ᠦᠰᠦᠭ ᠪᠢᠴᠢᠭ ᠤᠨ ᠲᠠᠶᠢᠯᠤᠮᠵᠢ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ
ᠨᠡᠶᠢᠲᠡᠯᠡᠭᠰᠡᠨ ᠴᠠᠭ᠄
2023/7/13
   ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠯᠬᠤᠴᠠ ᠶᠢ ᠲᠦᠷᠭᠡᠳᠭᠡᠵᠦ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠲᠠᠢ ᠢᠳᠡᠪᠬᠢᠳᠡᠢ ᠵᠤᠯᠭᠠᠵᠤ᠂ ᠵᠡᠭᠦᠨ ᠬᠤᠶᠢᠲᠤ ᠣᠷᠣᠨ ᠤ ᠠᠵᠤ ᠠᠬᠤᠢ ᠶᠢᠨ ᠨᠢᠭᠡ ᠴᠤᠭᠴᠠᠵᠢᠯᠳᠠ ᠲᠠᠢ ᠲᠦᠷᠦᠬᠦᠯᠡᠨ ᠠᠭᠤᠰᠤᠯᠴᠠᠨ᠂ ᠭᠠᠳᠠᠭᠠᠳᠤ ᠨᠡᠭᠡᠭᠡᠯᠲᠡ ᠶᠢ ᠪᠥᠬᠦ ᠲᠠᠯ᠎ᠠ ᠪᠠᠷ ᠥᠷᠭᠡᠳᠬᠡᠵᠦ᠂ ᠪᠡᠯᠡ ᠣᠷᠣᠭᠤᠯᠤᠭᠴᠢᠳ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠪᠡᠯᠡ ᠣᠷᠣᠭᠤᠯᠤᠨ ᠦᠢᠯᠡᠰ ᠴᠣᠭᠴᠠᠯᠠᠬᠤ ᠶᠢ ᠵᠤᠷᠢᠭᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠣᠳᠠᠲᠠᠢ ᠲᠠᠢ ᠤᠶᠠᠯᠳᠤᠭᠤᠯᠤᠨ᠂ ᠣᠨᠴᠠᠭᠠᠶᠢᠯᠠᠨ ᠳᠣᠣᠷᠠᠬᠢ ᠮᠡᠲᠦ ᠲᠥᠷᠥ ᠶᠢᠨ ᠪᠣᠳᠣᠯᠭ᠎ᠠ ᠶᠢ ᠲᠣᠭᠲᠠᠭᠠᠪᠠ᠄     ᠨᠢᠭᠡᠳᠦᠭᠡᠷ ᠵᠦᠢᠯ   ᠲᠤᠰ ᠲᠥᠷᠥ ᠶᠢᠨ ᠪᠣᠳᠣᠯᠭ᠎ᠠ ᠶᠢᠨ ᠲᠡᠮᠵᠢᠯᠭᠡ ᠶᠢ ᠬᠦᠷᠳᠡᠬᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ︵ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠪᠠᠭᠲᠠᠨ᠎ᠠ︶ ᠨᠢ ᠰᠢᠨ᠎ᠡ ᠪᠠᠷ ᠪᠠᠶᠢᠭᠤᠯᠬᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ︵ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠡᠷᠭᠡ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 3000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠬᠦᠷᠲᠡᠯ᠎ᠡ ᠠᠭᠤᠵᠢᠭᠤ ᠲᠠᠯᠪᠢᠨ᠎ᠠ︶ ᠪᠤᠯᠤᠨ᠎ᠠ᠂ ᠲᠥᠷᠥᠯ ᠵᠦᠢᠯ ᠢ ᠭᠡᠷ᠎ᠡ ᠶᠢᠨ ᠪᠣᠯᠵᠤᠭ᠎ᠠ ᠶᠣᠰᠣᠭᠠᠷ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠬᠤ ᠬᠡᠷᠡᠭᠲᠡᠢ᠃ ᠲᠥᠷᠥᠯ ᠵᠦᠢᠯ ᠳᠤ ᠬᠡᠷᠡᠭᠯᠡᠬᠦ ᠭᠠᠵᠠᠷ ᠨᠢ ᠡᠷᠬᠡᠪᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠰᠠᠭᠤᠷᠢ ᠪᠡᠯᠡᠳᠬᠡᠮᠵᠢ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ᠂ PPP ᠶᠢᠨ ᠬᠠᠮᠢᠶ᠎ᠠ ᠪᠦᠬᠦᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠵᠢᠴᠢ ᠡᠬᠢ ᠪᠠᠶᠠᠯᠢᠭ ᠤᠨ ᠲᠥᠷᠥᠯ ᠤᠨ ᠪᠡᠯᠡ ᠣᠷᠣᠭᠤᠯᠤᠯᠲᠠ ᠵᠡᠷᠭᠡ ᠲᠥᠷᠥᠯ ᠵᠦᠢᠯ  ᠲᠣᠰ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠬᠦ ᠦᠭᠡᠢ᠃     ᠬᠤᠶᠠᠳᠤᠭᠠᠷ ᠵᠦᠢᠯ   ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥᠯ ᠵᠦᠢᠯ ᠤᠨ ᠲᠡᠳᠬᠦᠨ ᠳᠡᠮᠵᠢᠬᠦ ᠪᠡᠯᠡ ᠮᠥᠩᠭᠦ ᠪᠠᠶᠢᠭᠤᠯᠵᠤ᠂ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ ᠠᠵᠤ ᠠᠬᠤᠶᠢᠯᠠᠯ ᠭᠠᠶᠢᠯᠢ ᠲᠤᠰᠢᠶᠠᠬᠤ ᠣᠷᠣᠯᠭ᠎ᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ᠂ 1 ᠠᠴᠠ 6 ᠵᠢᠯ ᠳᠤ ᠬᠤᠰᠢᠭᠤᠨ ᠤ ᠲᠣᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ 50% ᠢᠶᠠᠷ ᠨᠢ ᠲᠥᠰᠥᠪ ᠤᠨ ᠬᠢᠵᠠᠭᠠᠷ ᠲᠤᠭ᠎ᠠ ᠪᠣᠯᠭᠠᠵᠤ᠂ ᠲᠣᠰ ᠲᠣᠰ ᠳᠠᠷᠠᠭ᠎ᠠ ᠵᠢᠯ ᠳᠤᠨᠢ ᠲᠥᠰᠥᠪ ᠲᠤ ᠣᠷᠣᠭᠤᠯᠬᠤ ᠶᠢᠨ ᠬᠠᠮᠲᠤ ᠪᠣᠳᠠᠲᠠᠶᠢᠵᠢᠭᠤᠯᠤᠨ᠎ᠠ᠃ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠠᠵᠤ ᠦᠢᠯᠡᠳᠪᠦᠷᠢ ᠶᠢᠨ ᠲᠥᠷᠥᠯ ᠵᠦᠢᠯ ᠨᠢ ᠭᠡᠷ᠎ᠡ ᠳᠤ ᠪᠣᠯᠵᠣᠨ ᠲᠣᠭᠲᠠᠭᠰᠠᠨ ᠪᠥᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠣᠳᠠᠲᠠᠢ ᠪᠡᠶᠡᠯᠡᠭᠦᠯᠬᠦ ᠶᠢᠨ ᠬᠠᠮᠲᠤ ᠡᠵᠡᠩᠨᠡᠭᠰᠡᠨ ᠤ ᠳᠠᠷᠠᠭ᠎ᠠ᠂ ᠲᠥᠰᠥᠪ ᠤᠨ ᠬᠢᠵᠠᠭᠠᠷ ᠲᠤᠭ᠎ᠠ ᠶᠢᠨ ᠳᠣᠲᠣᠷ᠎ᠠ ᠮᠥᠷᠲᠡᠭᠡᠨ ᠭᠠᠵᠠᠷ ᠰᠢᠷᠣᠢ ᠶᠢᠨ ᠣᠯᠣᠭᠰᠠᠨ ᠥᠪᠡᠷ ᠤᠨ ᠥᠷᠲᠡᠭ ᠠᠴᠠ ᠬᠡᠲᠦᠷᠡᠭᠦᠯᠬᠦ ᠦᠭᠡᠢ ᠪᠠᠶᠢᠬᠤ ᠤᠷᠢᠲᠠᠯ ᠳᠣᠣᠷ᠎ᠠ᠂ ᠬᠠᠮᠤᠭ ᠤᠨ ᠥᠨᠳᠥᠷ ᠲᠡᠭᠡᠨ ᠳᠣᠣᠷᠠᠬᠢ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠃     1. ᠪᠡᠯᠡ ᠣᠷᠣᠭᠤᠯᠤᠯᠲᠠ ᠶᠢᠨ ᠡᠷᠴᠢᠮ ᠨᠢ ᠮᠤ᠋ ᠪᠦᠷᠢ 50 ᠲᠦᠮᠡᠨ ᠲᠦᠬᠦᠷᠢᠭ ᠠᠴᠠ ᠳᠡᠭᠡᠭᠰᠢ᠂ ᠮᠤ᠋ ᠪᠦᠷᠢ 100 ᠲᠦᠮᠡᠨ ᠲᠦᠬᠦᠷᠢᠭ ᠠᠴᠠ ᠳᠣᠷᠣᠭᠰᠢ ᠪᠠᠶᠢᠪᠠᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ 4% ᠪᠠᠷ ᠱᠠᠩᠨᠠᠨ᠎ᠠ᠃     2. ᠪᠡᠯᠡ ᠣᠷᠣᠭᠤᠯᠤᠯᠲᠠ ᠶᠢᠨ ᠡᠷᠴᠢᠮ ᠨᠢ ᠮᠤ᠋ ᠪᠦᠷᠢ 100 ᠲᠦᠮᠡᠨ ᠲᠦᠬᠦᠷᠢᠭ  ᠳᠡᠭᠡᠭᠰᠢ ︵100 ᠲᠦᠮᠡᠨ ᠲᠥᠭᠦᠷᠢᠭ ᠪᠠᠭᠲᠠᠨ᠎ᠠ︶᠂ 200 ᠲᠦᠮᠡᠨ ᠲᠦᠬᠦᠷᠢᠭ ᠠᠴᠠ ᠳᠣᠷᠣᠭᠰᠢ ᠪᠠᠶᠢᠪᠠᠯ᠂ ᠮᠦ ᠪᠦᠷᠢ ᠬᠠᠮᠤᠭ ᠦᠨᠳᠦᠷ ᠲᠡᠭᠡᠨ 4.5 ᠲᠦᠮᠡᠨ ᠲᠥᠭᠦᠷᠢᠭ ᠱᠠᠩᠨᠠᠨ᠎ᠠ᠃     3. ᠪᠡᠯᠡ ᠣᠷᠣᠭᠤᠯᠤᠯᠲᠠ ᠶᠢᠨ ᠡᠷᠴᠢᠮ ᠨᠢ ᠮᠤ᠋ ᠪᠦᠷᠢ 200 ᠲᠦᠮᠡᠨ ᠲᠦᠬᠦᠷᠢᠭ ᠠᠴᠠ ᠳᠡᠭᠡᠭᠰᠢ ︵200 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠮᠤ᠋ ᠪᠦᠷᠢ ᠶᠢᠨ ᠬᠠᠮᠤᠭ ᠦᠨᠳᠦᠷ ᠲᠡᠭᠡᠨ5 ᠲᠦᠮᠡᠨ ᠲᠥᠭᠦᠷᠢᠭ ᠱᠠᠩᠨᠠᠨ᠎ᠠ᠃    ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠨᠢ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠪᠠᠶᠢᠪᠠᠯ᠂ ᠲᠥᠰᠥᠪ ᠤᠨ ᠬᠢᠵᠠᠭᠠᠷ ᠲᠤᠭ᠎ᠠ ᠶᠢᠨ ᠳᠣᠲᠣᠷ᠎ᠠ ᠬᠠᠮᠤᠭ ᠥᠨᠳᠥᠷ ᠲᠡᠭᠡᠨ ᠳᠣᠣᠷᠠᠬᠢ ᠠᠷᠭ᠎ᠠ ᠮᠠᠶ᠋ᠢᠭ ᠢᠶᠠᠷ ᠱᠠᠩᠨᠠᠨ ᠬᠥᠬᠢᠭᠦᠯᠦᠨ᠎ᠡ᠄     1. ᠪᠡᠯᠡ ᠣᠷᠣᠭᠤᠯᠤᠯᠲᠠ ᠶᠢᠨ ᠡᠷᠴᠢᠮ ᠨᠢ ᠮᠤ᠋ ᠪᠦᠷᠢ 50 ᠲᠦᠮᠡᠨ ᠲᠦᠬᠦᠷᠢᠭ ᠠᠴᠠ ᠳᠡᠭᠡᠭᠰᠢ᠂ 100 ᠲᠦᠮᠡᠨ ᠲᠦᠬᠦᠷᠢᠭ ᠠᠴᠠ ᠳᠣᠷᠣᠭᠰᠢ ᠪᠠᠶᠢᠪᠠᠯ᠂ ᠬᠠᠮᠤᠭ ᠦᠨᠳᠦᠷ ᠲᠡᠭᠡᠨ 2 ᠲᠦᠮᠡᠨ ᠲᠥᠭᠦᠷᠢᠭ ᠱᠠᠩᠨᠠᠨ᠎ᠠ᠃     2. ᠪᠡᠯᠡ ᠣᠷᠣᠭᠤᠯᠤᠯᠲᠠ ᠶᠢᠨ ᠡᠷᠴᠢᠮ ᠨᠢ ᠮᠤ᠋ ᠪᠦᠷᠢ 100 ᠲᠦᠮᠡᠨ ᠲᠦᠬᠦᠷᠢᠭ ᠠᠴᠠ ᠳᠡᠭᠡᠭᠰᠢ ︵100 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠬᠠᠮᠤᠭ ᠦᠨᠳᠦᠷ ᠲᠡᠭᠡᠨ 2.5 ᠲᠦᠮᠡᠨ ᠲᠥᠭᠦᠷᠢᠭ ᠱᠠᠩᠨᠠᠨ᠎ᠠ᠃    ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠤᠰᠢᠭᠤᠨ ᠤ ᠵᠠᠰᠠᠭ ᠤᠨ ᠣᠷᠳᠣᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠬᠥᠷᠥᠩᠭᠡ ᠶᠢᠨ ᠪᠣᠳᠠᠲᠠᠢ ᠪᠡᠯᠡ ᠣᠷᠣᠭᠤᠯᠤᠯᠲᠠ ᠶᠢᠨ ᠲᠤᠭ᠎ᠠ ᠪᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠨ᠎ᠠ᠃ ᠲᠣᠰ ᠱᠠᠲᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠰᠢᠨ᠎ᠡ ᠪᠠᠷ ᠨᠡᠮᠡᠭᠳᠡᠭᠦᠯᠬᠦ ᠣᠨᠴᠠᠭᠠᠶ ᠲᠣᠪᠣᠶᠢᠮ᠎ᠠ ᠲᠥᠷᠥᠯ ᠵᠦᠢᠯ ᠨᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ᠃     ᠭᠤᠷᠪᠠᠳᠤᠭᠠᠷ ᠵᠦᠢᠯ  ᠠᠵᠤ ᠦᠢᠯᠡᠳᠪᠦᠷᠢ ᠶᠢᠨ ᠲᠥᠷᠥᠯ ᠤᠨ ᠲᠥᠷᠥᠯ ᠵᠦᠢᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠤᠳᠤᠭᠰᠢᠭᠰᠠᠨ ᠪᠠᠶᠢᠪᠠᠯ᠂ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢᠶᠠᠷ ᠭᠠᠵᠠᠷ ᠰᠢᠷᠣᠢ ᠬᠡᠷᠡᠭᠯᠡᠬᠦ ᠡᠷᠬᠡ ᠣᠯᠣᠭᠰᠠᠨ ᠲᠥᠷᠥᠯ ᠵᠦᠢᠯ ᠳᠤ᠂ ᠭᠠᠵᠠᠷ ᠰᠢᠷᠣᠢ ᠰᠢᠯᠵᠢᠭᠦᠯᠦᠨ ᠬᠤᠳᠠᠯᠳᠤᠬᠤ ᠮᠥᠩᠭᠦ ᠶᠢ ︽ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠬᠠᠮᠤᠭ ᠤᠨ ᠳᠣᠣᠷ᠎ᠠ ᠦᠨ᠎ᠡ ᠶᠢᠨ ᠪᠠᠷᠢᠮᠵᠢᠶ᠎ᠠ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠤᠯᠤᠰ ᠤᠨ ᠭᠠᠵᠠᠷ ᠰᠢᠷᠣᠢ ᠡᠬᠢ ᠲᠠᠷᠬᠠᠭᠠᠭᠰᠠᠨ ﹇2009﹈ 56 ᠳ᠋ᠤᠭᠠᠷ ᠲᠣᠭᠠᠲᠤ︶ ᠵᠢᠴᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠤᠷᠢᠶᠠᠨ᠎ᠠ᠃     ᠳᠥᠷᠪᠡᠳᠦᠭᠡᠷ ᠵᠦᠢᠯ  ᠠᠵᠤ ᠠᠬᠤᠶᠢᠯᠠᠯ ᠤᠨ ᠲᠦᠷᠦᠯ ᠵᠦᠢᠯ ᠨᠢ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠳᠤ ᠭᠠᠵᠠᠷ ᠰᠢᠷᠣᠢ ᠤᠷᠢᠳᠴᠢᠯᠠᠨ ᠦᠯᠡᠳᠡᠭᠡᠬᠦ ᠴᠢᠬᠤᠯᠠᠲᠠᠢ ᠪᠠᠶᠢᠪᠠᠯ᠂ ᠤᠷᠢᠳᠴᠢᠯᠠᠨ ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠪᠣᠯᠣᠨ᠎ᠠ᠂ ᠭᠡᠷ᠎ᠡ ᠲᠣᠭᠲᠠᠭᠠᠭᠰᠠᠨ ᠡᠳᠦᠷ ᠠᠴᠠ ᠡᠬᠢᠯᠡᠵᠦ ᠪᠤᠳᠤᠨ᠎ᠠ᠂ ᠠᠵᠤ ᠠᠬᠤᠶᠢᠯᠠᠯ ᠤᠷᠢᠳᠴᠢᠯᠠᠨ ᠦᠯᠡᠳᠡᠭᠡᠬᠦ ᠬᠤᠭᠤᠴᠠᠭᠠᠨ ᠳᠠᠭᠠᠨ ᠬᠠᠭᠠᠰ ᠵᠢᠯ ᠳᠣᠲᠣᠷ᠎ᠠ ᠪᠡᠯᠡ ᠣᠷᠣᠭᠤᠯᠤᠯᠲᠠ ᠶᠢᠨ ᠠᠭᠤᠯᠭ᠎ᠠ ᠪᠠᠨ ᠲᠣᠭᠲᠠᠭᠠᠬᠤ ᠶᠢᠨ ᠬᠠᠮᠲᠤ ᠭᠠᠵᠠᠷ ᠰᠢᠷᠣᠢ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠬᠢᠬᠦ ᠬᠡᠷᠡᠭᠲᠡᠢ᠂ ᠡᠰᠡ ᠲᠡᠭᠡᠪᠡᠯ ᠵᠠᠰᠠᠭ ᠤᠨ ᠣᠷᠳᠣᠨ ᠠᠴᠠ ᠤᠷᠢᠳᠴᠢᠯᠠᠨ ᠦᠯᠡᠳᠡᠭᠡᠭᠰᠡᠨ ᠭᠠᠵᠠᠷ ᠰᠢᠷᠣᠢ ᠶᠢ ᠰᠢᠭᠤᠳ ᠬᠤᠷᠢᠶᠠᠨ ᠠᠪᠴᠤ ᠪᠤᠰᠤᠳ ᠵᠦᠢᠯᠡᠰ ᠲᠤ ᠬᠡᠷᠡᠭᠯᠡᠵᠦ ᠪᠣᠯᠣᠨ᠎ᠠ᠃     ᠲᠠᠪᠤᠳᠤᠭᠠᠷ ᠵᠦᠢᠯ  ᠪᠡᠯᠡ ᠮᠥᠩᠭᠦ ᠳᠤᠲᠠᠭᠳᠠᠵᠤ ᠪᠠᠶᠢᠭ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠡᠷᠡᠭᠯᠡᠬᠦ ᠳᠤ ᠬᠦᠷᠪᠡᠯ᠂ ᠫᠠᠶᠢᠰᠠ ᠡᠯᠭᠦᠨ ᠠᠷᠠᠯᠵᠢᠶ᠎ᠠ ᠪᠦᠲᠦᠭᠰᠡᠨ ᠤ ᠳᠠᠷᠠᠭ᠎ᠠ 10 ᠡᠳᠦᠷ ᠳᠣᠲᠣᠷ᠎ᠠ ︽ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠲᠣᠭᠲᠠᠪᠠᠯ᠂ 1 ᠰᠠᠷ᠎ᠠ ᠶᠢᠨ ᠳᠣᠲᠣᠷ᠎ᠠ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ ᠶᠢᠨ ᠶᠡᠷᠦᠩᠬᠡᠢ ᠲᠣᠭᠠᠨ ᠤ 50% ᠶᠢ ᠲᠤᠰᠢᠶᠠᠵᠤ ᠪᠣᠯᠣᠨ᠎ᠠ᠂ ᠦᠯᠡᠳᠡᠭᠰᠡᠨ ᠵᠣᠭᠤᠰ ᠢ ᠨᠢᠭᠡ ᠵᠢᠯ ᠳᠣᠲᠣᠷ᠎ᠠ ᠲᠤᠰᠢᠶᠠᠵᠤ ᠳᠠᠭᠤᠰᠬᠠᠭᠰᠠᠨ ᠤ ᠳᠠᠷᠠᠭ᠎ᠠ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠵᠦ᠂ ᠵᠢᠯ ᠳᠣᠲᠣᠷ᠎ᠠ ᠲᠤᠰᠢᠶᠠᠵᠤ ᠳᠠᠭᠤᠰᠬᠠᠭᠠᠳᠤᠢ ᠭᠠᠵᠠᠷ ᠰᠢᠷᠣᠢ ᠶᠢ ᠨᠢ ᠬᠤᠷᠢᠶᠠᠨ ᠠᠪᠬᠤ ᠶᠢᠨ ᠬᠠᠮᠲᠤ ᠤᠤᠯ ᠤᠨ ᠲᠤᠰᠢᠶᠠᠭᠰᠠᠨ ᠵᠣᠭᠤᠰ ᠢ ᠨᠢ ᠪᠤᠴᠠᠭᠠᠵᠤ ᠥᠭᠭᠦᠨ᠎ᠡ ︵ᠬᠦᠦ ᠮᠥᠩᠭᠦ ᠵᠢᠴᠢ ᠪᠤᠰᠤᠳ ᠵᠠᠷᠤᠳᠠᠯ ᠢ ᠠᠵᠤ ᠠᠬᠤᠶᠢᠯᠠᠯ ᠥᠪᠡᠰᠦᠪᠡᠨ ᠡᠭᠦᠷᠭᠡᠯᠡᠨ᠎ᠡ︶᠃    ᠵᠢᠷᠭᠤᠳᠤᠭᠠᠷ ᠵᠦᠢᠯ  ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠠᠵᠤ ᠦᠢᠯᠡᠳᠪᠦᠷᠢ ᠶᠢᠨ ᠲᠥᠷᠥᠯ ᠵᠦᠢᠯ ᠨᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠡᠵᠡᠩᠨᠡᠯᠲᠡ ᠶᠢᠨ ᠭᠠᠶᠢᠯᠢ ᠲᠤᠰᠢᠶᠠᠬᠤ ᠣᠷᠣᠯᠭ᠎ᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ᠂ 1 ᠳ᠋ᠤᠭᠡᠷ ᠵᠢᠯ ᠠᠴᠠ 6 ᠳ᠋ᠤᠭᠠᠷ ᠵᠢᠯ ᠪᠣᠯᠲᠠᠯ᠎ᠠ ᠵᠢᠯ ᠪᠦᠷᠢ ᠲᠥᠷᠥᠯ ᠵᠦᠢᠯ ᠤᠨ ᠬᠤᠰᠢᠭᠤᠨ ᠤ ᠲᠣᠰ ᠱᠠᠲᠤᠨ ᠤ ᠰᠢᠨ᠎ᠡ ᠪᠠᠷ ᠨᠡᠮᠡᠭᠳᠡᠭᠰᠡᠨ ᠭᠠᠶᠢᠯᠢ ᠲᠠᠲᠠᠪᠤᠷᠢ ᠶᠢᠨ ᠣᠷᠣᠯᠭ᠎ᠠ ᠶᠢᠨ 50% ᠶᠢᠨ ᠪᠡᠯᠡ ᠮᠥᠩᠭᠦ ᠶᠢ ᠲᠣᠬᠢᠷᠠᠭᠤᠯᠤᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠳᠬᠦᠬᠦ ᠳᠤ ᠬᠡᠷᠡᠭᠯᠡᠨ᠎ᠡ᠃ ᠰᠢᠨ᠎ᠡ ᠪᠠᠷ ᠨᠡᠮᠡᠭᠳᠡᠭᠰᠡᠨ ᠭᠠᠶᠢᠯᠢ ᠶᠢᠨ ᠣᠷᠣᠯᠭ᠎ᠠ ᠣᠨᠴᠠᠭᠠᠶ ᠲᠣᠪᠣᠶᠢᠮ᠎ᠠ ᠲᠥᠷᠥᠯ ᠵᠦᠢᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠬᠢᠵᠠᠭᠠᠷᠯᠠᠯ ᠢ ᠬᠦᠯᠢᠶᠡᠬᠦ ᠦᠭᠡᠢ ᠪᠠᠶᠢᠵᠤ ᠪᠣᠯᠣᠨ᠎ᠠ᠃    ᠳᠣᠯᠣᠳᠤᠭᠠᠷ ᠵᠦᠢᠯ  ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠬᠦᠷᠦᠭᠰᠡᠨ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠬᠦᠷᠦᠭᠰᠡᠨ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠲᠥᠷᠥᠯ ᠵᠦᠢᠯ ᠨᠢ᠂ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠲᠤ ᠨᠡᠶᠢᠴᠡᠭᠰᠡᠨ ᠤᠷᠢᠲᠠᠯ ᠳᠣᠣᠷ᠎ᠠ᠂ ︽ᠠᠰ ᠠᠰ ᠢᠶᠠᠷ ᠨᠢ ᠵᠥᠪᠯᠡᠬᠦ  ︾ ᠠᠷᠭ᠎ᠠ ᠮᠠᠶ᠋ᠢᠭ ᠢ ᠠᠪᠴᠤ ᠪᠠᠶᠢᠭᠠᠳ ᠲᠥᠷᠥᠯ ᠵᠦᠢᠯ ᠤᠨ ᠣᠷᠣᠨ ᠪᠦᠰᠡ ᠪᠤᠶᠤ ᠵᠣᠬᠢᠬᠤ ᠬᠡᠰᠡᠭ ᠭᠠᠵᠠᠷ ᠲᠤ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠤᠷᠢᠳᠠᠪᠠᠷ ᠬᠠᠩᠭᠠᠵᠤ ᠪᠣᠯᠣᠨ᠎ᠠ᠃    ᠨᠠᠢᠮᠠᠳᠤᠭᠠᠷ ᠵᠦᠢᠯ  ᠭᠡᠷ᠎ᠡ ᠳᠤ ᠪᠣᠯᠵᠣᠨ ᠲᠣᠭᠲᠠᠭᠰᠠᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠥᠭᠡᠳ ᠠᠰᠢᠭᠯᠠᠯᠲᠠ ᠳᠤ ᠣᠷᠣᠭᠤᠯᠤᠭᠠᠳ 1 ᠵᠢᠯ ᠠᠴᠠ ᠳᠡᠭᠡᠭᠰᠢ ᠪᠣᠯᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠦᠭᠡᠢ ᠪᠠᠶᠢᠳᠠᠯ ᠳᠣᠣᠷ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠨᠢ 1000 ᠲᠦᠮᠡᠨ ᠲᠥᠭᠦᠷᠢᠭ ᠠᠴᠠ ᠳᠡᠭᠡᠭᠰᠢ᠂ ᠰᠢᠨ᠎ᠡ ᠮᠡᠷᠭᠡᠵᠢᠯ᠂ ᠰᠢᠨ᠎ᠡ ᠤᠷ᠎ᠡ ᠮᠡᠷᠭᠡᠰᠢᠯ᠂ ᠰᠢᠨ᠎ᠡ ᠲᠥᠬᠦᠭᠡᠷᠦᠮᠵᠢ ᠶᠢᠨ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠪᠤᠶᠤ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠰᠢᠨ᠎ᠡ ᠪᠠᠷ ᠨᠡᠮᠡᠭᠳᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠶᠢᠨ 1% ᠪᠠᠷ ᠱᠠᠩᠨᠠᠨ᠎ᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ  ᠲᠦᠷᠦᠯ ᠵᠦᠢᠯ ᠳᠤ 15% ᠶᠢᠨ ᠱᠠᠩᠨᠠᠯ ᠨᠡᠮᠡᠵᠦ ᠥᠭᠭᠦᠨ᠎ᠡ᠃    ᠶᠢᠰᠦᠳᠦᠭᠡᠷ ᠵᠦᠢᠯ  ᠪᠡᠯᠡ ᠣᠷᠣᠭᠤᠯᠤᠯᠲᠠ ᠶᠢᠨ ᠡᠷᠴᠢᠮ ᠢᠶᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠣᠷᠣᠨ ᠨᠤᠲᠤᠭ ᠤᠨ ᠬᠤᠪᠢ ᠨᠡᠮᠡᠷᠢ ᠪᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠴᠢᠬᠤᠯᠠ ᠶᠡᠭᠡ ᠲᠥᠷᠥᠯ ᠵᠦᠢᠯ ᠳᠤ ︽ᠠᠰ ᠠᠰ ᠢᠶᠠᠷ ᠨᠢ ᠵᠥᠪᠯᠡᠬᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠠᠷᠭ᠎ᠠ ᠮᠠᠶ᠋ᠢᠭ ᠢ ᠠᠪᠴᠤ ᠱᠠᠩᠨᠠᠨ ᠬᠥᠬᠢᠭᠦᠯᠵᠦ ᠪᠣᠯᠣᠨ᠎ᠠ᠃     ᠠᠷᠪᠠᠳᠤᠭᠠᠷ ᠵᠦᠢᠯ  ᠠᠵᠤ ᠠᠬᠤᠶᠢᠯᠠᠯ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠶᠡᠷᠦᠩᠬᠡᠢ ᠬᠡᠯᠲᠡᠰ ᠪᠠᠶᠢᠭᠤᠯᠤᠭᠰᠠᠨ ᠪᠠᠶᠢᠪᠠᠯ᠂ ᠶᠡᠷᠦᠩᠬᠡᠢ ᠬᠡᠯᠲᠡᠰ ᠤᠨ ᠲᠤᠬᠢᠷᠠᠭᠤᠯᠤᠭᠰᠠᠨ ᠠᠵᠤ ᠠᠬᠤᠢ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠣᠷᠣᠨ ᠪᠦᠰᠡ ᠶᠢᠨ ᠭᠠᠳᠠᠨᠠᠬᠢ ᠠᠵᠤ ᠠᠬᠤᠶᠢᠯᠠᠯ ᠨᠢ᠂ ᠵᠢᠯ ᠪᠦᠷᠢ ᠬᠤᠰᠢᠭᠤᠨ ᠤ ᠲᠣᠰ ᠱᠠᠲᠤᠨ ᠤ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠣᠷᠣᠯᠭ᠎ᠠ ᠶᠢᠨ 80% ᠶᠢᠨ ᠪᠡᠯᠡ ᠮᠥᠩᠭᠦ ᠶᠢ ᠱᠠᠩᠨᠠᠨ ᠬᠥᠬᠢᠭᠦᠯᠦᠨ᠎ᠡ᠃    ᠠᠷᠪᠠᠨ ᠨᠢᠭᠡᠳᠦᠭᠡᠷ ᠵᠦᠢᠯ  ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ᠂ ᠵᠠᠰᠠᠭ ᠤᠨ ᠣᠷᠳᠣᠨ ᠠᠴᠠ 10 ᠺᠢᠯᠤᠸᠤᠯᠲ ᠤᠨ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠦᠢᠯᠡᠳᠪᠦᠷᠢ ᠶᠢᠨ ᠲᠣᠭᠤᠷᠢᠭ   ᠤᠨ ᠬᠦᠷᠢᠶᠡᠨ ᠤ ᠭᠠᠳᠠᠨ᠎ᠠ ᠲᠠᠲᠠᠵᠤ ᠭᠠᠷᠭᠠᠬᠤ ︵ᠲᠤᠰᠬᠠᠢ ᠬᠡᠷᠡᠭᠯᠡᠬᠦ ᠤᠲᠠᠰᠤ ᠪᠠᠭᠲᠠᠬᠤ ᠦᠭᠡᠢ︶ ᠶᠢ ᠬᠠᠷᠢᠭᠤᠴᠠᠵᠤ᠂ ᠴᠠᠬᠢᠯᠭᠠᠨ ᠬᠦᠴᠦᠨ ᠤ ᠰᠠᠯᠠᠭ᠎ᠠ ᠮᠥᠴᠢᠷ ᠨᠢ ᠠᠵᠤ ᠠᠬᠤᠶᠢᠯᠠᠯ  ᠤᠨ ᠴᠠᠬᠢᠯᠭᠠᠨ ᠬᠡᠷᠡᠭᠯᠡᠬᠦ ᠰᠢᠨᠵᠢ ᠴᠢᠨᠠᠷ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ ᠲᠣᠮᠣ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠦᠨ᠎ᠡ ᠶᠢ ᠬᠦᠷᠲᠡᠵᠦ ᠪᠣᠯᠬᠤ ᠶᠢᠨ ᠬᠠᠮᠲᠤ ᠲᠦᠩᠯᠢᠶᠣᠣ ᠬᠤᠳᠠ  ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠣᠰᠣᠭᠠᠷ᠂ ᠤᠯᠠᠨ ᠲᠠᠯ᠎ᠠ ᠪᠠᠷ ᠠᠷᠠᠯᠵᠢᠶᠠᠯᠠᠭᠰᠠᠨ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠃    ᠠᠷᠪᠠᠨ ᠬᠤᠶᠠᠳᠤᠭᠠᠷ ᠵᠦᠢᠯ  ᠤᠯᠤᠰ ᠤᠨ ᠶᠠᠳᠠᠭᠤ ᠶᠢ ᠲᠡᠳᠬᠦᠬᠦ ᠰᠠᠭᠠᠳ ᠦᠭᠡᠢ ᠨᠡᠪᠲᠡᠷᠡᠬᠦ ᠵᠠᠮ ᠤᠨ ᠲᠦᠷᠦ ᠶᠢᠨ ᠪᠣᠳᠣᠯᠭ᠎ᠠ ᠶᠢ ᠠᠰᠢᠭᠯᠠᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ  ᠶᠢ ᠳᠡᠮᠵᠢᠨ ᠬᠠᠪᠰᠤᠷᠬᠤ ᠬᠡᠷᠡᠭᠲᠡᠢ᠃     ᠠᠷᠪᠠᠨ ᠭᠤᠷᠪᠠᠳᠤᠭᠠᠷ  ᠵᠦᠢᠯ  ᠲᠣᠰ ᠲᠥᠷᠥ ᠶᠢᠨ ᠪᠣᠳᠣᠯᠭ᠎ᠠ ᠶᠢ ᠭᠥᠷᠳᠡᠬᠦ ᠠᠴᠠ ᠭᠠᠳᠠᠨ᠎ᠠ᠂ ᠴᠥᠮ ᠤᠯᠤᠰ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠪᠤᠰᠤᠳ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠂ ᠠᠳᠠᠯᠢ ᠨᠢᠭᠡᠨ ᠲᠥᠷᠥᠯ ᠵᠦᠢᠯ ᠳᠤ ᠥᠨᠳᠥᠷ ᠢ ᠨᠢ ᠦᠵᠡᠵᠦ ᠳᠠᠪᠬᠤᠷᠳᠠᠭᠤᠯᠬᠤ ᠦᠭᠡᠢ ᠪᠠᠶᠢᠬᠤ ᠵᠠᠷᠴᠢᠮ ᠶᠣᠰᠣᠭᠠᠷ ᠲᠥᠷᠥ ᠶᠢᠨ ᠪᠣᠳᠣᠯᠭ᠎ᠠ ᠶᠢ ᠭᠥᠷᠳᠡᠨ᠎ᠡ᠃    ᠠᠷᠪᠠᠨ ᠳᠥᠷᠪᠡᠳᠦᠭᠡᠷ ᠵᠦᠢᠯ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠣᠷᠣᠭᠤᠯᠤᠭᠰᠠᠨ ᠪᠦᠬᠦᠯᠢ ᠡᠳᠦᠷ ᠤᠨ ᠳᠦᠷᠢᠮᠲᠦ ᠳ᠋ᠣᠺᠲ᠋ᠣᠷᠠᠨᠲ ᠲᠤ ᠠᠵᠤ ᠠᠬᠤᠶᠢᠯᠠᠯ ᠯᠤᠭ᠎ᠠ ᠠᠵᠢᠯ ᠤᠨ ᠭᠡᠷ᠎ᠡ ᠲᠣᠭᠲᠠᠭᠠᠭᠠᠳ ᠪᠦᠬᠦᠯᠢ 3 ᠵᠢᠯ ᠠᠴᠠ ᠳᠡᠭᠡᠭᠰᠢ ᠪᠣᠯᠤᠭᠰᠠᠨ ᠪᠠᠶᠢᠪᠠᠯ᠂ ᠵᠢᠯ ᠪᠦᠷᠢ 5 ᠲᠦᠮᠡᠨ ᠲᠥᠭᠦᠷᠢᠭ ᠤᠨ ᠠᠮᠢᠳᠤᠷᠠᠯ ᠤᠨ ᠨᠡᠮᠡᠭᠦᠷᠢ ᠣᠯᠭᠤᠨ᠎ᠠ᠃ᠬᠤᠰᠢᠭᠤᠨ ᠬᠡᠪᠴᠢᠶᠡᠨ ᠳᠣᠲᠣᠷ᠎ᠠ ᠠᠺᠠᠳᠧᠮᠢᠴᠢ ᠶᠢᠨ ᠠᠵᠢᠯ ᠤᠨ ᠥᠷᠲᠡᠭᠡ᠂ ᠳ᠋ᠣᠺᠲ᠋ᠣᠷ ᠤᠨ ᠠᠵᠢᠯ ᠤᠨ ᠥᠷᠲᠡᠭᠡ ᠪᠠᠶᠢᠭᠤᠯᠤᠭᠰᠠᠨ ᠪᠥᠭᠡᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠪᠠᠯ᠂ ᠵᠢᠯ ᠪᠦᠷᠢ ᠲᠣᠰ ᠲᠣᠰ ᠠᠵᠤ ᠠᠬᠤᠶᠢᠯᠠᠯ ᠢ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠪᠠᠷ ᠱᠠᠩᠨᠠᠨ᠎ᠠ᠃ᠣᠷᠣᠭᠤᠯᠤᠨ ᠠᠪᠴᠢᠷᠠᠭᠰᠠᠨ ᠳ᠋ᠣᠺᠲ᠋ᠣᠷᠠᠨᠲ ᠲᠤ ᠴᠢᠳᠠᠪᠤᠷᠢᠲᠠᠨ ᠤ ᠨᠡᠶᠢᠲᠡ ᠶᠢᠨ ᠪᠠᠶᠢᠷᠢ ᠣᠯᠭᠤᠬᠤ᠂ ᠦᠷ᠎ᠡ ᠬᠡᠦᠬᠡᠳ ᠲᠤᠨᠢ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠬᠠᠷᠢᠶ᠎ᠠ ᠣᠷᠣᠨ ᠤ ᠳᠣᠲᠣᠷᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠣᠷᠣᠭᠤᠯᠤᠨ ᠠᠪᠴᠢᠷᠠᠬᠤ ᠳᠤ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠯ ᠤᠨ ᠲᠠᠯᠠᠪᠤᠷ ᠬᠠᠩᠭᠠᠬᠤ ᠬᠡᠷᠡᠭᠲᠡᠢ᠃   ᠠᠷᠪᠠᠨ ᠲᠠᠪᠤᠳᠤᠭᠠᠷ ᠵᠦᠢᠯ  ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ   ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠲᠤ ᠡᠷᠬᠡ ᠣᠯᠭᠤᠵᠤ ᠲᠠᠶᠢᠯᠪᠤᠷᠢᠯᠠᠭᠤᠯᠤᠨ᠎ᠠ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号