5 ᠡᠳᠦᠷ ᠠᠴᠠ ᠳᠡᠭᠡᠭᠰᠢ ᠬᠠᠯᠠᠭᠤᠷᠠᠪᠠᠯ ᠰᠡᠷᠡᠮᠵᠢ ᠲᠠᠢ ᠪᠠᠶᠢᠭᠠᠷᠠᠢ
ᠨᠡᠶᠢᠲᠡᠯᠡᠭᠰᠡᠨ ᠴᠠᠭ᠄
2023/7/14
   ᠣᠳᠣᠬᠠᠨ ᠳᠤ᠂ ᠬᠡᠦᠬᠡᠳ ᠤᠨ ᠠᠷᠠᠰᠤᠨ ᠤ ᠰᠠᠯᠢᠰᠤᠲᠤ ᠪᠦᠷᠬᠦᠪᠴᠢ ᠶᠢᠨ ᠯᠢᠮᠪᠠ ᠶᠢᠨ ᠶᠡᠷᠦᠩᠬᠡᠶᠢᠯᠡᠭᠰᠡᠨ ᠡᠪᠡᠳᠴᠢᠨ ᠳᠡᠯᠭᠡᠷᠡᠬᠦ ᠤᠯᠠᠷᠢᠯ ᠳᠤ ᠣᠷᠤᠭᠠᠳ ᠪᠠᠶᠢᠨ᠎ᠠ᠃ ᠡᠬᠢᠨ ᠤ ᠬᠤᠭᠤᠴᠠᠭᠠᠨ ᠤ ᠡᠪᠡᠳᠴᠢᠨ ᠤ ᠢᠯᠡᠷᠡᠯ ᠨᠢ ᠬᠢᠮᠤᠷᠠᠭ᠎ᠠ ᠲᠠᠢ ᠠᠳᠠᠯᠢᠪᠲᠤᠷ ᠤᠴᠢᠷ ᠠᠴᠠ ᠡᠪᠡᠳᠴᠢᠯᠡᠭᠰᠡᠨ ᠬᠡᠦᠬᠡᠳ ᠡᠮᠴᠢᠯᠡᠭᠡᠨ ᠤ ᠬᠠᠮᠤᠭ ᠤᠨ ᠪᠣᠯᠣᠮᠵᠢ ᠲᠠᠢ ᠴᠠᠭ ᠲᠣᠬᠢᠶᠠᠯ ᠢ ᠰᠠᠭᠠᠲᠠᠭᠠᠵᠤ ᠮᠡᠳᠡᠨ᠎ᠡ᠃     ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠱᠦᠨ ᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠰᠠᠯᠠᠭᠠᠨ ᠤ ᠳᠡᠳ᠋ ᠡᠷᠬᠢᠯᠡᠭᠴᠢ ᠰᠦᠨ ᠰᠢᠤᠸᠠᠢ ᠮᠧᠶ ᠬᠡᠯᠡᠬᠦ ᠳᠡᠭᠡᠨ᠄ ︽ᠣᠳᠣᠬᠠᠨ ᠳᠤ ᠠᠮᠢᠰᠬᠤᠯ ᠤᠨ ᠵᠠᠮ ᠤᠨ ᠡᠪᠡᠳᠴᠢᠨ ᠣᠯᠠᠨ ᠳᠡᠯᠭᠡᠷᠡᠵᠤ ᠪᠠᠶᠢᠬᠤ ᠪᠣᠯᠪᠠᠴᠤ ᠬᠡᠦᠬᠡᠳ ᠬᠠᠯᠠᠭᠤᠷᠠᠭᠠᠳ 5 ᠡᠳᠦᠷ ᠪᠣᠯᠤᠭᠰᠠᠨ ᠪᠠᠶᠢᠲᠠᠯ᠎ᠠ ᠮᠥᠨ ᠯᠡ ᠬᠠᠯᠠᠭᠤᠨ ᠨᠢ ᠪᠠᠭᠤᠷᠠᠬᠤ ᠦᠭᠡᠶ᠂ ᠡᠰᠡᠬᠦᠯ᠎ᠡ ᠤᠷᠤᠭᠤᠯ ᠨᠢ ᠬᠠᠭᠠᠷᠠᠬᠤ᠂ ᠠᠷᠠᠰᠤᠨ ᠤ ᠡᠰᠡᠷᠭᠡᠨ᠎ᠡ ᠭᠠᠷᠬᠤ᠂ ᠨᠢᠳᠦ ᠨᠢ ᠤᠯᠠᠶᠢᠬᠤ ᠵᠡᠷᠭᠡ ᠪᠠᠶᠢᠳᠠᠯ ᠭᠠᠷᠪᠠᠯ ᠣᠨᠴᠠᠭᠠᠶ ᠴᠢᠬᠤᠯᠠᠴᠢᠯᠠᠨ ᠦᠵᠡᠵᠦ᠂ ᠡᠪᠡᠳᠴᠢᠨ ᠤ ᠰᠢᠯᠲᠠᠭᠠᠨ ᠢ ᠨᠢ ᠴᠠᠭ ᠲᠤᠬᠠᠶ ᠳᠤᠨᠢ ᠪᠠᠶᠢᠴᠠᠭᠠᠯᠭᠠᠬᠤ ᠬᠡᠷᠡᠭᠲᠡᠶ︾ ᠭᠡᠵᠡᠶ᠃  ᠬᠡᠦᠬᠡᠳ ᠤᠨ ᠠᠷᠠᠰᠤᠨ ᠤ ᠰᠠᠯᠢᠰᠤᠲᠤ ᠪᠦᠷᠬᠦᠪᠴᠢ ᠶᠢᠨ ᠯᠢᠮᠪᠠ ᠶᠢᠨ ᠶᠡᠷᠦᠩᠬᠡᠶᠢᠯᠡᠭᠰᠡᠨ ᠡᠪᠡᠳᠴᠢᠨ ᠤ ᠭᠤᠣᠯ ᠢᠯᠡᠷᠡᠯ ᠳᠤ᠄ ᠦᠷᠭᠦᠯᠵᠢᠯᠡᠨ ᠬᠠᠯᠠᠭᠤᠷᠠᠭᠠᠳ 5 ᠡᠳᠦᠷ ᠠᠴᠠ ᠳᠠᠪᠠᠭᠰᠠᠨ᠂ ᠪᠦᠬᠦ ᠪᠡᠶ᠎ᠡ ᠶᠢᠨ ᠣᠯᠠᠨ ᠬᠡᠯᠪᠡᠷᠢᠲᠦ ᠠᠷᠠᠰᠤᠨ ᠤ ᠡᠰᠡᠷᠭᠡᠨ᠎ᠡ ᠭᠠᠷᠬᠤ᠂ ᠬᠤᠶᠠᠷ ᠨᠢᠳᠦᠨ ᠤ ᠨᠡᠶᠢᠯᠡᠮᠡᠯ ᠪᠦᠷᠬᠦᠪᠴᠢ ᠳᠤ ᠴᠢᠰᠤ ᠬᠤᠷᠠᠬᠤ᠂ ᠤᠷᠤᠭᠤᠯ ᠨᠢ ᠬᠠᠭᠤᠷᠠᠶᠢᠳᠠᠨ ᠤᠯᠠᠶᠢᠬᠤ᠂ ᠬᠡᠯᠡ ᠨᠢ ᠤᠯᠠᠶᠢᠵᠤ ᠣᠰᠠᠬᠤᠷᠳᠤᠬᠤ᠂ ᠯᠢᠮᠪᠠ ᠬᠠᠪᠤᠳᠬᠤ ᠵᠡᠷᠭᠡ ᠪᠠᠭᠲᠠᠨ᠎ᠠ᠃ ᠡᠬᠢᠨ ᠤ ᠬᠤᠭᠤᠴᠠᠭᠠᠨ ᠤ ᠢᠯᠡᠷᠡᠯ ᠨᠢ ᠡᠩ ᠤᠨ ᠬᠢᠮᠤᠷᠠᠭ᠎ᠠ ᠲᠠᠢ ᠠᠳᠠᠯᠢᠪᠲᠤᠷ ᠤᠴᠢᠷ ᠠᠴᠠ ᠡᠮᠨᠡᠨ ᠵᠠᠰᠠᠬᠤ ᠬᠠᠮᠤᠭ ᠤᠨ ᠪᠣᠯᠣᠮᠵᠢ ᠲᠠᠢ ᠴᠠᠭ ᠲᠣᠬᠢᠶᠠᠯ ᠢ ᠠᠯᠳᠠᠳᠠᠭ ᠪᠠᠶᠢᠨ᠎ᠠ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号