| | ᠡᠷᠳᠡᠨᠢ ᠰᠢᠰᠢ ᠶᠢᠨ ᠦᠶᠡᠯᠡᠬᠦ ᠬᠤᠭᠤᠴᠠᠭᠠᠨ ᠳᠤ ᠨᠠᠪᠴᠢᠨ ᠤ ᠭᠠᠳᠠᠷᠭᠤ ᠳᠤ ᠲᠤᠰᠬᠠᠢ ᠬᠡᠷᠡᠭᠯᠡᠭᠡᠨ ᠤ | ᠤᠷᠭᠤᠯᠲᠠ ᠶᠢ ᠲᠣᠬᠢᠷᠠᠭᠤᠯᠬᠤ ᠡᠳ᠋ ᠢ ᠰᠦᠷᠴᠢᠨ ᠣᠷᠣᠭᠤᠯᠵᠤ ᠬᠢᠮᠢ ᠶᠢᠨ ᠲᠣᠬᠢᠷᠠᠭᠤᠯᠤᠯ ᠡᠵᠡᠮᠳᠡᠯ ᠬᠢᠬᠦ ︵ | ᠳᠣᠷᠣᠭᠰᠢ ᠬᠢᠮᠢ ᠶᠢᠨ ᠡᠵᠡᠮᠰᠢᠯ ᠭᠡᠵᠦ ᠲᠣᠪᠴᠢᠯᠠᠨ᠎ᠠ︶ ᠨᠢ ᠰᠠᠭᠤᠷᠢ ᠬᠡᠰᠡᠭ ᠤᠨ ᠬᠤᠭᠤᠷᠣᠨᠳᠣᠬᠢ 1-5 | ᠦᠶ᠎ᠡ ᠶᠢᠨ ᠬᠤᠭᠤᠷᠣᠨᠳᠣᠬᠢ ᠣᠷᠳᠣ ᠪᠠ ᠪᠦᠳᠦᠭᠦᠨ ᠡᠰᠢ ᠶᠢᠨ ᠦᠶ᠎ᠡ ᠶᠢ ᠪᠦᠲᠦᠮᠵᠢᠲᠡᠶ ᠪᠠᠭᠤᠷᠠᠭᠤᠯᠵᠤ᠂ | ᠦᠨᠳᠦᠰᠦ ᠶᠢᠨ ᠰᠢᠰᠲ᠋ᠧᠮ ᠤᠨ ᠤᠷᠭᠤᠯᠲᠠ ᠶᠢ ᠠᠬᠢᠭᠤᠯᠤᠨ᠂ ᠡᠰᠢ ᠨᠢᠷᠤᠭᠤᠨ ᠤ ᠳᠠᠭᠠᠭᠠᠴᠠ ᠴᠢᠳᠠᠪᠤᠷᠢ ᠶᠢ | ᠳᠡᠭᠡᠭᠰᠢᠯᠡᠭᠦᠯᠵᠦ᠂ ᠨᠢᠭᠲᠠ ᠳᠠᠷᠢᠬᠤ ᠨᠥᠬᠦᠴᠡᠯ ᠳᠣᠣᠷ᠎ᠠ᠂ ᠥᠨᠳᠥᠷ ᠶᠠᠰᠤ ᠴᠢᠨᠠᠷ ᠲᠠᠢ ᠰᠦᠷᠦᠭᠵᠢᠯ ᠢ ᠪᠠᠶᠢᠭᠤᠯᠵᠤ | ᠂ ᠥᠨᠳᠥᠷ ᠤᠨᠠᠯᠲᠠ ᠤᠯᠬᠤ ᠶᠢᠨ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ | ᠬᠢᠮᠢ ᠶᠢᠨ ᠡᠵᠡᠮᠳᠡᠯ ᠤᠨ ᠭᠠᠵᠠᠷ᠄ ᠡᠷᠳᠡᠨᠢ ᠰᠢᠰᠢ ᠶᠢᠨ ᠮᠦ ᠶᠢᠨ ᠬᠠᠮᠠᠭᠠᠯᠠᠯᠲᠠ ᠶᠢᠨ ᠴᠢᠬᠢ 5000 | ᠰᠠᠭᠤᠷᠢ / ᠮᠦ ᠶᠢ ᠳᠠᠪᠠᠭᠰᠠᠨ᠃ | ᠬᠢᠮᠢ ᠶᠢᠨ ᠡᠵᠡᠮᠰᠢᠯ ᠤᠨ ᠬᠤᠭᠤᠴᠠᠭ᠎ᠠ᠄ ᠡᠷᠳᠡᠨᠢ ᠰᠢᠰᠢ 6 ᠠᠴᠠ 8 ᠨᠠᠪᠴᠢᠨ ᠤ ᠳᠡᠯᠭᠡᠯᠲᠡ ᠶᠢᠨ | ᠬᠤᠭᠤᠴᠠᠭ᠎ᠠ᠃ | ᠤᠷᠪᠠᠯᠵᠢ ᠶᠢᠨ ᠨᠠᠶᠢᠷᠠᠯᠭ᠎ᠠ᠄ ᠡᠷᠳᠡᠨᠢ ᠰᠢᠰᠢ ᠶᠢᠨ ᠳᠡᠭᠡᠷ᠎ᠡ ᠲᠡᠮᠳᠡᠭᠯᠡᠭᠦᠯᠦᠭᠰᠡᠨ ᠬᠢᠮᠢ ᠶᠢᠨ ᠡᠵᠡᠮᠰᠢᠯ ᠤᠨ | ᠪᠦᠲᠦᠭᠡᠭᠳᠡᠬᠦᠨ᠂ ᠵᠢᠱᠢᠶᠡᠯᠡᠪᠡᠯ ᠠᠮᠢᠨ ᠤ ᠰᠣᠷᠭᠤᠭ ᠡᠲ᠋ᠢᠯᠧᠡ ᠢ ᠰᠣᠩᠭᠤᠨ ᠬᠡᠷᠡᠭᠯᠡᠵᠦ᠂ ᠪᠦᠲᠦᠭᠡᠭᠳᠡᠬᠦᠨ ᠤ | ᠲᠣᠳᠣᠷᠬᠠᠶᠢᠯᠠᠯᠲᠠ ᠶᠢᠨ ᠬᠡᠮᠵᠢᠶ᠎ᠡ ᠪᠠ ᠥᠳᠬᠡᠴᠡ ᠶᠢ ᠴᠢᠩᠭ᠎ᠠ ᠵᠢᠷᠤᠮᠯᠠᠨ ᠡᠮ ᠤᠨ ᠰᠢᠩᠭᠡᠨ ᠢ ᠨᠠᠶᠢᠷᠠᠭᠤᠯᠤᠨ᠎ᠠ᠂ | ᠳᠤᠷ᠎ᠠ ᠪᠠᠷ ᠢᠶᠠᠨ ᠡᠮ ᠤᠨ ᠬᠡᠮᠵᠢᠶ᠎ᠡ ᠪᠠ ᠡᠮ ᠤᠨ ᠰᠢᠩᠭᠡᠨ ᠤ ᠥᠳᠬᠡᠴᠡ ᠶᠢ ᠨᠡᠮᠡᠭᠳᠡᠭᠦᠯᠵᠦ ᠪᠣᠯᠬᠤ ᠦᠭᠡᠢ᠂ | ᠡᠮ ᠤᠨ ᠰᠢᠩᠭᠡᠨ ᠢ ᠨᠠᠶᠢᠷᠠᠭᠤᠯᠬᠤ ᠶᠢᠨ ᠳᠠᠭᠠᠤ ᠬᠡᠷᠡᠭᠯᠡᠬᠦ ᠬᠡᠷᠡᠭᠲᠡᠢ᠂ ᠶᠡᠷᠦ ᠳᠡᠭᠡᠨ ᠪᠤᠰᠤᠳ ᠲᠠᠷᠢᠶᠠᠨ ᠡᠮ ᠪᠠ | ᠬᠢᠮᠢ ᠶᠢᠨ ᠪᠣᠷᠳᠣᠭᠤᠷ ᠲᠠᠢ ᠬᠤᠯᠢᠵᠤ ᠬᠡᠷᠡᠭᠯᠡᠵᠦ ᠪᠣᠯᠬᠤ ᠦᠭᠡᠢ᠃ ᠬᠢᠮᠢ ᠶᠢᠨ ᠡᠵᠡᠮᠰᠢᠯ ᠤᠨ ᠦᠷ᠎ᠡ ᠪᠦᠲᠦᠮᠵᠢ ᠶᠢ | ᠪᠠᠲᠤᠯᠠᠵᠤ᠂ ᠤᠰᠤᠨ ᠤ ᠬᠡᠮᠵᠢᠶ᠎ᠡ ᠶᠢ ᠵᠠᠪᠠᠯ ᠭᠦᠢᠴᠡᠳ ᠬᠠᠩᠭᠠᠬᠤ ᠶᠢᠨ ᠲᠥᠯᠥᠭᠡ᠂ ᠶᠡᠷᠦ ᠳᠡᠭᠡᠨ ᠮᠦ ᠪᠦᠷᠢ ᠳᠤ | 30-40 ᠺᠢᠯᠣᠭ᠍ᠷᠠᠮ ᠤᠰᠤ ᠰᠦᠷᠴᠢᠬᠦ ᠶᠢ ᠱᠠᠭᠠᠷᠳᠠᠨ᠎ᠠ᠃ | ᠰᠦᠷᠴᠢᠨ ᠣᠷᠣᠭᠤᠯᠬᠤ ᠠᠷᠭ᠎ᠠ᠄ ᠡᠰᠢᠲᠠᠢ ᠰᠦᠷᠴᠢᠭᠦᠷ ᠢᠶᠠᠷ ᠠᠵᠢᠯᠯᠠᠬᠤ ᠶᠢ ᠰᠠᠨᠠᠭᠤᠯᠵᠤ᠂ ᠰᠦᠷᠴᠢᠨ | ᠣᠷᠣᠭᠤᠯᠬᠤ ᠳᠤ ᠵᠢᠭᠳᠡ᠂ ᠠᠬᠠᠳᠠᠭᠤᠯᠬᠤ ᠦᠭᠡᠢ ᠭᠤᠭᠤᠵᠢᠭᠤᠯᠬᠤ ᠦᠭᠡᠢ ᠪᠠᠶᠢᠯᠭᠠᠬᠤ ᠶᠢ ᠪᠠᠲᠤᠯᠠᠨ᠎ᠠ︔ | ᠵᠢᠯᠣᠭᠤᠴᠢ ᠦᠭᠡᠢ ᠨᠢᠰᠬᠡᠯ ᠢᠶᠠᠷ ᠰᠦᠷᠴᠢᠬᠦ ᠶᠢ ᠰᠠᠨᠠᠭᠠᠴᠢᠯᠠᠬᠤ ᠦᠭᠡᠢ᠃ | ᠠᠩᠬᠠᠷᠬᠤ ᠵᠦᠢᠯ᠄ | 1. ᠬᠡᠲᠦ ᠡᠷᠲᠡ ᠪᠤᠶᠤ ᠬᠡᠲᠦ ᠣᠷᠣᠢ ᠬᠢᠮᠢ ᠶᠢᠨ ᠡᠵᠡᠮᠳᠡᠯ ᠬᠢᠵᠦ ᠪᠣᠯᠬᠤ ᠦᠭᠡᠢ᠃ 6 ᠢᠯᠲᠠᠰᠤ ᠨᠠᠪᠴᠢ | ᠲᠡᠯᠭᠡᠬᠦ ᠠᠴᠠ ᠡᠮᠦᠨ᠎ᠡ ᠭᠡᠷᠡᠭᠯᠡᠪᠡᠯ ︵ᠬᠡᠲᠦᠷᠬᠡᠢ ᠡᠷᠲᠡ ᠬᠥᠭᠵᠢᠬᠦ ᠶᠢ ᠬᠢᠵᠠᠭᠠᠷᠯᠠᠨ᠎ᠠ︶ ᠬᠢᠮᠢ ᠶᠢᠨ ᠡᠵᠡᠮᠳᠡᠯ ᠤᠨ | ᠦᠷ᠎ᠡ ᠳ᠋ᠦᠩ ᠢ ᠨᠥᠯᠥᠭᠡᠯᠡᠵᠦ᠂ ᠬᠡᠰᠡᠭ ᠡᠷᠳᠡᠨᠢ ᠰᠢᠰᠢ ᠶᠢᠨ ᠡᠰᠢ ᠨᠢ ᠨᠠᠷᠢᠨ ᠣᠷᠳᠣ ᠵᠥᠭᠡᠯᠡᠨ ᠪᠠᠭᠤᠷᠠᠢ᠂ ᠬᠡᠰᠡᠭ | ᠤᠷᠭᠤᠮᠠᠯ ᠤᠨ ᠥᠰᠦᠯᠲᠡ ᠨᠢ ᠤᠳᠠᠭᠠᠨ᠂ ᠡᠰᠢ ᠨᠢ ᠬᠡᠲᠦ ᠳᠣᠣᠷ᠎ᠠ ᠪᠤᠯᠳᠠᠭ︔ 8 ᠢᠯᠲᠠᠰᠤ ᠨᠠᠪᠴᠢ | ᠳᠡᠯᠭᠡᠭᠰᠡᠨ ᠤ ᠳᠠᠷᠠᠭ᠎ᠠ ᠬᠡᠷᠡᠭᠯᠡᠪᠡᠯ ᠡᠷᠳᠡᠨᠢ ᠰᠢᠰᠢ ᠶᠢ ᠬᠡᠪ ᠤᠨ ᠪᠤᠰᠤ ᠪᠠᠷ ᠠᠭᠰᠢᠭᠤᠯᠬᠤ ᠦᠵᠡᠭᠳᠡᠯ ᠡᠭᠦᠰᠬᠡᠵᠦ᠂ | ᠡᠷᠳᠡᠨᠢ ᠰᠢᠰᠢ ᠶᠢᠨ ᠡᠷ᠎ᠡ ᠲᠦᠷᠦᠭᠦᠦ᠂ ᠡᠮ᠎ᠡ ᠲᠦᠷᠦᠭᠦᠦ ᠶᠢᠨ ᠢᠯᠭᠠᠷᠠᠯ ᠢ ᠨᠥᠯᠥᠭᠡᠯᠡᠨ᠎ᠡ᠃ | 2. ᠰᠠᠯᠬᠢ ᠦᠭᠡᠢ ᠲᠤᠩᠭᠠᠯᠠᠭ ᠦᠳᠡ ᠶᠢᠨ ᠡᠮᠦᠨ᠎ᠡ ᠪᠤᠶᠤ ᠦᠳᠡᠰᠢ ᠶᠢ ᠰᠤᠩᠭᠤᠨ ᠡᠮ ᠰᠦᠷᠴᠢᠨ᠂ ᠶᠡᠭᠡ | ᠰᠠᠯᠬᠢ ᠲᠠᠢ ᠡᠳᠦᠷ ᠪᠤᠶᠤ ᠪᠣᠷᠣᠭᠠᠨ ᠲᠠᠢ ᠡᠳᠦᠷ ᠰᠦᠷᠴᠢᠵᠦ ᠪᠣᠯᠬᠤ ᠦᠭᠡᠢ᠂ ᠵᠢᠭᠳᠡ ᠪᠤᠰᠤ ᠰᠦᠷᠴᠢᠵᠦ ᠶᠡᠭᠡ | ᠪᠠᠭ᠎ᠠ ᠴᠢᠬᠢ ᠶᠢ ᠪᠣᠢ ᠪᠣᠯᠭᠠᠬᠤ ᠠᠴᠠ ᠵᠠᠶᠢᠯᠠᠰᠬᠢᠬᠤ ᠬᠡᠷᠡᠭᠲᠡᠢ᠃ | 3. ᠡᠮ ᠰᠦᠷᠴᠢᠬᠦ ᠳᠡᠭᠡᠨ ᠵᠢᠭᠳᠡ ᠰᠦᠷᠴᠢᠵᠦ᠂ ᠴᠢᠳᠠᠬᠤ ᠶᠢᠨ ᠬᠢᠷᠢ ᠪᠠᠷ ᠳᠡᠭᠡᠳᠦ ᠬᠡᠰᠡᠭ ᠤᠨ ᠨᠠᠪᠴᠢᠨ | ᠲᠡᠭᠡᠷ᠎ᠡ ᠰᠦᠷᠴᠢᠨ᠎ᠡ᠃ ᠬᠡᠷᠪᠡ ᠰᠦᠷᠴᠢᠭᠰᠡᠨ ᠤ ᠳᠠᠷᠠᠭ᠎ᠠ 6 ᠴᠠᠭ ᠤᠨ ᠳᠣᠲᠣᠷ᠎ᠠ ᠪᠣᠷᠣᠭᠠᠨ ᠲᠣᠬᠢᠶᠠᠯᠳᠤᠪᠠᠯ᠂ | ᠪᠣᠷᠣᠭᠠᠨ ᠤ ᠳᠠᠷᠠᠭ᠎ᠠ ᠪᠠᠶᠢᠳᠠᠯ ᠢ ᠨᠢ ᠦᠵᠡᠵᠦ ᠳᠠᠬᠢᠨ ᠡᠮ ᠤᠨ ᠨᠠᠶᠢᠷᠠᠯᠭ᠎ᠠ ᠶᠢ ᠰᠦᠷᠴᠢᠵᠦ ᠣᠷᠣᠭᠤᠯᠤᠨ᠎ᠠ᠂ | ᠭᠡᠬᠦ ᠳᠡᠭᠡᠨ ᠳᠠᠬᠢᠨ ᠰᠦᠷᠴᠢᠬᠦ ᠬᠡᠮᠵᠢᠶ᠎ᠡ ᠶᠢ ᠬᠠᠭᠠᠰ ᠢᠶᠠᠷ ᠪᠠᠭᠠᠰᠬᠠᠨ᠎ᠠ᠃ ᠥᠨᠳᠥᠷ ᠳᠤᠯᠠᠭᠠᠨ ᠭᠠᠩ ᠬᠠᠭᠤᠷᠠᠢ | ᠠᠭᠤᠷ ᠠᠮᠢᠰᠬᠤᠯ ᠤᠨ ᠨᠥᠬᠦᠴᠡᠯ ᠳᠣᠣᠷ᠎ᠠ ᠬᠢᠮᠢ ᠶᠢᠨ ᠡᠵᠡᠮᠳᠡᠯ ᠤᠨ ᠡᠮ ᠬᠡᠷᠡᠭᠯᠡᠬᠦ ᠬᠡᠮᠵᠢᠶ᠎ᠡ ᠶᠢ ᠵᠣᠬᠢᠬᠤ | ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | 4. ᠬᠢᠮᠢ ᠶᠢᠨ ᠡᠵᠡᠮᠳᠡᠯ ᠤᠨ ᠦᠷ᠎ᠡ ᠪᠦᠲᠦᠮᠵᠢ ᠶᠢ ᠪᠠᠲᠤᠯᠠᠬᠤ ᠶᠢᠨ ᠲᠤᠰᠠᠳᠠ᠂ ᠴᠢᠬᠢ ᠶᠢᠨ ᠪᠠᠶᠢᠳᠠᠯ ᠢ | ᠦᠨᠳᠦᠰᠦᠯᠡᠨ ᠡᠷᠳᠡᠨᠢ ᠰᠢᠰᠢ ᠶᠢᠨ ᠬᠢᠮᠢ ᠶᠢᠨ ᠡᠵᠡᠮᠳᠡᠯ ᠤᠨ ᠠᠵᠢᠯ ᠳᠠᠭᠤᠰᠤᠭᠰᠠᠨ ᠤ ᠳᠠᠷᠠᠭ᠎ᠠ 5-10 ᠡᠳᠦᠷ ᠤᠨ | ᠳᠣᠲᠣᠷ᠎ᠠ ᠤᠰᠤᠯᠠᠵᠤ ᠪᠣᠷᠳᠣᠭᠤᠷ ᠣᠷᠣᠭᠤᠯᠬᠤ ᠬᠡᠷᠡᠭᠲᠡᠢ᠂ ᠤᠷᠭᠤᠴᠠ ᠰᠠᠶᠢᠲᠠᠢ ᠪᠥᠭᠡᠳ ᠢᠳᠡᠷᠡᠭᠦᠨ ᠡᠷᠳᠡᠨᠢ | ᠰᠢᠰᠢ ᠳᠤ ᠤᠰᠤᠯᠠᠵᠤ ᠪᠣᠷᠳᠣᠭᠤᠷ ᠣᠷᠣᠭᠤᠯᠬᠤ ᠴᠠᠭ ᠢ ᠵᠣᠬᠢᠬᠤ ᠬᠡᠮᠵᠢᠶ᠎ᠡ ᠪᠠᠷ ᠬᠤᠶᠢᠰᠢᠯᠠᠭᠤᠯᠵᠤ᠂ ᠤᠷᠭᠤᠴᠠ | ᠪᠠᠭᠤᠷᠠᠢ ᠪᠤᠶᠤ ᠭᠠᠩᠳᠠᠭᠰᠠᠨ ᠪᠠᠶᠢᠳᠠᠯ ᠲᠠᠢ ᠡᠷᠳᠡᠨᠢ ᠰᠢᠰᠢ ᠳᠤ ᠵᠣᠬᠢᠬᠤ ᠬᠡᠮᠵᠢᠶ᠎ᠡ ᠪᠠᠷ ᠡᠷᠲᠡᠬᠡᠨ ᠤᠰᠤᠯᠠᠵᠤ | ᠪᠣᠷᠳᠣᠭᠤᠷ ᠣᠷᠣᠭᠤᠯᠬᠤ ᠬᠡᠷᠡᠭᠲᠡᠢ᠃ | 5. ᠴᠢᠬᠢ ᠨᠢ ᠪᠠᠭᠤᠷᠠᠢ᠂ ᠰᠢᠮ᠎ᠡ ᠲᠡᠵᠢᠭᠡᠯ ᠮᠠᠭᠤ᠂ ᠬᠥᠷᠥᠰᠥ ᠰᠢᠷᠣᠢ ᠲᠠᠴᠢᠷ ᠨᠢᠮᠭᠡᠨ᠂ ᠰᠢᠮ᠎ᠡ ᠲᠡᠵᠢᠭᠡᠯ | ᠳᠤᠲᠠᠮᠠᠭ᠂ ᠡᠮ ᠤᠨ ᠬᠥᠨᠥᠭᠡᠯ ᠳᠤ ᠤᠴᠠᠷᠠᠭᠰᠠᠨ ᠡᠷᠳᠡᠨᠢ ᠰᠢᠰᠢ ᠶᠢ ᠪᠣᠯᠭᠤᠮᠵᠢᠲᠠᠢ ᠬᠡᠷᠡᠭᠯᠡᠬᠦ ᠬᠡᠷᠡᠭᠲᠡᠢ︔ ᠴᠠᠭ | ᠠᠭᠤᠷ ᠦᠷᠭᠦᠯᠵᠢᠯᠡᠨ ᠭᠠᠩ ᠬᠠᠭᠤᠷᠠᠢ ᠪᠠᠶᠢᠵᠤ᠂ ᠡᠷᠳᠡᠨᠢ ᠰᠢᠰᠢ ᠶᠢᠨ ᠴᠢᠬᠢ ᠶᠢᠨ ᠥᠰᠦᠯᠲᠡ ᠤᠳᠠᠭᠠᠨ ᠪᠠᠶᠢᠪᠠᠯ | ᠪᠣᠯᠭᠤᠮᠵᠢᠲᠠᠢ ᠬᠡᠷᠡᠭᠯᠡᠬᠦ ᠬᠡᠷᠡᠭᠲᠡᠢ︔ ᠮᠠᠰᠢ ᠣᠷᠣᠢ ᠳᠠᠷᠢᠵᠤ᠂ ᠦᠰᠦᠯᠳᠡ ᠶᠢᠨ ᠬᠤᠭᠤᠴᠠᠭ᠎ᠠ ᠨᠢ ᠣᠬᠤᠷ ᠠᠴᠠ | ᠡᠷᠲᠡ ᠪᠤᠯᠪᠠᠰᠤᠷᠠᠭᠰᠠᠨ ᠡᠷᠳᠡᠨᠢ ᠰᠢᠰᠢ ᠶᠢᠨ ᠡᠭᠦᠯᠳᠡᠷ ᠢ ᠪᠣᠯᠭᠤᠮᠵᠢᠲᠠᠢ ᠬᠡᠷᠡᠭᠯᠡᠬᠦ ᠪᠤᠶᠤ ᠬᠡᠮᠵᠢᠶ᠎ᠡ ᠶᠢ ᠨᠢ | ᠵᠣᠬᠢᠰᠲᠠᠢ ᠪᠠᠷ ᠪᠠᠭᠠᠰᠬᠠᠨ ᠬᠡᠷᠡᠭᠯᠡᠬᠦ ᠬᠡᠷᠡᠭᠲᠡᠢ᠃ | 6. ᠰᠠᠯᠬᠢᠨ ᠤ ᠠᠮᠠ ᠪᠤᠶᠤ ᠦᠷᠭᠦᠯᠵᠢ ᠶᠡᠭᠡ ᠰᠠᠯᠬᠢ ᠭᠠᠷᠤᠭᠰᠠᠨ ᠤ ᠬᠠᠷᠠᠭ᠎ᠠ ᠪᠠᠷ ᠡᠰᠢ ᠨᠢᠷᠤᠭᠤ ᠨᠢ | ᠭᠡᠪᠳᠡᠪᠡᠯ 20% ᠶᠢᠨ ᠡᠮ ᠤᠨ ᠬᠡᠮᠵᠢᠶ᠎ᠡ ᠪᠠᠷ ᠬᠢᠮᠢ ᠶᠢᠨ ᠡᠵᠡᠮᠳᠡᠯ ᠬᠢᠬᠦ ᠪᠤᠶᠤ ᠬᠤᠶᠠᠷ ᠤᠳᠠᠭ᠎ᠠ ᠬᠢᠮᠢ ᠶᠢᠨ | ᠡᠵᠡᠮᠳᠡᠯ ᠬᠢᠨ᠎ᠡ᠂ ᠨᠢᠭᠡᠳᠦᠭᠡᠷ ᠤᠳᠠᠭ᠎ᠠ ᠨᠢ 6-8 ᠨᠠᠪᠴᠢ ᠳᠡᠯᠭᠡᠪᠡᠯ ᠶᠠᠪᠤᠭᠳᠠᠭᠤᠯᠵᠤ᠂ ᠬᠤᠶᠠᠳᠤᠭᠠᠷ ᠤᠳᠠᠭ᠎ᠠ ᠨᠢ | ᠡᠷ᠎ᠡ ᠰᠤᠭᠤᠯᠬᠤ ᠠᠴᠠ ᠡᠮᠦᠨ᠎ᠡ᠂ ᠳᠠᠷᠤᠢ ᠣᠨᠴᠠ ᠵᠠᠷᠢᠮ ᠤᠷᠭᠤᠮᠠᠯ ᠤᠨ ᠣᠷᠣᠢ ᠶᠢᠨ ᠬᠡᠰᠡᠭ ᠲᠤ ᠡᠷ᠎ᠡ | ᠲᠦᠷᠦᠭᠦᠦ ᠶᠢ ᠣᠯᠵᠤ ᠦᠵᠡᠬᠦ ᠦᠶ᠎ᠡ ᠳᠤ ᠶᠠᠪᠤᠭᠳᠠᠭᠤᠯᠬᠤ ᠬᠡᠷᠡᠭᠲᠡᠢ᠃ | ᠢᠷᠡᠯᠲᠡ᠄ ᠮᠠᠯ ᠲᠠᠷᠢᠶᠠᠯᠠᠩ ᠤᠨ ᠲᠢᠩᠬᠢᠮ |