ ᠶᠢ ᠦᠷᠭᠡᠳᠭᠡᠨ᠎ᠡ᠃     223. ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠦᠷᠪᠡᠨ ᠵᠦᠢᠯ ᠤᠨ ᠰᠤᠷᠭᠠᠨ ᠬᠥᠮᠦᠵᠢᠯ ᠭᠡᠵᠦ ᠶᠠᠭᠤ ᠪᠤᠢ︖     ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠤᠨᠤᠯ ᠪᠠ ᠦᠨᠳᠦᠰᠦᠲᠡᠨ ᠤ ᠮᠡᠳᠡᠯᠭᠡ ᠶᠢᠨ ᠬᠥᠮᠦᠵᠢᠯ ᠪᠤᠯᠤᠨ᠎ᠠ᠃     224 . ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ ᠴᠢᠩᠭᠠᠳᠬᠠᠬᠤ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠶᠠᠭᠤ ᠪᠤᠢ︖     ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ︔ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠨ᠎ᠠ︔ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃     225. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠣᠨᠴᠠᠯᠢᠭ ᠨᠢ ᠶᠠᠭᠤ ᠪᠤᠢ     ᠲᠣᠳᠣᠷᠬᠠᠢ ᠵᠣᠷᠢᠯᠭᠠᠲᠤ ᠴᠢᠨᠠᠷ᠂ ᠥᠷᠭᠡᠨ ᠳᠡᠯᠭᠡᠷᠡᠩᠭᠦᠢ ᠤᠯᠠᠨ ᠲᠦᠮᠡᠨᠴᠢ ᠴᠢᠨᠠᠷ᠂ ᠢᠯᠡ ᠲᠣᠳᠣ ᠴᠠᠭ ᠦᠶᠡᠴᠢ ᠴᠢᠨᠠᠷ᠂ ᠬᠡᠯᠪᠡᠷᠢ ᠶᠢᠨ ᠤᠯᠠᠨ ᠶᠠᠩᠵᠤᠲᠤ ᠴᠢᠨᠠᠷ᠂ ᠥᠨᠢᠳᠡ ᠶᠢᠨ ᠰᠢᠨ᠎ᠡ ᠶᠢ ᠡᠭᠦᠳᠬᠦ ᠴᠢᠨᠠᠷ᠂ ᠦᠨᠡᠨ ᠪᠣᠳᠠᠲᠠᠢ ᠬᠠᠨᠳᠤᠯᠭᠠᠲᠤ ᠴᠢᠨᠠᠷ ᠵᠡᠷᠭᠡ ᠪᠣᠯᠣᠨ᠎ᠠ᠃     226. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯᠳᠤᠭᠠᠨ ᠠᠴᠠ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ︽ᠲᠦᠷᠪᠡᠨ ᠬᠦᠴᠦᠯᠡᠬᠦ︾ ᠭᠡᠵᠦ ᠳᠤᠷᠠᠳᠤᠨ ᠭᠠᠷᠭᠠᠭᠰᠠᠨ ᠨᠢ ᠶᠠᠭᠤ ᠪᠤᠢ︖    ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠯᠬᠤᠴᠠ ᠶᠢ ᠬᠦᠴᠦᠯᠡᠨ ᠲᠦᠷᠭᠡᠳᠬᠡᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠠᠷᠠᠳ ᠲᠦᠮᠡᠨ ᠤ ᠵᠣᠯ ᠵᠢᠷᠭᠠᠯ ᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号