| | ︽ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ | ᠥᠬᠡᠶ︾ ᠪᠣᠯ ᠨᠠᠮ ᠪᠠ ᠵᠠᠰᠠᠭ ᠤᠨ ᠣᠷᠳᠣᠨ ᠤ ᠲᠥᠪ ᠴᠢᠩᠭ᠎ᠠ ᠠᠮᠠᠯᠠᠯᠲᠠ ᠮᠥᠨ᠃ ᠬᠡᠷ ᠤᠨ ᠠᠮᠢᠳᠤᠷᠠᠯ ᠨᠢ | ᠬᠦᠴᠢᠷᠳᠡᠯᠲᠡᠶ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ᠂ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ᠂ ᠡᠳᠦᠭᠡ 2023 ᠣᠨ ᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ᠄ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠭᠠᠨ ᠬᠥᠮᠦᠵᠢᠯ ᠤᠨ ᠲᠡᠳᠭᠦᠨ ᠲᠤᠰᠠᠯᠠᠮᠵᠢ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠪᠦᠬᠦᠯᠢ ᠡᠳᠦᠷ ᠤᠨ | ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠬᠤᠶᠠᠳᠤᠭᠠᠷ ᠣᠶᠤᠲᠠᠨ ᠤ ᠴᠣᠯᠠ ᠶᠢ ᠪᠠᠭᠲᠠᠭᠠᠨ᠎ᠠ︶ ᠤᠨ ᠠᠩᠭᠢ ᠶᠢᠨ ᠰᠤᠷᠭᠠᠭᠤᠯᠢ ᠳᠤ ᠪᠠᠶᠢᠭ᠎ᠠ ᠣᠨᠴᠠ ᠰᠢᠯᠢᠳᠡᠭ | ᠰᠣᠷᠣᠭᠴᠢ᠃ | ᠪᠠᠷᠢᠮᠵᠢᠶ᠎ᠠ᠄ ᠰᠤᠷᠤᠭᠴᠢ ᠪᠦᠷᠢ ᠵᠢᠯ ᠳᠤ 8000 ᠲᠥᠭᠦᠷᠢᠭ᠃ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠠᠴᠠ ᠵᠣᠷᠢᠭᠵᠢᠭᠤᠯᠬᠤ ᠱᠠᠩᠨᠠᠯ ᠤᠨ | ᠮᠥᠩᠭᠦ | ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠤᠨ ᠠᠮᠢᠳᠤᠷᠠᠯ ᠨᠢ | ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ︵ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠤᠭᠠᠷ ᠣᠶᠤᠲᠠᠨ ᠤ ᠡᠷᠳᠡᠮ ᠤᠨ ᠴᠣᠯᠠ ᠶᠢ ᠪᠠᠭᠲᠠᠭᠠᠨ᠎ᠠ︶ ᠤᠨ | ᠠᠩᠭᠢ ᠶᠢᠨ ᠰᠤᠷᠭᠠᠭᠤᠯᠢ ᠳᠤ ᠪᠠᠶᠢᠭ᠎ᠠ ᠮᠣᠷᠠᠯ ᠰᠤᠷᠤᠯᠭ᠎ᠠ ᠬᠤᠤᠰᠯᠠᠭᠰᠠᠨ ᠰᠣᠷᠣᠭᠴᠢ᠃ | ᠪᠠᠷᠢᠮᠵᠢᠶ᠎ᠠ᠄ ᠰᠤᠷᠤᠭᠴᠢ ᠪᠦᠷᠢ ᠵᠢᠯ ᠳᠤ 5000 ᠲᠥᠭᠦᠷᠢᠭ᠃ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠥᠩᠭᠦ | ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠤᠨ ᠠᠮᠢᠳᠤᠷᠠᠯ ᠨᠢ | ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ︵ᠪᠡᠯᠡᠳᠬᠡᠯ | ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠤᠭᠠᠷ ᠣᠶᠤᠲᠠᠨ ᠤ ᠡᠷᠳᠡᠮ ᠤᠨ | ᠴᠣᠯᠠ ᠶᠢᠨ ᠰᠣᠷᠣᠭᠴᠢ ᠶᠢ ᠪᠠᠭᠲᠠᠭᠠᠨ᠎ᠠ᠂ ᠴᠡᠷᠢᠭ ᠤᠨ ᠠᠯᠪᠠ ᠠᠴᠠ ᠪᠠᠭᠤᠭᠰᠠᠨ ᠰᠣᠷᠣᠭᠴᠢ ᠶᠢ ᠪᠠᠭᠲᠠᠭᠠᠬᠤ ᠥᠬᠡᠶ | ︶ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠃ | ᠪᠠᠷᠢᠮᠵᠢᠶ᠎ᠠ᠄ ᠰᠤᠷᠤᠭᠴᠢ ᠪᠦᠷᠢ ᠳᠤ ᠵᠢᠯ ᠳᠤ 3300 ᠲᠥᠭᠦᠷᠢᠭ᠂ ᠪᠣᠳᠠᠲᠠᠶ ᠪᠠᠷᠢᠮᠵᠢᠶ᠎ᠠ ᠶᠢ ᠳᠡᠭᠡᠳᠦ | ᠰᠤᠷᠭᠠᠭᠤᠯᠢ ᠶᠢᠨ ᠬᠢᠨ ᠰᠤᠷᠤᠭᠴᠢ ᠪᠦᠷᠢ ᠳᠤ ᠵᠢᠯ ᠳᠤ 2000-4500 ᠲᠥᠭᠦᠷᠢᠭ ᠤᠨ ᠬᠡᠪᠴᠢᠶᠡᠨ ᠳᠤ ᠡᠵᠡᠨ | ᠮᠡᠳᠡᠨ ᠲᠣᠭᠲᠠᠭᠠᠵᠤ᠂ 2 - 3 ᠳᠡᠰ ᠬᠤᠪᠢᠶᠠᠵᠤ ᠪᠣᠯᠤᠨ᠎ᠠ᠃ | ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠴᠡᠷᠢᠭ ᠤᠨ ᠠᠯᠪᠠᠨ ᠠᠴᠠ ᠪᠠᠭᠤᠭᠰᠠᠨ ᠰᠤᠷᠤᠭᠴᠢ | ᠪᠦᠬᠦᠨ ᠳᠤ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠶᠢᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠦᠷᠲᠡᠭᠡᠵᠦ᠂ | ᠳᠡᠳᠭᠦᠨ ᠲᠤᠰᠠᠯᠠᠬᠤ ᠪᠠᠷᠢᠮᠵᠢᠶ᠎ᠠ ᠨᠢ ᠰᠤᠷᠤᠭᠴᠢ ᠪᠦᠷᠢ ᠳᠤ ᠵᠢᠯ ᠳᠤ 3300 ᠲᠥᠭᠦᠷᠢᠭ᠃ ᠵᠢᠩᠬᠢᠨᠢ ᠠᠩᠭᠢ | ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ | ᠡᠲᠡᠭᠡᠳ᠄ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠣᠨᠴᠠ ᠰᠢᠯᠢᠳᠡᠭ ᠰᠣᠷᠣᠭᠴᠢ᠃ | ᠪᠠᠷᠢᠮᠵᠢᠶ᠎ᠠ᠄ ᠰᠤᠷᠤᠭᠴᠢ ᠪᠦᠷᠢ ᠵᠢᠯ ᠳᠤ 6000 ᠲᠥᠭᠦᠷᠢᠭ᠃ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠵᠣᠷᠢᠭᠵᠢᠭᠤᠯᠬᠤ | ᠱᠠᠩᠨᠠᠯ ᠤᠨ ᠮᠥᠩᠭᠦ | ᠡᠲᠡᠭᠡᠳ᠄ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠬᠡᠷ ᠤᠨ ᠠᠮᠢᠳᠤᠷᠠᠯ ᠨᠢ | ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠮᠣᠷᠠᠯ | ᠰᠤᠷᠤᠯᠭ᠎ᠠ ᠬᠤᠤᠰᠯᠠᠭᠰᠠᠨ ᠰᠣᠷᠣᠭᠴᠢ᠃ | ᠪᠠᠷᠢᠮᠵᠢᠶ᠎ᠠ᠄ ᠰᠤᠷᠤᠭᠴᠢ ᠪᠦᠷᠢ ᠵᠢᠯ ᠳᠤ 4000 ᠲᠥᠭᠦᠷᠢᠭ᠃ | ᠰᠤᠷᠤᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢᠲᠦ ᠵᠢᠭᠡᠯᠡᠯᠭᠡ | ᠡᠲᠡᠭᠡᠳ᠄ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ | ᠵᠢᠩᠬᠢᠨᠢ ᠪᠠᠷ ᠡᠯᠰᠡᠭᠳᠡᠵᠦ᠂ ᠦᠨᠡᠨ ᠪᠣᠳᠠᠲᠠᠶ᠂ ᠬᠠᠤᠯᠢ ᠶᠣᠰᠣᠨ ᠤ᠂ ᠬᠦᠴᠦᠨ ᠪᠥᠬᠦᠶ ᠡᠯᠰᠡᠬᠦ ᠮᠡᠳᠡᠭᠳᠡᠯ ᠤᠨ | ᠪᠢᠴᠢᠭ ᠣᠯᠤᠭᠰᠠᠨ ᠰᠢᠨ᠎ᠡ ᠰᠣᠷᠣᠭᠴᠢ ᠪᠤᠶᠤ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠢᠩᠬᠢᠨᠢ ᠠᠩᠭᠢ | ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠂ ᠰᠣᠳᠤᠯᠤᠨ ᠰᠤᠷᠤᠭᠴᠢ ᠪᠠ ᠬᠤᠶᠠᠳᠤᠭᠠᠷ ᠣᠶᠤᠲᠠᠨ ᠤ | ᠡᠷᠳᠡᠮ ᠤᠨ ᠴᠤᠯᠠ ᠶᠢᠨ ᠰᠤᠷᠤᠭᠴᠢ᠃ ᠪᠠᠷᠢᠮᠵᠢᠶ᠎ᠠ᠄ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ | ᠰᠣᠷᠣᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 12000 ᠲᠥᠭᠦᠷᠢᠭ ᠠᠴᠠ ᠬᠡᠲᠦᠷᠡᠵᠦ ᠪᠣᠯᠬᠤ ᠥᠬᠡᠶ | ᠂ ᠰᠣᠳᠤᠯᠤᠨ ᠰᠤᠷᠤᠭᠴᠢ ᠪᠦᠷᠢ ᠵᠢᠯ ᠳᠤ ᠬᠠᠮᠤᠭ ᠤᠨ ᠥᠨᠳᠥᠷ ᠲᠤ ᠪᠠᠨ 16000 ᠲᠥᠭᠦᠷᠢᠭ ᠠᠴᠠ ᠬᠡᠲᠦᠷᠡᠵᠦ | ᠪᠣᠯᠬᠤ ᠥᠬᠡᠶ᠃、 | ᠴᠡᠷᠢᠭ ᠤᠨ ᠠᠯᠪᠠ ᠬᠠᠭᠠᠵᠤ ᠪᠠᠶᠢᠭ᠎ᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠰᠤᠷᠭᠠᠨ | ᠬᠥᠮᠦᠵᠢᠯ ᠤᠨ ᠳᠡᠣᠬᠦᠨ ᠲᠤᠰᠠᠯᠠᠮᠵᠢ | ᠡᠲᠡᠭᠡᠳ᠄ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠭᠴᠢ᠂ ᠠᠬᠠᠯᠠᠭᠴᠢ ᠪᠠᠷ | ᠡᠯᠰᠡᠭᠳᠡᠭᠰᠡᠳ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠭᠰᠡᠨ ᠪᠤᠶᠤ | ᠰᠤᠷᠭᠠᠭᠤᠯᠢ ᠳᠤ ᠤᠷᠤᠭᠰᠠᠨ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠰᠦᠢᠳᠭᠡᠯ ᠤᠨ | ᠳᠤᠰᠠᠯᠠᠮᠵᠢ ᠥᠭᠬᠦ ᠶᠢ ᠬᠡᠷᠡᠭᠵᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ | ᠲᠥᠯᠦᠵᠦ᠂ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠎ᠡ᠃ | ᠪᠠᠷᠢᠮᠵᠢᠶ᠎ᠠ᠄ ᠰᠤᠷᠤᠯᠭ᠎ᠠ ᠶᠢᠨ ᠰᠦᠢᠳᠬᠡᠯ ᠤᠨ ᠳᠤᠰᠠᠯᠠᠮᠵᠢ ᠪᠤᠶᠤ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ ᠵᠣᠭᠤᠰ ᠤᠨ ᠲᠤᠭ᠎ᠠ ᠶᠢ ᠰᠤᠷᠤᠭᠴᠢ ᠶᠢᠨ ᠪᠣᠳᠠᠲᠠᠶ | ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠪᠤᠶᠤ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ︵ᠡᠬᠡ ᠮᠥᠩᠭᠦ ᠵᠢᠴᠢ ᠪᠦᠬᠦᠨ ᠢ ᠲᠥᠯᠥᠬᠦ ᠠᠴᠠ ᠡᠮᠦᠨ᠎ᠡ ᠪᠤᠶ | ᠪᠣᠯᠤᠭᠰᠠᠨ ᠬᠦᠦ ᠮᠥᠩᠭᠦ ᠶᠢ ᠪᠠᠭᠲᠠᠭᠠᠨ᠎ᠠ︶ ᠬᠤᠶᠠᠷ ᠤᠨ ᠵᠣᠭᠤᠰ ᠤᠨ ᠲᠤᠭ᠎ᠠ ᠨᠢ ᠨᠡᠯᠢᠶᠡᠳ ᠥᠨᠳᠥᠷ ᠪᠠᠶᠢᠪᠠᠯ | ᠬᠡᠷᠡᠭᠵᠢᠭᠦᠯᠦᠨ᠎ᠡ︔ᠰᠤᠷᠤᠯᠭ᠎ᠠ ᠪᠠᠨ ᠰᠡᠷᠭᠦᠭᠡᠬᠦ ᠪᠤᠶᠤ ᠰᠢᠨ᠎ᠡ ᠰᠤᠷᠤᠭᠴᠢ ᠰᠤᠷᠭᠠᠭᠤᠯᠢ ᠳᠤ ᠤᠷᠤᠭᠰᠠᠨ ᠤ | ᠳᠠᠷᠠᠭᠠᠬᠢ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠵᠣᠭᠤᠰ ᠤᠨ ᠲᠤᠭ᠎ᠠ ᠶᠢ ᠳᠡᠭᠡᠳᠦ | ᠰᠤᠷᠭᠠᠭᠤᠯᠢ ᠶᠢᠨ ᠪᠣᠳᠠᠲᠠᠶ ᠬᠤᠷᠢᠶᠠᠭᠰᠠᠨ ᠰᠤᠷᠤᠯᠭ᠎ᠠ ᠶᠢᠨ ᠰᠦᠢᠳᠬᠡᠯ ᠤᠨ ᠵᠣᠭᠤᠰ ᠤᠨ ᠲᠤᠭ᠎ᠠ ᠪᠠᠷ | ᠬᠡᠷᠡᠭᠵᠢᠭᠦᠯᠦᠨ᠎ᠡ᠃ ᠰᠤᠷᠤᠯᠭ᠎ᠠ ᠶᠢᠨ ᠰᠦᠢᠳᠭᠡᠯ ᠤᠨ ᠳᠤᠰᠠᠯᠠᠮᠵᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢ ᠣᠷᠣᠯᠠᠨ ᠲᠥᠯᠥᠬᠦ ᠵᠢᠴᠢ ᠰᠤᠷᠤᠯᠭ᠎ᠠ ᠶᠢᠨ ᠰᠦᠢᠳᠭᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠶᠢ | ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠤᠷᠤᠭᠴᠢ ᠪᠦᠷᠢ ᠵᠢᠯ ᠳᠤ ᠬᠠᠮᠤᠭ ᠤᠨ | ᠥᠨᠳᠥᠷ ᠲᠤ ᠪᠠᠨ 12000 ᠲᠥᠭᠦᠷᠢᠭ ᠠᠴᠠ ᠬᠡᠲᠦᠷᠡᠬᠦ ᠦᠭᠡᠢ᠂ ᠰᠣᠳᠤᠯᠤᠨ ᠰᠤᠷᠤᠭᠴᠢ ᠪᠦᠷᠢ ᠵᠢᠯ ᠳᠤ | ᠬᠠᠮᠤᠭ ᠤᠨ ᠥᠨᠳᠥᠷ ᠲᠤ ᠪᠠᠨ 16000 ᠲᠥᠭᠦᠷᠢᠭ ᠠᠴᠠ ᠬᠡᠲᠦᠷᠡᠬᠦ ᠦᠭᠡᠶ᠃ ᠪᠠᠷᠢᠮᠵᠢᠶ᠎ᠠ ᠠᠴᠠ ᠬᠡᠲᠦᠷᠡᠭᠰᠡᠨ | ᠬᠡᠰᠡᠭ ᠲᠤ ᠳᠤᠰᠠᠯᠠᠮᠵᠢ ᠥᠭᠴᠦ᠂ ᠣᠷᠣᠯᠠᠨ ᠲᠥᠯᠥᠬᠦ ᠪᠤᠶᠤ ᠬᠠᠰᠤᠵᠤ ᠬᠡᠯᠲᠦᠷᠢᠭᠦᠯᠬᠦ ᠥᠬᠡᠶ᠃ | ᠦᠨᠳᠦᠰᠦᠨ ᠱᠠᠲᠤᠨ ᠳᠤ ᠠᠵᠢᠯ ᠣᠯᠪᠠᠯ ᠰᠤᠷᠤᠯᠭ᠎ᠠ ᠶᠢᠨ ᠰᠦᠢᠳᠭᠡᠯ ᠢ ᠨᠥᠬᠦᠨ ᠲᠦᠯᠦᠬᠦ ᠪᠤᠶᠤ | ᠵᠢᠭᠡᠯᠡᠯᠭᠡ ᠶᠢ ᠣᠷᠣᠯᠠᠨ ᠲᠥᠯᠦᠨ᠎ᠡ | ᠡᠲᠡᠭᠡᠳ᠄ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠳᠡᠭᠡᠳᠦ ᠰᠤᠷᠭᠠᠭᠤᠯᠢ ᠶᠢᠨ ᠪᠦᠬᠦᠯᠢ | ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠳ ᠰᠠᠶᠢᠨ | ᠳᠤᠷ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠤ | ᠦᠨᠳᠦᠰᠦᠨ ᠱᠠᠲᠤᠨ ᠤ ᠨᠢᠭᠡᠴᠢ ᠳᠤ ᠬᠦᠷᠴᠦ ᠠᠵᠢᠯ ᠣᠯᠤᠨ᠂ ᠦᠢᠯᠡᠴᠢᠯᠡᠬᠦ ᠬᠤᠭᠤᠴᠠᠭ᠎ᠠ ᠨᠢ 3 ᠵᠢᠯ ᠠᠴᠠ | ᠳᠡᠭᠡᠭᠰᠢ ︵3 ᠵᠢᠯ ᠢ ᠪᠠᠭᠲᠠᠭᠠᠨ᠎ᠠ︶ ᠪᠠᠶᠢᠵᠤ᠂ ᠦᠢᠯᠡᠴᠢᠯᠡᠬᠦ ᠬᠤᠭᠤᠴᠠᠭ᠎ᠠ ᠪᠠᠨ ᠳᠠᠭᠤᠰᠬᠠᠬᠤ ᠬᠠᠮᠲᠤ ᠰᠢᠯᠭᠠᠨ | ᠬᠢᠨᠠᠯᠲᠠ ᠳᠤ ᠬᠢᠷᠢ ᠲᠡᠩᠴᠡᠭᠰᠡᠳ᠃ | ᠪᠠᠷᠢᠮᠵᠢᠶ᠎ᠠ᠄ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠪᠦᠷᠢ ᠵᠢᠯ ᠳᠤ | ᠬᠠᠮᠤᠭ ᠤᠨ ᠥᠨᠳᠥᠷ ᠲᠤ ᠪᠠᠨ 8000 ᠲᠥᠭᠦᠷᠢᠭ ᠠᠴᠠ ᠬᠡᠲᠦᠷᠡᠵᠦ ᠪᠣᠯᠬᠤ ᠥᠬᠡᠶ᠂ ᠰᠣᠳᠤᠯᠤᠨ ᠰᠤᠷᠤᠭᠴᠢ | ᠪᠦᠷᠢ ᠵᠢᠯ ᠳᠤ ᠬᠠᠮᠤᠭ ᠤᠨ ᠥᠨᠳᠥᠷ ᠲᠤ ᠪᠠᠨ 12000 ᠲᠥᠭᠦᠷᠢᠭ ᠠᠴᠠ ᠬᠡᠲᠦᠷᠡᠵᠦ ᠪᠣᠯᠬᠤ ᠥᠬᠡᠶ᠃ | ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠵᠢᠯ ᠪᠦᠷᠢ ᠶᠢᠨ | ᠪᠣᠳᠠᠲᠠᠶ ᠲᠤᠰᠢᠶᠠᠭᠰᠠᠨ ᠰᠤᠷᠤᠯᠭ᠎ᠠ ᠶᠢᠨ ᠰᠦᠢᠳᠭᠡᠯ ᠪᠤᠶᠤ ᠣᠯᠤᠭᠰᠠᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠨᠢ ᠨᠥᠬᠦᠵᠦ ᠲᠥᠯᠥᠬᠦ ᠪᠠᠷᠢᠮᠵᠢᠶ᠎ᠠ ᠠᠴᠠ ᠳᠤᠤᠷ᠎ᠠ ᠪᠠᠶᠢᠪᠠᠯ ᠪᠣᠳᠠᠲᠠᠶ ᠲᠤᠰᠢᠶᠠᠭᠰᠠᠨ | ᠵᠣᠭᠤᠰ ᠤᠨ ᠲᠤᠭ᠎ᠠ ᠶᠣᠰᠤ ᠪᠠᠷ ᠨᠥᠬᠦᠵᠦ ᠲᠥᠯᠥᠬᠦ ᠶᠢ ᠬᠡᠷᠡᠭᠵᠢᠭᠦᠯᠦᠨ᠎ᠡ︔ ᠵᠢᠭᠡᠯᠡᠯᠭᠡ ᠶᠢ ᠣᠷᠣᠯᠠᠨ ᠲᠦᠯᠦᠬᠦ | ᠪᠠᠷᠢᠮᠵᠢᠶ᠎ᠠ ᠠᠴᠠ ᠥᠨᠳᠥᠷ ᠪᠠᠶᠢᠪᠠᠯ᠂ ᠲᠣᠭᠲᠠᠭᠠᠭᠰᠠᠨ ᠪᠠᠷᠢᠮᠵᠢᠶ᠎ᠠ ᠶᠣᠰᠤ ᠪᠠᠷ ᠵᠢᠭᠡᠯᠡᠯᠭᠡ ᠶᠢ ᠣᠷᠣᠯᠠᠨ ᠲᠦᠯᠦᠨ᠎ᠡ᠃ | | ᠡᠩ ᠤᠨ ᠳᠡᠭᠡᠳᠦ ᠰᠤᠷᠭᠠᠭᠤᠯᠢ ᠶᠢᠨ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ | ᠰᠤᠷᠭᠠᠭᠤᠯᠢ ᠳᠤ ᠣᠷᠣᠬᠤ ᠳᠡᠳᠬᠦᠨ ᠳᠤᠰᠠᠯᠠᠮᠵᠢ | ᠡᠲᠡᠭᠡᠳ᠄ ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ᠄ 2021 ᠣᠨ ᠤ ᠨᠠᠮᠤᠷ ᠤᠨ ᠤᠯᠠᠷᠢᠯ ᠤᠨ | ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠰᠠᠯᠠᠭ᠎ᠠ ᠮᠥᠴᠢᠷ ᠢᠶᠠᠷ ᠳᠡᠮᠵᠢᠨ ᠡᠩ ᠤᠨ ᠳᠡᠭᠡᠳᠦ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠢᠨ᠎ᠡ ᠰᠣᠷᠣᠭᠴᠢ | ᠪᠠᠶᠢᠵᠤ᠂ ᠡᠯᠰᠡᠭᠳᠡᠭᠰᠡᠨ ᠲᠤᠬᠠᠶ ᠶᠢᠨ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠥᠪᠡᠷᠲᠡᠭᠡᠨ ᠵᠠᠰᠠᠬᠤ | ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠳᠤ | ᠣᠷᠣᠭᠰᠠᠨ ᠬᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠪᠣᠯᠤᠨ᠎ᠠ᠃ ᠰᠤᠷᠭᠠᠭᠤᠯᠢ ᠳᠤ ᠪᠠᠶᠢᠭ᠎ᠠ | ᠰᠣᠷᠣᠭᠴᠢ᠄ 2021 ᠣᠨ ᠠᠴᠠ ᠬᠤᠶᠢᠰᠢᠬᠢ ᠣᠨ ᠤ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ 9 ᠳ᠋ᠦ᠋ᠭᠡᠷ | ᠰᠠᠷ᠎ᠠ ᠶᠢᠨ 1 ᠤ ᠡᠳᠦᠷ ᠠᠴᠠ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠠᠮᠤᠭ ᠤᠨ | ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠪᠣᠯᠤᠭᠰᠠᠨ ᠬᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ | ᠬᠡᠦᠬᠡᠳ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ | ︵2021 ᠣᠨ ᠠᠴᠠ ᠡᠮᠦᠨ᠎ᠡ ᠰᠤᠷᠭᠠᠭᠤᠯᠢ ᠳᠤ ᠤᠷᠤᠭᠰᠠᠨ ᠰᠤᠷᠤᠯᠴᠠᠵᠤ ᠪᠠᠶᠢᠭ᠎ᠠ ᠰᠣᠷᠣᠭᠴᠢ ᠶᠢ ᠪᠠᠭᠲᠠᠭᠠᠬᠤ | ᠥᠬᠡᠶ︶ ᠪᠣᠯᠤᠨ᠎ᠠ᠃ ᠡᠭᠦᠨ ᠤ ᠬᠠᠮᠲᠤ ᠠᠮᠢᠳᠤᠷᠠᠯ ᠤᠨ ᠬᠠᠮᠤᠭ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠥᠨᠥᠴᠢᠨ | ᠬᠡᠦᠬᠡᠳ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢᠳ ᠲᠤ ᠳᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢ ᠳᠠᠪᠬᠤᠷ ᠬᠦᠷᠲᠡᠭᠡᠬᠦ ᠥᠬᠡᠶ᠃ | ᠪᠠᠷᠢᠮᠵᠢᠶ᠎ᠠ᠄ ᠰᠤᠷᠤᠭᠴᠢ ᠪᠦᠷᠢ ᠶᠢ ᠵᠢᠯ ᠳᠤ 6000 ᠲᠥᠭᠦᠷᠢᠭ ᠢᠶᠠᠷ ᠲᠤᠰᠠᠯᠠᠨ᠎ᠠ᠃ | ᠰᠣᠳᠤᠯᠤᠨ ᠰᠤᠷᠤᠭᠴᠢ ᠶᠢᠨ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ ᠰᠣᠳᠤᠯᠤᠨ ᠰᠤᠷᠤᠭᠴᠢ ᠶᠢᠨ | ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠤᠷᠤᠭᠰᠠᠨ ᠳᠡᠭᠡᠳᠦ | ᠰᠤᠷᠭᠠᠭᠤᠯᠢ ᠳᠤ ᠰᠢᠯᠢᠳᠡᠭ ᠢᠯᠡᠷᠡᠯ ᠲᠠᠢ ᠪᠦᠬᠦᠯᠢ ᠡᠳᠦᠷ ᠤᠨ ᠳᠦᠷᠢᠮᠲᠦ ᠰᠣᠳᠤᠯᠤᠨ ᠰᠤᠷᠤᠭᠴᠢ᠃ | ᠪᠠᠷᠢᠮᠵᠢᠶ᠎ᠠ᠄ ᠰᠣᠳᠤᠯᠤᠨ ᠰᠤᠷᠤᠭᠴᠢ ᠪᠦᠷᠢ ᠵᠢᠯ ᠳᠤ 20000 ᠲᠥᠭᠦᠷᠢᠭ᠂ ᠳ᠋ᠣᠺᠲ᠋ᠣᠷᠠᠨᠲ ᠪᠦᠷᠢ ᠵᠢᠯ ᠳᠤ | 30000 ᠲᠥᠭᠦᠷᠢᠭ | ᠰᠣᠳᠤᠯᠤᠨ ᠰᠤᠷᠤᠭᠴᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ | ᠡᠲᠡᠭᠡᠳ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠪᠦᠬᠦᠯᠢ | ᠡᠳᠦᠷ ᠤᠨ ᠳᠦᠷᠢᠮᠲᠦ ᠪᠣᠶ ᠪᠥᠬᠦᠶ ᠰᠣᠳᠤᠯᠤᠨ ᠰᠤᠷᠤᠭᠴᠢ ︵ᠲᠣᠭᠲᠠᠮᠠᠯ ᠴᠠᠯᠢᠩ ᠤᠨ ᠣᠷᠣᠯᠭ᠎ᠠ ᠲᠠᠢ ᠶᠢ | ᠡᠭᠦᠨ ᠳᠤ ᠪᠠᠭᠲᠠᠭᠠᠬᠤ ᠥᠬᠡᠶ︶᠃ | ᠪᠠᠷᠢᠮᠵᠢᠶ᠎ᠠ᠄ ᠰᠣᠳᠤᠯᠤᠨ ᠰᠤᠷᠤᠭᠴᠢ ᠪᠦᠷᠢ ᠵᠢᠯ ᠳᠤ 8000 ᠲᠥᠭᠦᠷᠢᠭ᠂ ᠳ᠋ᠣᠺᠲ᠋ᠣᠷᠠᠨᠲ ᠪᠦᠷᠢ ᠵᠢᠯ ᠳᠤ | 13000 ᠲᠥᠭᠦᠷᠢᠭ᠃ | ᠰᠣᠳᠤᠯᠤᠨ ᠰᠤᠷᠤᠭᠴᠢ ᠶᠢᠨ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ | ᠡᠲᠡᠭᠡᠳ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠰᠤᠷᠤᠯᠭ᠎ᠠ᠂ | ᠡᠷᠳᠡᠮ ᠰᠢᠨᠵᠢᠯᠡᠭᠡᠨ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠲᠠᠯ᠎ᠠ ᠪᠠᠷ ᠰᠢᠯᠢᠳᠡᠭ ᠬᠢᠷᠢ ᠪᠦᠲᠦᠮᠵᠢ | ᠣᠯᠤᠭᠰᠠᠨ ᠪᠦᠬᠦᠯᠢ ᠡᠳᠦᠷ ᠤᠨ ᠳᠦᠷᠢᠮᠲᠦ ᠰᠣᠳᠤᠯᠤᠨ ᠰᠤᠷᠤᠭᠴᠢ᠃ | ᠪᠠᠷᠢᠮᠵᠢᠶ᠎ᠠ᠄ ᠰᠣᠳᠤᠯᠤᠨ ᠰᠤᠷᠤᠭᠴᠢ ᠪᠦᠷᠢ ᠵᠢᠯ ᠳᠤ 10000 ᠲᠥᠭᠦᠷᠢᠭ᠂ ᠳ᠋ᠣᠺᠲ᠋ᠣᠷᠠᠨᠲ ᠪᠦᠷᠢ ᠵᠢᠯ ᠳᠤ | 20000 ᠲᠥᠭᠦᠷᠢᠭ᠃ | ᠰᠣᠳᠤᠯᠤᠨ ᠰᠤᠷᠤᠭᠴᠢ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ᠄ ᠪᠥᠬᠦ ᠤᠯᠤᠰ ᠤᠨ ᠰᠣᠳᠤᠯᠤᠨ ᠰᠤᠷᠤᠭᠴᠢ ᠡᠯᠰᠡᠬᠦ ᠲᠥᠯᠥᠪᠯᠡᠭᠡ ᠳᠤ ᠣᠷᠣᠭᠰᠠᠨ ᠪᠦᠬᠦᠯᠢ | ᠡᠳᠦᠷ ᠤᠨ ᠳᠦᠷᠢᠮᠲᠦ ᠮᠠᠰᠲ᠋ᠧᠷ ᠤᠨ ᠰᠣᠳᠤᠯᠤᠨ ᠰᠤᠷᠤᠭᠴᠢ 30 %᠂ ᠳ᠋ᠣᠺᠲ᠋ᠣᠷᠠᠨᠲ ᠤᠨ ᠰᠣᠳᠤᠯᠤᠨ | ᠰᠤᠷᠤᠭᠴᠢ 50 %᠃ | ᠪᠠᠷᠢᠮᠵᠢᠶ᠎ᠠ᠄ ᠰᠣᠳᠤᠯᠤᠨ ᠰᠤᠷᠤᠭᠴᠢ ᠪᠦᠷᠢ ᠵᠢᠯ ᠳᠤ 8000 ᠲᠥᠭᠦᠷᠢᠭ᠂ ᠳ᠋ᠣᠺᠲ᠋ᠣᠷᠠᠨᠲ ᠪᠦᠷᠢ ᠵᠢᠯ ᠳᠤ | 10000 ᠲᠥᠭᠦᠷᠢᠭ᠃ | ᠢᠷᠡᠯᠲᠡ᠄ ᠰᠤᠷᠭᠠᠨ ᠬᠥᠮᠥᠵᠢᠯ ᠤᠨ ᠲᠢᠩᠬᠢᠮ |