ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠮᠠᠨ ᠤ ᠬᠤᠰᠢᠭᠤᠨ ᠤ ᠠᠷᠭ᠎ᠠ ᠬᠢᠳᠠᠯ ᠪᠠ ᠬᠦᠷᠳᠡᠭᠰᠡᠨ ᠢᠷᠠᠭᠤ ᠠᠯᠳᠠᠷ
ᠨᠡᠶᠢᠲᠡᠯᠡᠭᠰᠡᠨ ᠴᠠᠭ᠄
2023/6/7
      1. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠮᠠᠨ ᠤ ᠬᠤᠰᠢᠭᠤ ᠶᠠᠮᠠᠷ ᠶᠠᠮᠠᠷ ᠢᠷᠠᠭᠤ ᠠᠯᠳᠠᠷ ᠢ ᠬᠦᠷᠲᠡᠵᠦ ᠥᠩᠭᠡᠷᠡᠭᠰᠡᠨ ᠪᠣᠶ︖          1983 ᠣᠨ ᠳᠤ ᠪᠦᠬᠦ ᠣᠷᠣᠨ ᠤ ᠠᠩᠬᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ︔      1988 ᠣᠨ ᠳᠤ ᠪᠦᠬᠦ ᠣᠷᠣᠨ ᠤ ᠬᠤᠶᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ︔      1999 ᠣᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ︔      2002 ᠣᠨ ᠳᠤ ᠪᠦᠬᠦ ᠣᠷᠣᠨ ᠤ ᠵᠢᠷᠭᠤᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ︔      2007 ᠣᠨ ᠳᠤ ᠪᠦᠬᠦ ᠣᠷᠣᠨ ᠤ ᠳᠣᠯᠣᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠪᠡ︔᡽      2016 ᠣᠨ ᠳᠤ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠬᠤᠰᠢᠭᠤ ᠪᠠᠷ ᠦᠨᠡᠯᠡᠭᠳᠡᠪᠡ︔     2018 ᠣᠨ ᠳᠤ ᠠᠮᠢ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠭᠰᠡᠨ ᠪᠤᠳᠠᠳᠤ ᠵᠢᠱᠢᠶ᠎ᠡ ᠨᠢ ᠳᠤᠮᠳᠠᠳᠤ ᠤᠯᠤᠰ ᠤᠨ ᠤᠯᠠᠨ ᠤᠯᠤᠰ ᠤᠨ ᠶᠠᠳᠠᠭᠤ ᠶᠢ ᠲᠡᠳᠬᠦᠬᠦ ᠲᠥᠪ᠂ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠰᠣᠨᠢᠨ ᠮᠡᠳᠡᠭᠡᠨ ᠤ ᠲᠥᠪ᠂ ᠳᠡᠯᠡᠬᠡᠢ ᠶᠢᠨ ᠪᠠᠩᠬᠢ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠬᠠᠮᠲᠤᠷᠠᠨ ᠡᠭᠦᠰᠬᠡᠨ ᠪᠠᠶᠢᠭᠤᠯᠤᠭᠰᠠᠨ ︽ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠪᠤᠳᠠᠳᠤ ᠵᠢᠱᠢᠶ᠎ᠡ ᠶᠢ ᠱᠠᠩᠨᠠᠯ ᠲᠠᠢ ᠡᠯᠰᠡᠬᠦ ᠠᠵᠢᠯᠯᠠᠭ᠎ᠠ︾ ᠳᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠰᠢᠯᠢᠳᠡᠭ ᠵᠢᠱᠢᠶ᠎ᠡ ᠪᠠᠷ ᠰᠣᠩᠭᠤᠭᠳᠠᠵᠤ᠂ 2019 ᠣᠨ ᠤ 5 ᠰᠠᠷ᠎ᠠ ᠶᠢᠨ 15  ᠤ ᠡᠳᠦᠷ ᠢᠲ᠋ᠠᠯᠢ ᠶᠢᠨ ᠷᠣᠮᠠ ᠳᠤ ᠬᠤᠷᠠᠯᠳᠤᠭᠰᠠᠨ 2019 ᠣᠨ ᠤ ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠬᠠᠨᠢᠲᠠᠨ ᠤ ᠰᠤᠳᠤᠯᠤᠨ ᠶᠠᠷᠢᠯᠴᠠᠬᠤ ᠬᠤᠷᠠᠯ ᠲᠡᠭᠡᠷ᠎ᠡ᠂ ᠨᠡᠶᠢᠳᠡᠯᠢᠭ ᠶᠠᠷᠢᠶ᠎ᠠ ᠢᠯᠡᠳᠭᠡᠯ ᠬᠢᠪᠡ︔      2019 ᠣᠨ ᠳᠤ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ ᠢ ᠬᠦᠷᠳᠡᠪᠡ︔      2021 ᠣᠨ ᠳᠤ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠡᠷ ᠢ ᠬᠦᠷᠳᠡᠪᠡ︔         2. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠮᠠᠨ ᠤ ᠬᠤᠰᠢᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖       ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠬᠦᠴᠦᠨ ᠢ ᠪᠥᠬᠦ ᠲᠠᠯ᠎ᠠ ᠪᠠᠷ ᠴᠢᠩᠭᠠᠳᠬᠠᠵᠤ᠂ ᠰᠢᠨ᠎ᠡ ᠶᠢ ᠡᠭᠦᠳᠬᠦ ᠴᠢᠨᠠᠷᠲᠠᠢ ᠪᠠᠷ ᠪᠥᠬᠦ ᠬᠤᠰᠢᠭᠤᠨ ᠤ ᠡᠯ᠎ᠡ ᠨᠠᠮ ︵ᠠᠵᠢᠯ ᠤᠨ ᠵᠦᠪᠯᠡᠯ︶ ᠤᠨ  ᠬᠤᠷᠢᠶ᠎ᠠ᠂ ᠨᠠᠮ ᠤᠨ ᠡᠭᠦᠷ ᠲᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠵᠤ᠂ ᠪᠥᠬᠦ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠳᠦᠨ ᠪᠠᠶᠢᠭᠤᠯᠬᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠥᠨ ᠲᠠᠢ ᠪᠠᠶᠢᠬᠤ ᠶᠢ ᠪᠠᠳᠤᠯᠠᠪᠠ᠃     ᠪᠥᠬᠦ ᠬᠤᠰᠢᠭᠤᠨ ᠳᠤ ︽ᠠᠨᠠᠷ ᠤᠨ ᠦᠷ᠎ᠡ︾ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠬᠦᠯᠵᠦ᠂ 47 ᠵᠦᠢᠯ ᠤᠨ ᠪᠣᠳᠠᠲᠠᠢ ᠡᠭᠦᠷᠭᠡ ᠶᠢ ᠬᠠᠮᠤᠷᠴᠤ᠂ ᠡᠭᠦᠳᠦᠨ ᠪᠠᠶᠢᠭᠤᠯᠬᠤ ᠠᠵᠢᠯ ᠤᠨ ᠰᠢᠰᠲ᠋ᠧᠮ ᠲᠠᠢ ᠭᠦᠨᠵᠡᠭᠡᠢ ᠥᠷᠨᠢᠬᠦ ᠶᠢ ᠠᠬᠢᠭᠤᠯᠪᠠ᠃    ᠪᠠᠶᠢᠩᠭᠤᠵᠢᠭᠰᠠᠨ ᠡᠭᠦᠳᠦᠨ ᠪᠠᠶᠢᠭᠤᠯᠬᠤ ᠲᠣᠭᠲᠠᠴᠠ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠨᠠᠮ ᠢ ᠴᠢᠩᠭ᠎ᠠ ᠵᠠᠰᠠᠬᠤ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠤᠷᠤᠭᠤᠯᠵᠤ᠂ ᠭᠤᠣᠯᠳᠠᠯᠭ᠎ᠠ ᠲᠠᠢ ᠨᠢᠭᠡᠴᠡ ᠲᠠᠯᠠᠪᠤᠷ ᠢ ᠡᠭᠦᠳᠦᠨ ᠪᠠᠶᠢᠭᠤᠯᠬᠤ ᠠᠵᠢᠯ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃         3. ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠲᠠᠭᠤᠷᠢᠶᠠᠯ ᠨᠢᠭᠡᠴᠡ ᠰᠢᠯᠭᠠᠷᠠᠭᠤᠯᠬᠤ ︽ᠨᠠᠢᠮᠠᠨ ᠨᠢᠭᠡ︾ ᠶᠢᠨ ᠪᠠᠷᠢᠮᠵᠢᠶ᠎ᠠ ᠨᠢ ᠶᠠᠭᠤ ᠪᠤᠢ︖       ︵ᠨᠢᠭᠡ︶ ᠨᠢᠭᠡ ᠰᠢᠯᠢᠳᠡᠭ ᠲᠠᠶᠢᠯᠪᠤᠷᠢᠯᠠᠭᠴᠢ ᠬᠥᠮᠥᠵᠢᠭᠦᠯᠦᠨ᠎ᠡ᠃     ︵ᠬᠤᠶᠠᠷ︶ ᠨᠢᠭᠡ ᠢᠵᠢ ᠴᠢᠨᠠᠷ ᠰᠠᠶᠢᠲᠠᠢ ᠲᠤᠰᠬᠠᠢ ᠰᠡᠳᠦᠪᠲᠦ ᠹᠢᠯᠢᠮ ︵ᠪᠤᠶᠤ PPT︶ ᠦᠢᠯᠡᠳᠦᠨ᠎ᠡ᠃     ︵ᠭᠤᠷᠪᠠ︶ ᠨᠢᠭᠡ ᠬᠤᠪᠢ ᠨᠠᠷᠢᠯᠢᠭ ᠪᠤᠯᠪᠠᠰᠤᠷᠠᠩᠭᠤᠢ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠪᠢᠴᠢᠨ᠎ᠠ᠃     ︵ᠳᠥᠷᠪᠡ︶ ᠨᠢᠭᠡ ᠢᠵᠢ ᠪᠦᠷᠢᠨ ᠲᠥᠬᠦᠷ ᠳᠠᠩᠰᠠ ᠡᠪᠬᠡᠮᠡᠯ ᠤᠨ ᠮᠠᠲ᠋ᠧᠷᠢᠶᠠᠯ ᠡᠮᠬᠢᠯᠡᠨ᠎ᠡ᠃     ︵ᠲᠠᠪᠤ︶ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃     ︵ᠵᠢᠷᠭᠤᠭ᠎ᠠ︶ ᠨᠢᠭᠡᠨ ᠲᠡᠷᠢᠬᠦᠨ ᠤ ᠨᠡᠶᠢᠲᠡᠯᠢᠭ ᠵᠢᠱᠢᠶ᠎ᠡ ᠶᠢ ᠪᠤᠢ ᠪᠤᠯᠭᠠᠨ᠎ᠠ᠃     ︵ᠳᠣᠯᠤᠭ᠎ᠠ︶ ᠨᠢᠭᠡᠨ ᠲᠣᠪᠣᠶᠢᠮ᠎ᠠ ᠠᠵᠢᠯ ᠤᠨ ᠬᠢᠯᠠᠰ ᠴᠡᠭ ᠢ ᠢᠯᠡᠷᠡᠭᠦᠯᠦᠨ᠎ᠡ᠃     ︵ᠨᠠᠢᠮᠠ︶ ᠨᠢᠭᠡᠨ ᠢᠵᠢ ᠢᠯᠭᠤᠮ ᠤᠷᠤᠭᠰᠢᠲᠠᠢ ᠲᠣᠭᠤᠷᠢᠨ ᠦᠵᠡᠬᠦ ᠶᠠᠪᠤᠴᠠ ᠶᠢ ᠵᠢᠷᠤᠭᠯᠠᠨ ᠲᠥᠯᠥᠪᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号