ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/7/27
        2023 ᠣᠨ ᠤ 7 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ    ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠠᠴᠠ ᠪᠠᠲᠤᠯᠠᠪᠠ         ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ 2023 ᠣᠨ ᠤ 7 ᠰᠠᠷ᠎ᠠ ᠶᠢᠨ 26 ᠤ ᠡᠳᠦᠷ ᠬᠤᠷᠠᠯᠳᠤᠪᠠ᠃    ᠲᠣᠰ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 25 ᠬᠥᠮᠦᠨ᠂ ᠣᠷᠣᠯᠠᠭᠴᠢ ᠭᠡᠰᠢᠭᠦᠨ 4 ᠬᠥᠮᠦᠨ ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠂ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠶᠠᠷᠢᠶ᠎ᠠ ᠲᠠᠯᠪᠢᠪᠠ᠃    ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠣᠯᠣᠨ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠪᠦᠬᠦ ᠲᠠᠯ᠎ᠠ ᠶᠢᠨ ᠲᠣᠬᠢᠷᠠᠭᠤᠯᠤᠯᠲᠠ ᠬᠢᠵᠦ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠤᠷᠢᠶ᠎ᠠ ᠶᠢᠨ  ︽ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠵᠢᠱᠢᠶᠡᠴᠢ ᠦᠪᠡᠷᠳᠡᠭᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ  ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠭᠠᠳ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠪᠣᠯᠣᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠶᠧ ᠴᠦᠨ ᠾᠧ ︽ᠬᠡᠷᠡᠭᠵᠢᠭᠦᠯᠬᠦ ᠲᠥᠰᠦᠯ ︵ᠬᠢᠨᠠᠨ ᠶᠠᠷᠢᠯᠴᠠᠬᠤ ᠨᠣᠤᠷᠠᠭ︶︾ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃    ᠪᠦᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠴᠢᠬᠤᠯᠠ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠳᠥᠷᠪᠡᠳᠦᠭᠡᠷ ᠤᠳᠠᠭ᠎ᠠ ᠪᠡᠶ᠎ᠡ ᠪᠠᠷ ᠢᠶᠠᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ ᠵᠢᠯᠣᠭᠤᠳᠴᠤ᠂ ᠴᠢᠬᠤᠯᠠ ᠶᠠᠷᠢᠶ᠎ᠠ ᠲᠠᠯᠪᠢᠵᠤ ᠂ ᠴᠢᠬᠤᠯᠠ ᠵᠢᠭᠠᠪᠤᠷᠢ ᠥᠭᠴᠦ᠂ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠭᠠᠷᠭᠠᠬᠤ ᠴᠢᠭᠯᠡᠯ ᠢ ᠲᠣᠳᠣᠷᠬᠠᠢ ᠵᠢᠭᠠᠵᠤ᠂ ᠠᠷᠭ᠎ᠠ ᠵᠠᠮ ᠢ ᠲᠣᠳᠣᠷᠬᠠᠶᠢᠯᠠᠭᠰᠠᠨ ᠢᠶᠠᠷ ᠪᠠᠷᠠᠬᠤ ᠦᠭᠡᠢ ᠪᠠᠰᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ ᠳᠤ ᠢᠲᠡᠭᠡᠯ ᠵᠣᠷᠢᠭ ᠨᠡᠮᠡᠷᠢᠯᠡᠵᠦ᠂ ᠬᠥᠳᠡᠯᠭᠡᠬᠦ ᠬᠦᠴᠦᠨ ᠨᠡᠮᠡᠷᠢᠯᠡᠵᠡᠢ᠃ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠶᠠᠷᠢᠭᠰᠠᠭᠠᠷ ᠢᠷᠡᠭᠰᠡᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠵᠤ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢ ᠥᠩᠭᠡᠷᠡᠭᠰᠡᠨ ᠤ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠲᠠᠢ ᠨᠢᠭᠡᠳᠦᠯᠲᠡᠢ ᠲᠥᠯᠥᠪᠵᠢᠭᠦᠯᠦᠨ ᠲᠤᠤᠱᠯᠠᠭᠤᠯᠵᠤ᠂ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠵᠦ᠂ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠪᠥᠬᠦᠳᠡ ᠬᠤᠷᠠᠯ ᠠᠴᠠ ᠵᠢᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠠᠯᠭᠠᠭ᠎ᠠ ᠪᠠᠷ ᠪᠥᠬᠦᠳᠡ ᠬᠤᠷᠠᠯ ᠬᠤᠷᠠᠯᠳᠤᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠨᠠᠷᠢᠨ ᠨᠢᠮᠪᠠᠶ ᠳᠣᠭᠢᠷᠠᠭᠤᠯᠤᠨ ᠪᠠᠶᠢᠷᠢᠯᠠᠭᠤᠯᠵᠤ᠂ ᠡᠭᠦᠷᠭᠡ ᠱᠠᠭᠠᠷᠳᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢ ᠭᠦᠢᠴᠡᠳ ᠢᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠳᠬᠠᠨ᠂ ᠪᠣᠳᠠᠲᠠᠶ ᠶᠢ ᠡᠷᠬᠢᠮᠯᠡᠬᠦ ᠠᠵᠢᠯ ᠤᠨ ᠤᠳᠤᠷᠢᠳᠤᠮᠵᠢ ᠶᠢ  ᠬᠦᠢᠴᠡᠳ‌ᠢᠯᠡᠷᠡᠭᠦᠯᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠪᠡᠶᠡᠯᠡᠭᠦᠯᠬᠦ ᠠᠷᠭ᠎ᠠ ᠵᠠᠮ ᠢ ᠲᠣᠳᠣᠷᠬᠠᠶ ᠪᠣᠯᠭᠠᠪᠠ᠃ ᠪᠥᠬᠦ ᠬᠤᠰᠢᠭᠤᠨ ᠤ  ᠡᠯ᠎ᠡ ᠱᠠᠲᠤᠨ ᠤ ᠬᠢᠨ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ  ᠡᠷᠡᠰ ᠵᠣᠷᠢᠭ ᠪᠠ ᠡᠷᠡᠰ ᠰᠢᠭᠤᠷᠬᠠᠶ ᠠᠵᠢᠯᠯᠠᠭ᠎ᠠ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠵᠣᠭᠰᠣᠴᠠ ᠪᠠᠨ ᠪᠥᠬᠦ ᠲᠠᠯ᠎ᠠ ᠶᠢᠨ᠂ ᠯᠠᠪᠳᠠᠭᠤᠨ ᠪᠠᠲᠤᠲᠠᠶ ᠦᠢᠯᠡᠳᠦᠯᠭᠡᠵᠢᠭᠦᠯᠬᠦ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠦᠷᠡᠭᠳᠡᠭᠦᠯᠵᠦ ᠪᠠᠶᠢᠭᠠᠳ ᠡᠷᠡᠯᠬᠡᠭᠯᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠣᠮᠤᠭ ᠵᠣᠷᠢᠭ ᠢᠶᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠶ ᠪᠠᠷ ᠤᠷᠤᠰᠬᠠᠯ ᠤᠨ ᠦᠵᠦᠭᠦᠷ ᠢᠶᠠᠷ ᠵᠠᠮ ᠨᠡᠭᠡᠭᠡᠨ ᠤᠷᠤᠭᠰᠢᠯᠠᠵᠤ᠂ ᠪᠥᠬᠦ ᠣᠷᠣᠨ ᠪᠥᠬᠦ ᠬᠤᠲᠠ ᠯᠤᠭ᠎ᠠ  ᠡᠷᠡᠰ ᠵᠣᠷᠢᠭ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠠᠷ ᠶᠡᠭᠡ ᠶᠠᠪᠤᠳᠠᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠱᠠᠭᠠᠷᠳᠠᠯᠭ᠎ᠠ ᠮᠥᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠥᠬᠦ ᠣᠷᠣᠨ ᠪᠥᠬᠦ ᠬᠤᠲᠠ ᠯᠤᠭ᠎ᠠ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠡᠷᠬᠢᠯᠡᠬᠦ ᠶᠠᠪᠤᠴᠠ ᠳᠤ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠲᠠᠪᠤᠨ ᠶᠡᠭᠡ ᠡᠭᠦᠷᠭᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠴᠢᠬᠤᠯᠠ ᠶᠡᠭᠡ ᠠᠮᠢ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠨᠳᠦ ᠨᠣᠴᠢᠲᠠᠢ ᠪᠠᠶᠢᠳᠠᠯ ᠢ ᠲᠣᠳᠣᠷᠬᠠᠢ ᠲᠠᠨᠢᠵᠤ᠂ ᠡᠷᠲᠡ ᠠᠴᠠ ᠠᠳᠬᠤᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ  ᠡᠪᠳᠡᠷᠡᠰᠢ ᠦᠭᠡᠢ ᠪᠠᠲᠤ ᠴᠣᠭᠴᠠᠯᠠᠬᠤ︾ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠴᠠᠭ ᠠᠭᠤᠷ ᠤᠨ ᠭᠠᠮᠰᠢᠭ ᠢ ᠦᠨᠡᠨᠬᠦ ᠰᠡᠷᠭᠡᠶᠢᠯᠡᠵᠦ᠂ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠴᠣᠭᠴᠠᠯᠠᠬᠤ︾ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠲᠤᠰ ᠪᠡᠶ᠎ᠡ ᠶᠢᠨ ᠬᠠᠷᠢᠴᠠᠭᠤᠯᠤᠭᠰᠠᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠰᠢᠨ᠎ᠡ ᠡᠨᠧᠷᠭᠢ ᠵᠢᠴᠢ ᠲᠤᠨᠤᠭ ᠲᠥᠬᠦᠭᠡᠷᠦᠮᠵᠢ ᠦᠢᠯᠡᠳᠬᠦ ᠲᠦᠷᠦᠯ ᠵᠦᠢᠯ ᠢ ᠲᠥᠯᠥᠪᠵᠢᠭᠦᠯᠵᠦ᠂ ᠪᠣᠬᠢᠷᠲᠤᠯ ᠦᠭᠡᠢ ᠴᠠᠬᠢᠯᠭᠠᠨ ᠤ ᠳᠠᠪᠠᠭᠤᠯᠢᠭ ᠢ ᠪᠠᠳᠠᠷᠠᠭᠤᠯᠵᠤ᠂ ᠡᠬᠢ ᠰᠤᠷᠪᠤᠯᠵᠢ ᠶᠢᠨ ᠴᠠᠬᠢᠯᠭᠠᠨ ᠲᠣᠣᠷ ᠤᠨ ᠳᠠᠭᠠᠭᠠᠴᠠ ᠶᠢ ᠨᠢᠭᠡ ᠴᠤᠬᠴᠠᠵᠢᠭᠤᠯᠤᠬᠰᠠᠨ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠵᠤ᠂ ᠰᠢᠨ᠎ᠡ ᠡᠨᠧᠷᠭᠢ ᠶᠢᠨ ᠨᠡᠮᠡᠭᠳᠡᠯ ᠤᠨ ᠴᠠᠬᠢᠯᠭᠠᠨ ᠲᠦᠭᠡᠭᠡᠬᠦ ᠲᠣᠣᠷ ᠤᠨ ᠤᠳᠤ ᠦᠶ᠎ᠡ ᠶᠢᠨ  ᠠᠵᠤ ᠦᠢᠯᠡᠰ ᠤᠨ ᠪᠦᠲᠦᠴᠡ ᠶᠢ ᠪᠠᠶᠢᠭᠤᠯᠬᠤ ᠬᠡᠷᠡᠭᠲᠡᠢ︔ ᠴᠠᠬᠢᠭᠤᠷ ᠡᠯᠡᠰᠦᠨ ᠤ ᠡᠬᠢ ᠪᠠᠶᠠᠯᠢᠭ ᠲᠤ ᠲᠦᠰᠢᠭᠯᠡᠨ᠂ ᠰᠢᠯ ᠪᠦᠲᠦᠭᠡᠭᠳᠡᠬᠦᠨ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠴᠢᠳᠬᠤᠨ ᠦᠢᠯᠡᠳᠬᠦ ᠡᠯᠡᠰᠦ᠂ ᠵᠠᠨᠠᠷ ᠤᠨ ᠴᠢᠯᠠᠭᠤᠯᠢᠭ ᠡᠯᠡᠰᠦ ᠵᠡᠷᠭᠡ ᠲᠠᠪᠤᠨ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠭᠤᠷ ᠡᠯᠡᠰᠦᠨ ᠤ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ︽ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠬᠦᠴᠦᠷᠬᠡᠭ ᠶᠡᠭᠡ ᠬᠦᠴᠦᠨ ᠲᠡᠭᠦᠯᠳᠡᠷ ᠪᠠᠶᠢᠨ᠎ᠠ︾ ᠭᠡᠵᠦ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠳᠠᠷᠢᠵᠤ ᠲᠡᠵᠢᠭᠡᠬᠦ ᠶᠡᠷᠦᠩᠬᠡᠶᠢᠯᠡᠭᠰᠡᠨ ᠦᠷ᠎ᠡ ᠠᠰᠢᠭ ᠢ ᠲᠣᠪᠤᠶᠢᠮ᠎ᠠ ᠳᠡᠭᠡᠭᠰᠢᠯᠡᠭᠦᠯᠵᠦ᠂ ︽ᠭᠠᠵᠠᠷ᠂ ᠤᠰᠤ᠂ ᠲᠠᠷᠢᠶ᠎ᠠ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠪᠣᠭᠤᠮᠢ ᠬᠢᠵᠠᠭᠠᠷᠯᠠᠯ ᠢ ᠡᠪᠳᠡᠬᠦ ᠲᠠᠯ᠎ᠠ ᠪᠠᠷ ᠦᠷᠭᠦᠯᠵᠢᠯᠡᠨ ᠠᠷᠭ᠎ᠠ ᠪᠤᠳᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠮᠥ ᠪᠦᠷᠢ ᠶᠢᠨ ᠳᠤᠮᠳᠠᠴᠢ ᠤᠨᠠᠯᠲᠠ ᠶᠢ ᠳᠡᠭᠡᠭᠰᠢᠯᠡᠭᠦᠯᠵᠦ᠂ ᠪᠥᠬᠦ ᠬᠤᠲᠠ ᠶᠢᠨ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠵᠠᠭᠪᠤᠷᠴᠢᠯᠠᠭᠰᠠᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠤᠰᠢᠭᠤ ᠶᠢ ᠪᠣᠶ ᠪᠣᠯᠭᠠᠵᠤ᠂ ᠲᠡᠵᠢᠭᠡᠨ ᠦᠷᠡᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠭᠤᠷᠠᠶ ᠲᠠᠯ᠎ᠠ ᠶᠢ ᠨᠥᠬᠦᠪᠥᠷᠢᠯᠡᠵᠦ᠂ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠴᠢᠨᠠᠷ ᠰᠠᠶᠢᠲᠠᠶ ᠪᠥᠭᠡᠳ ᠰᠢᠯᠢᠳᠡᠭ ᠪᠠᠶᠢᠬᠤ︾ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠶ᠃ ᠭᠠᠳᠠᠭᠠᠳᠤ ᠶᠠᠪᠤᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ᠂ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ᠂ ᠪᠦᠬᠦ ᠤᠯᠠᠷᠢᠯ ᠢᠶᠠᠷ ᠬᠤᠳᠠᠯᠳᠤᠭᠠᠴᠢᠨ ᠤᠷᠢᠬᠤ ᠶᠢ ᠲᠤᠪᠤᠶᠢᠯᠭᠠᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠣᠨᠣᠪᠴᠢ ᠶᠢᠨ ᠬᠡᠮᠵᠢᠶ᠎ᠡ ᠶᠢ ᠴᠢᠩᠭᠠᠳᠬᠠᠵᠤ᠂ ︽ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠰᠦᠷ ᠳᠠᠯᠠᠶᠢᠴᠠᠲᠠᠢ ᠪᠣᠯᠭᠠᠬᠤ ᠶᠢ ᠴᠢᠩᠭᠠᠳᠬᠠᠬᠤ︾ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠭᠠᠷᠭᠠᠭᠰᠠᠨ ︽ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠢ ᠰᠠᠶᠢᠲᠤᠷ ᠨᠠᠶᠢᠳᠠᠪᠤᠷᠢᠵᠢᠭᠤᠯᠬᠤ ᠳᠤ ᠡᠷᠬᠡᠪᠰᠢ ᠤᠯᠤᠰ ᠲᠥᠷᠥ ᠶᠢᠨ ᠦᠨᠡᠨᠴᠢ ᠰᠢᠳᠤᠷᠭᠤ ᠶᠢ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠯᠠᠪᠳᠠᠭᠤᠨ ᠪᠠᠲᠤᠲᠠᠶ ᠬᠡᠷᠡᠭᠵᠢᠭᠦᠯᠬᠦ ᠬᠡᠷᠡᠭᠲᠡᠶ︔ ᠡᠷᠬᠡᠪᠰᠢ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠭᠤᠶᠢᠪᠢᠰᠢ ᠥᠬᠡᠶ ᠪᠠᠲᠤ ᠴᠣᠭᠴᠠᠯᠠᠬᠤ ᠬᠡᠷᠡᠭᠲᠡᠶ︔ ᠡᠷᠬᠡᠪᠰᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠰᠢᠨ᠎ᠡ ᠵᠠᠮ ᠭᠠᠷᠭᠠᠬᠤ ᠬᠡᠷᠡᠭᠲᠡᠢ︔ ᠡᠷᠬᠡᠪᠰᠢ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠵᠤ᠂ ᠪᠦᠬᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠲᠥᠯᠥᠭᠡ ᠶᠡᠭᠡ ᠠᠯᠬᠤᠮ ᠢᠶᠠᠷ ᠤᠷᠤᠭᠰᠢᠯᠠᠬᠤ ᠬᠡᠷᠡᠭᠲᠡᠶ︔ ᠡᠷᠬᠡᠪᠰᠢ ᠨᠡᠭᠡᠭᠡᠯᠲᠡ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠬᠤᠷᠠᠮᠳᠤᠭᠤᠯᠬᠤ ᠬᠡᠷᠡᠭᠲᠡᠢ︔ ᠡᠷᠬᠡᠪᠰᠢ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠷ ᠠᠵᠢᠯ ᠬᠢᠵᠦ ᠦᠢᠯᠡᠰ ᠪᠤᠰᠬᠠᠬᠤ ᠥᠷᠨᠢᠩᠭᠦᠶ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ ᠭᠡᠵᠡᠢ  ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠲᠥᠯᠥᠪᠯᠡᠭᠡ᠂ ᠡᠭᠦᠷᠭᠡ ᠶᠢᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ ᠲᠣᠭᠲᠠᠭᠠᠵᠤ᠂ ᠨᠢᠭᠡ ᠨᠢᠭᠡ ᠪᠠᠷ ᠠᠬᠢᠭᠤᠯᠤᠨ ᠬᠡᠷᠡᠭᠵᠢᠭᠦᠯᠵᠦ᠂ ᠨᠢᠭᠡ ᠨᠢᠭᠡ ᠶᠠᠪᠤᠳᠠᠯ ᠢᠶᠠᠷ ᠡᠪᠬᠡᠮᠡᠯ ᠲᠤᠰᠢᠶᠠᠵᠤ ᠳᠠᠩᠰᠠ ᠮᠡᠳᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ᠂ ᠪᠣᠳᠠᠲᠤ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠬᠦᠷᠲᠡᠯ᠎ᠡ ᠣᠶᠢᠯᠠᠭᠠᠬᠤ ᠬᠥᠮᠦᠨ ᠲᠠᠢ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠪᠦᠬᠦ ᠠᠵᠢᠯ ᠤᠨ ᠤᠷᠢᠳᠠᠴᠢ ᠨᠥᠬᠦᠴᠡᠯ ᠪᠣᠯᠭᠠᠵᠤ᠂ ᠡᠯ᠎ᠡ ᠵᠦᠢᠯ ᠤᠨ ᠠᠵᠢᠯ ᠢ ᠭᠤᠣᠯ ᠰᠢᠵᠢᠮ ᠤᠨ ᠲᠣᠭᠤᠷᠢᠨ ᠳᠤ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠢᠯᠡ ᠲᠣᠳᠣ ᠪᠦᠲᠦᠮᠵᠢᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠴᠢᠷᠮᠠᠶᠢᠨ ᠪᠠᠶᠢᠭᠤᠯᠵᠤ᠂ ︽ᠦᠨᠳᠦᠰᠦᠲᠡᠨ ᠤ ᠪᠦᠯᠬᠦᠮᠳᠡᠯ ᠲᠠᠪᠰᠢᠯᠳᠠ︾ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠨᠠᠷ ᠤᠨ ᠦᠷ᠎ᠡ︾ ᠶᠢᠨ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠬᠤ ᠬᠡᠷᠡᠭᠲᠡᠢ᠃        ᠪᠦᠬᠦᠳᠡ ᠬᠤᠷᠠᠯ ᠠᠴᠠ᠂ ᠲᠠᠬᠢᠨ ᠱᠤᠭᠤᠵᠤ ᠲᠠᠬᠢᠨ ᠴᠣᠭᠴᠠᠯᠠᠬᠤ ᠶᠢ ᠲᠦᠷᠭᠡᠳᠬᠡᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠲᠠᠯ᠎ᠠ ᠪᠠᠷ᠂ ᠤᠯᠤᠰ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠠᠰᠢᠭᠲᠠᠢ ᠲᠦᠷᠦ ᠶᠢᠨ ᠪᠤᠳᠤᠯᠭ᠎ᠠ ᠶᠢ ᠴᠢᠩᠭ᠎ᠠ ᠠᠩᠬᠠᠷᠴᠤ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠶᠡᠬᠡᠪᠡᠷ ᠬᠥᠭᠵᠢᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠦᠬᠦ ᠬᠦᠴᠦᠨ ᠢᠶᠠᠷ ᠢᠶᠠᠨ ᠪᠦᠲᠦᠴᠡ ᠶᠢ ᠲᠤᠬᠢᠷᠠᠭᠤᠯᠵᠤ᠂ ᠴᠢᠳᠠᠪᠬᠢ ᠶᠢ ᠬᠤᠪᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠬᠤ ᠲᠠᠯ᠎ᠠ ᠪᠠᠷ᠂ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠢᠯᠠᠩᠭᠤᠶ᠎ᠠ ︽ᠪᠢ  ᠪᠤᠰᠤᠳ ᠢ ᠬᠦᠷᠬᠦ ᠦᠭᠡᠢ︾ ᠭᠡᠬᠦ ᠣᠶᠢᠯᠠᠭᠠᠭᠳᠠᠬᠤᠨ ᠢ ᠲᠠᠶᠠᠭᠳᠠᠵᠤ᠂ ᠬᠥᠭᠵᠢᠭᠦᠯᠬᠦ ᠳᠤ ᠬᠡᠲᠦᠷᠬᠡᠶ ᠪᠠᠴᠢᠮᠳᠠᠬᠤ ᠬᠡᠷᠡᠭ ᠥᠬᠡᠶ ᠣᠶᠢᠯᠠᠭᠠᠭᠳᠠᠬᠤᠨ   ᠤ ᠦᠵᠡᠯᠲᠡ ᠶᠢ ᠲᠠᠶᠠᠭᠳᠠᠵᠤ᠂ ᠦᠵᠡᠯ ᠰᠠᠨᠠᠭᠠᠨ ᠤ ᠬᠤᠪᠢᠷᠠᠯᠲᠠ ᠪᠠᠷ ᠬᠥᠲᠥᠯᠦᠨ ᠲᠠᠭᠠᠭᠤᠯᠵᠥ ᠦᠢᠯᠡ ᠠᠵᠢᠯᠯᠠᠭ᠎ᠠ ᠶᠢᠨ ᠬᠤᠪᠢᠷᠠᠯᠲᠠ ᠪᠠᠷ ᠬᠥᠭᠵᠢᠯᠲᠡ ᠶᠢᠨ ᠬᠤᠪᠢᠷᠠᠯᠲᠠ ᠶᠢ ᠠᠬᠢᠭᠤᠯᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠲᠠᠯ᠎ᠠ ᠪᠠᠷ᠂ ᠶᠡᠷᠦᠩᠬᠡᠢ ᠱᠦᠵᠢ ᠰᠢ ᠶᠢᠨ ᠫᠢᠩ ᠤᠨ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠤᠳᠠᠭᠠᠨ᠂ ᠪᠦᠳᠦᠭᠦᠯᠢᠭ᠂ ᠬᠠᠭᠤᠷᠮᠠᠭ︾ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠤᠨ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨᠬᠦ ᠬᠡᠷᠡᠭᠯᠡᠵᠦ᠂ ᠡᠯ᠎ᠡ ᠵᠦᠢᠯ ᠤᠨ ᠠᠵᠢᠯ ᠤᠨ ᠬᠤᠷᠳᠤᠴᠠ ᠪᠠᠨ ᠲᠦᠷᠭᠡᠳᠬᠡᠵᠦ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠬᠤ ᠲᠠᠯ᠎ᠠ ᠪᠠᠷ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠪᠣᠳᠠᠲᠠᠶ ᠰᠤᠳᠤᠯᠤᠨ ᠰᠢᠢᠳᠪᠦᠷᠢᠯᠡᠬᠦ ᠶᠢ ᠴᠢᠬᠤᠯᠠᠴᠢᠯᠠᠵᠤ᠂ ᠨᠢᠭᠡ ᠯᠡ ᠳᠡᠭᠡᠷ᠎ᠡ ᠲᠤᠤᠱᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂  ᠪᠣᠳᠠᠲᠠᠶ ᠦᠷ᠎ᠡ  ᠪᠦᠳᠦᠮᠵᠢᠳᠦ ᠰᠢᠯᠭᠠᠯᠲᠠ ᠶᠢᠨ ᠬᠠᠭᠤᠳᠠᠰᠦ ᠲᠤᠰᠢᠶᠠᠬᠤ ᠬᠡᠷᠡᠭᠲᠡᠶ᠃        ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠠᠭᠠᠰ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠵᠢᠯ ᠤᠨ ᠡᠬᠢᠨ ᠠᠴᠠ ᠨᠠᠰᠢ᠂ ᠬᠤᠰᠢᠭᠤ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ  ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠪᠤᠨ ᠶᠡᠭᠡ ᠡᠭᠦᠷᠭᠡ ᠶᠢ ᠰᠤᠷᠤᠯᠴᠠᠨ ᠲᠤᠤᠱᠯᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠨᠡᠮᠡᠭᠳᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠭᠤᠤᠯᠯᠠᠬᠤ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭ᠎ᠠ ᠪᠣᠳᠠᠲᠠᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ᠂ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠰᠠᠶᠢᠵᠢᠷᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠰᠤᠷᠲᠠᠯ ᠢᠯᠡᠳᠲᠡ ᠬᠤᠪᠢᠷᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠢᠲᠡᠭᠡᠯ ᠵᠣᠷᠢᠭ ᠢᠶᠠᠨ ᠨᠠᠩ ᠴᠢᠩᠭ᠎ᠠ ᠪᠣᠯᠭᠠᠪᠠ᠃ ᠪᠦᠬᠦ ᠬᠤᠰᠢᠭᠤ ᠪᠠᠷ ᠢᠶᠠᠨ ᠬᠡᠵᠢᠶᠡᠳᠡ ᠬᠤᠶᠢᠷᠭᠤᠰᠢᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠣᠪᠣᠷ ᠪᠠᠶᠢᠳᠠᠯ ᠢᠶᠠᠨ ᠦᠷᠭᠦᠯᠵᠢᠯᠡᠨ ᠪᠠᠷᠢᠮᠲᠠᠯᠠᠵᠤ᠂ ᠪᠠᠶᠢᠩᠭᠤ ᠶᠢᠨ ᠬᠤᠷᠢᠶᠠᠨ ᠤ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠳᠣᠣᠷ᠎ᠠ ᠬᠠᠭᠠᠰ ᠵᠢᠯ ᠤᠨ ᠡᠭᠦᠷᠭᠡ ᠪᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠡᠶᠡᠯᠡᠭᠦᠯᠬᠦ ᠬᠡᠷᠡᠭᠲᠡᠢ  ᠭᠡᠵᠡᠢ᠃     ᠪᠥᠬᠦᠳᠡ ᠬᠤᠷᠠᠯ ᠠᠴᠠ ᠤᠷᠶᠠᠯᠠᠬᠰᠠᠨ   ᠨᠢ᠂ ᠪᠥᠬᠦ ᠬᠤᠰᠢᠭᠤᠨ ᠤ  ᠡᠯ᠎ᠡ ᠱᠠᠲᠤᠨ ᠤ ᠬᠢᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠭᠦᠨ ᠵᠤᠵᠠᠭᠠᠨ ᠬᠠᠶᠢᠷ᠎ᠠ ᠬᠠᠯᠠᠮᠵᠢ ᠶᠢ ᠰᠡᠳᠬᠢᠯ ᠳᠡᠯᠪᠢᠨ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠢ  ᠃  
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号