ᠶᠠᠭᠤ ᠶᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ | ᠬᠤᠪᠢᠷᠠᠭᠤᠯᠬᠤ︾ ᠭᠡᠬᠦ ᠪᠤᠢ︖ | A᠄ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ | ︾ ᠭᠡᠳᠡᠭ ᠪᠣᠯ ᠨᠢᠭᠡᠨᠲᠡ ᠡᠵᠡᠩᠨᠡᠯᠲᠡ ᠶᠢᠨ ᠦᠨᠡᠮᠯᠡᠯ ᠠᠪᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ︵ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠭᠤᠶᠤᠴᠢᠯᠠᠨ ᠡᠷᠭᠢᠯᠡᠭᠰᠡᠨ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠬᠤ ᠦᠭᠡᠢ︶ ᠨᠢ ᠣᠲᠣ ᠶᠢᠨ ᠪᠠᠶᠢᠭ᠎ᠠ ᠦᠢᠯᠡᠳᠪᠦᠷᠢᠯᠡᠯ | ᠡᠵᠡᠩᠨᠡᠯᠲᠡ ᠶᠢᠨ ᠨᠥᠬᠦᠴᠡᠯ ᠢᠶᠠᠷ ᠰᠠᠭᠤᠷᠢ ᠪᠣᠯᠭᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ᠂ ᠺᠣᠮᠫᠠᠨᠢ ᠶᠢᠨ ᠳᠦᠷᠢᠮᠲᠦ ᠠᠵᠤ ᠠᠬᠤᠶᠢᠯᠠᠯ᠂ ᠬᠤᠪᠢ ᠬᠥᠮᠥᠨ ᠤ ᠲᠤᠰᠠᠭᠠᠷ ᠪᠡᠯᠡ | ᠣᠷᠣᠭᠤᠯᠤᠭᠰᠠᠨ ᠠᠵᠤ ᠠᠬᠤᠶᠢᠯᠠᠯ᠂ ᠬᠤᠷᠰᠢᠭᠰᠠᠨ ᠠᠵᠤ ᠠᠬᠤᠶᠢᠯᠠᠯ ᠢᠶᠠᠷ ᠳᠠᠭᠢᠵᠤ ᠳᠠᠩᠰᠠᠯᠠᠭᠤᠯᠤᠨ᠎ᠠ᠃ ︽ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠨᠡᠷᠡᠶᠢᠳᠦᠯ ᠢ ᠥᠭᠡᠷᠡᠴᠢᠯᠡᠭᠰᠡᠨ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ | ᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠣᠲᠣᠭᠠᠳᠤ ᠶᠢᠨ ᠵᠠᠰᠠᠯᠲᠠ ᠶᠢᠨ ᠪᠦᠲᠦᠴᠡ ᠶᠢ ᠰᠢᠯᠢᠳᠡᠭᠵᠢᠭᠦᠯᠵᠦ | ᠂ ᠬᠥᠭᠵᠢᠯᠲᠡ ᠶᠢᠨ ᠦᠷᠭᠦᠯᠵᠢᠯᠡᠬᠦ ᠴᠢᠨᠠᠷᠲᠠᠢ ᠠᠰᠠᠭᠤᠳᠠᠯ ᠢ ᠰᠢᠢᠳᠪᠦᠷᠢᠯᠡᠭᠰᠡᠨᠦ ᠢᠯᠡᠷᠡᠯ ᠪᠣᠯᠣᠨ᠎ᠠ᠃ | ᠶᠠᠮᠠᠷ ᠶᠠᠮᠠᠷ ᠪᠠᠶᠢᠳᠠᠯ ᠨᠢ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ | ᠪᠣᠯᠭᠠᠨ ᠬᠤᠪᠢᠷᠠᠭᠤᠯᠬᠤ︾ ᠳᠤ ᠲᠤᠬᠢᠷᠠᠬᠤ ᠪᠣᠶ︖ | A᠄ ᠨᠢᠭᠡᠨᠲᠡ ᠪᠦᠷᠢᠳᠬᠡᠭᠦᠯᠵᠦ ᠳᠠᠩᠰᠠᠯᠠᠭᠤᠯᠤᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︵ | ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠭᠤᠶᠤᠴᠢᠯᠠᠨ ᠡᠷᠭᠢᠯᠡᠭᠰᠡᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠪᠠᠭᠲᠠᠬᠤ ᠦᠭᠡᠢ︶ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠴᠥᠮ ︽ᠬᠤᠪᠢ | ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠪᠠᠷ | ᠭᠤᠶᠤᠴᠢᠯᠠᠵᠤ ᠪᠣᠯᠣᠨ᠎ᠠ᠄ | ᠣᠲᠣ ᠶᠢᠨ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠤᠨ ᠰᠠᠭᠤᠷᠢᠨ ᠳᠡᠭᠡᠷ᠎ᠡ᠂ ᠨᠢᠭᠡᠨᠲᠡ | ᠨᠡᠯᠢᠶᠡᠳ ᠶᠡᠭᠡ ᠬᠡᠪᠴᠢᠶᠡᠨ ᠤ ᠪᠤᠶᠤ ᠨᠢᠭᠡᠨᠲᠡ ᠡᠩ ᠤᠨ ᠭᠠᠶᠢᠯᠢ ᠲᠤᠰᠢᠶᠠᠭᠴᠢ ᠪᠠᠷ ᠳᠠᠩᠰᠠᠯᠠᠭᠤᠯᠤᠭᠰᠠᠨ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︔ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ᠂ ᠬᠤᠯᠪᠣᠯᠳᠤᠭᠰᠠᠨ ᠡᠵᠡᠩᠨᠡᠯᠲᠡ ᠶᠢᠨ | ᠬᠡᠯᠪᠡᠷᠢ ᠶᠢᠨ᠂ ᠬᠡᠪᠴᠢᠶᠡᠲᠦ ᠦᠢᠯᠡᠳᠪᠦᠷᠢᠯᠡᠯ ᠤᠨ ᠬᠡᠯᠪᠡᠷᠢ ᠶᠢᠨ ᠡᠵᠡᠩᠨᠡᠯᠲᠡ ᠶᠢ ᠡᠷᠭᠢᠯᠡᠨ ᠬᠢᠵᠦ ᠪᠠᠶᠢᠭ᠎ᠠ ᠪᠤᠶᠤ | ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠲᠠᠢ᠂ ᠵᠣᠬᠢᠬᠤ ᠥᠰᠦᠯᠲᠡ ᠶᠢᠨ ᠴᠢᠨᠠᠷᠲᠠᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ︔ | ᠥᠰᠦᠯᠲᠡ ᠶᠢᠨ ᠴᠢᠨᠠᠷ ᠢᠶᠠᠷ ᠰᠠᠶᠢᠨ᠂ ᠰᠠᠶᠢᠨ ᠳᠤᠷ᠎ᠠ ᠠᠴᠠ ᠪᠠᠨ ᠬᠡᠯᠪᠡᠷᠢ ᠪᠠᠨ ᠬᠤᠪᠢᠷᠠᠭᠤᠯᠤᠭᠰᠠᠨ | ᠪᠤᠰᠤᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠃ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ ᠳᠤ | ᠵᠢᠷᠤᠮᠯᠠᠬᠤ ᠵᠠᠷᠴᠢᠮ | A᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠡᠳ | ᠠᠵᠤ ᠠᠬᠤᠶᠢᠯᠠᠯ ᠪᠣᠯᠬᠤ ᠳᠤ᠂ ︽ᠢᠳᠡᠪᠬᠢᠲᠡᠢ ᠪᠠᠷ ᠬᠥᠲᠥᠯᠥᠨ ᠵᠢᠯᠤᠭᠤᠳᠬᠤ᠂ ᠰᠠᠶᠢᠨ ᠳᠤᠷ᠎ᠠ ᠶᠢ ᠬᠦᠨᠳᠦᠳᠬᠡᠬᠦ᠂ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ︾ ᠵᠠᠷᠴᠢᠮ ᠢ ᠵᠢᠷᠤᠮᠯᠠᠨ᠎ᠠ᠃ | | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠨᠢ ᠶᠠᠮᠠᠷ | ᠳᠤᠲᠠᠭᠳᠠᠯ ᠲᠠᠢ ᠪᠣᠢ︖ | A᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ | ᠳᠤᠲᠠᠮᠠᠭ᠂ ᠵᠠᠰᠠᠯᠲᠠ ᠶᠢᠨ ᠵᠠᠭᠪᠤᠷ ᠲᠠᠩ ᠴᠤᠯᠭᠤᠢ᠂ ᠪᠡᠯᠡ ᠣᠷᠣᠭᠤᠯᠤᠯᠲᠠ ᠶᠢᠨ ᠬᠡᠪᠴᠢᠶ᠎ᠡ ᠬᠢᠵᠠᠭᠠᠷᠲᠠᠢ᠂ ᠭᠠᠵᠠᠷ | ᠰᠢᠷᠣᠢ ᠥᠷᠢᠰᠦᠯᠳᠦᠵᠦ ᠳᠡᠶᠢᠯᠬᠦ ᠦᠭᠡᠢ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠣᠯᠬᠤ ᠳᠤ ᠬᠦᠴᠢᠷᠲᠡᠢ᠂ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠳᠣᠣᠷ᠎ᠠ ᠵᠡᠷᠭᠡ ᠳᠤᠲᠠᠭᠳᠠᠯ ᠲᠠᠢ ᠮᠥᠷᠲᠡᠭᠡᠨ ᠠᠵᠤ ᠠᠬᠤᠶᠢᠯᠠᠯ ᠲᠠᠢ | ᠬᠠᠷᠢᠴᠠᠭᠤᠯᠪᠠᠯ᠂ ᠬᠤᠳᠠᠯᠳᠤᠭᠠᠨ ᠤ ᠢᠲᠡᠭᠡᠮᠵᠢ᠂ ᠡᠵᠡᠩᠨᠡᠯᠲᠡ ᠶᠢᠨ ᠬᠦᠷᠢᠶ᠎ᠡ᠂ ᠨᠠᠷᠠᠲᠤ ᠲᠡᠮᠳᠡᠭ ᠤᠨ ᠦᠢᠯᠡᠳᠦᠯ᠂ | ᠥᠷᠢᠰᠦᠯᠳᠦᠬᠦ ᠴᠢᠳᠠᠪᠤᠷᠢ ᠵᠡᠷᠭᠡ ᠲᠠᠯ᠎ᠠ ᠪᠠᠷ ᠬᠠᠷᠢᠴᠠᠭᠤᠯᠤᠭᠰᠠᠨ ᠳᠠᠪᠠᠭᠤᠯᠢᠭ ᠢᠶᠠᠷ ᠳᠤᠲᠠᠮᠠᠭ ᠪᠠᠶᠢᠨ᠎ᠠ᠃ ᠠᠵᠤ | ᠠᠬᠤᠶᠢᠯᠠᠯ ᠪᠣᠯᠭᠠᠨ ᠲᠠᠰ ᠳᠡᠪᠰᠢᠭᠦᠯᠬᠦ ᠪᠣᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠠᠮᠢᠶᠠᠷᠤᠯᠲᠠ ᠶᠢᠨ ᠲᠣᠭᠲᠠᠴᠠ ᠪᠠᠨ ᠳᠡᠭᠡᠭᠰᠢᠯᠡᠭᠦᠯᠬᠦ᠂ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠲᠣᠰ | ᠪᠡᠶ᠎ᠡ ᠶᠢᠨ ᠬᠡᠷᠡᠭᠴᠡᠭᠡ ᠮᠥᠨ᠂ ᠡᠭᠦᠨ ᠤ ᠬᠠᠮᠲᠤ ᠪᠠᠰᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠳᠠᠷᠤᠭᠠᠰᠤ ᠪᠠᠨ ᠬᠥᠩᠭᠡᠷᠡᠭᠦᠯᠬᠦ᠂ ᠦᠷᠭᠦᠯᠵᠢᠯᠡᠨ ᠬᠥᠭᠵᠢᠭᠦᠯᠬᠦ ᠶᠢᠨ ᠬᠡᠷᠡᠭᠴᠡᠭᠡ ᠮᠥᠨ᠃ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ | ᠨᠢ ᠶᠠᠮᠠᠷ ᠰᠠᠶᠢᠨ ᠲᠠᠯ᠎ᠠ ᠲᠠᠢ ᠪᠣᠶ︖ | A᠄ ᠬᠠᠤᠯᠢ ᠶᠢᠨ ᠬᠠᠷᠢᠭᠤᠴᠠᠯᠭ᠎ᠠ ᠶᠢᠨ ᠲᠠᠯ᠎ᠠ ᠪᠠᠷ᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠢ | ᠬᠠᠤᠯᠢ ᠶᠢᠨ ᠬᠥᠮᠥᠨ ᠤ ᠬᠢᠷᠢ ᠬᠡᠮ ᠢ ᠪᠦᠷᠢᠯᠳᠦᠭᠦᠯᠦᠭᠰᠡᠨ ᠦᠭᠡᠢ᠂ ᠡᠵᠡᠩᠨᠡᠭᠴᠢ ᠨᠢ ᠬᠢᠵᠠᠭᠠᠷ ᠦᠭᠡᠢ | ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠂ ᠲᠤᠬᠠᠶᠢᠯᠠᠪᠠᠯ ᠬᠤᠪᠢ ᠬᠥᠮᠥᠨ ᠤ ᠪᠦᠬᠦ ᠡᠳ᠋ | ᠬᠥᠷᠥᠩᠭᠡ ᠪᠠᠷ ᠢᠶᠠᠨ ᠪᠦᠬᠦ ᠥᠭᠴᠡᠭᠡ ᠳᠤ ᠬᠠᠷᠢᠭᠤᠴᠠᠨ᠎ᠠ᠂ ᠬᠠᠷᠢᠨ ᠺᠣᠮᠫᠠᠨᠢ ᠶᠢᠨ ᠳᠦᠷᠢᠮᠲᠦ ᠠᠵᠤ ᠠᠬᠤᠶᠢᠯᠠᠯ | ᠪᠣᠯᠵᠤ ᠬᠤᠪᠢᠷᠠᠭᠰᠠᠨ ᠤ ᠲᠠᠷᠠᠭ᠎ᠠ ᠬᠠᠤᠯᠢ ᠶᠢᠨ ᠬᠥᠮᠥᠨ ᠤ ᠬᠢᠷᠢ ᠬᠡᠮ ᠲᠠᠢ ᠪᠣᠯᠣᠨ᠎ᠠ᠂ ᠺᠣᠮᠫᠠᠨᠢ ᠶᠢᠨ ᠬᠤᠪᠢ | ᠣᠷᠣᠭᠤᠯᠤᠭᠴᠢ ᠶᠢᠨ ᠡᠭᠦᠷᠭᠡᠯᠡᠵᠦ ᠪᠠᠶᠢᠭ᠎ᠠ ᠨᠢ ᠬᠢᠵᠠᠭᠠᠷᠲᠤ ᠬᠠᠷᠢᠭᠤᠴᠠᠯᠭ᠎ᠠ ᠪᠣᠯᠣᠨ᠎ᠠ᠂ ᠺᠣᠮᠫᠠᠨᠢ ᠶᠢᠨ | ᠥᠭᠴᠡᠭᠡ ᠳᠤ ᠵᠥᠪᠬᠡᠨ ᠲᠡᠭᠦᠨ ᠤ ᠪᠡᠯᠡ ᠭᠠᠷᠭᠠᠭᠰᠠᠨ ᠬᠡᠮᠵᠢᠶ᠎ᠡ ᠪᠠᠷ ᠨᠢ ᠬᠠᠷᠢᠭᠤᠴᠠᠯᠭ᠎ᠠ ᠡᠭᠦᠷᠭᠡᠯᠡᠨ᠎ᠡ᠂ ᠡᠨᠡ ᠨᠢ | ᠡᠵᠡᠩᠨᠡᠯᠲᠡ ᠶᠢᠨ ᠲᠦᠭᠰᠢᠭᠦᠷᠢ ᠶᠢ ᠬᠢᠵᠠᠭᠠᠷᠯᠠᠬᠤ ᠪᠠ ᠰᠡᠷᠭᠡᠶᠢᠯᠡᠬᠦ ᠳᠤ ᠠᠰᠢᠭᠲᠠᠢ ᠶᠤᠮ᠃ | ᠪᠡᠯᠡ ᠮᠥᠩᠭᠦ ᠣᠯᠬᠤ ᠲᠠᠯ᠎ᠠ ᠪᠠᠷ᠄ ᠨᠢᠭᠡ ᠲᠠᠯ᠎ᠠ ᠪᠠᠷ᠂ ᠠᠵᠤ ᠠᠬᠤᠶᠢᠯᠠᠯ ᠨᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠠᠴᠠ ᠨᠠᠩ ᠠᠮᠠᠷᠬᠠᠨ ᠪᠠᠩᠬᠢ ᠶᠢᠨ ᠵᠢᠭᠡᠯᠡᠯᠭᠡ ᠣᠯᠬᠤ ᠮᠥᠷᠲᠡᠭᠡᠨ ᠵᠢᠭᠡᠯᠡᠯᠭᠡ ᠶᠢᠨ ᠲᠤᠭ᠎ᠠ | ᠬᠡᠮᠵᠢᠶ᠎ᠡ ᠨᠢ ᠡᠳᠦᠢ ᠲᠡᠳᠦᠢ ᠨᠡᠮᠡᠭᠳᠡᠬᠦ ᠪᠣᠯᠣᠨ᠎ᠠ︔ ᠨᠦᠭᠦᠭᠡ ᠲᠠᠯ᠎ᠠ ᠪᠠᠷ᠂ ᠪᠡᠯᠡ ᠣᠷᠣᠭᠤᠯᠤᠯᠲᠠ ᠶᠢ ᠲᠠᠲᠠᠵᠤ᠂ | ᠤᠯᠠᠨ ᠬᠤᠪᠢ ᠣᠷᠣᠭᠤᠯᠤᠭᠴᠢ ᠪᠤᠶᠤ ᠬᠤᠷᠰᠢᠭᠴᠢ ᠶᠢᠨ ᠪᠡᠯᠡ ᠣᠷᠣᠭᠤᠯᠤᠯᠲᠠ ᠳᠤ ᠣᠷᠣᠯᠴᠠᠬᠤ ᠪᠠᠷ | ᠳᠠᠮᠵᠢᠭᠤᠯᠤᠨ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠡᠵᠡᠩᠨᠡᠯᠲᠡ ᠶᠢᠨ ᠬᠡᠪᠴᠢᠶ᠎ᠡ ᠪᠠᠨ | ᠥᠷᠭᠡᠳᠬᠡᠵᠦ ᠪᠣᠯᠣᠨ᠎ᠠ᠃ | ᠵᠠᠬ᠎ᠠ ᠳᠡᠯᠭᠡᠭᠦᠷ ᠢ ᠨᠥᠯᠥᠭᠡᠯᠡᠬᠦ ᠲᠠᠯ᠎ᠠ ᠪᠠᠷ᠄ ᠠᠵᠤ ᠠᠬᠤᠶᠢᠯᠠᠯ ᠨᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠠᠴᠠ ᠨᠡᠩ ᠠᠮᠠᠷᠬᠠᠨ ᠢᠶᠠᠷ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠬᠢᠵᠦ᠂ ᠢᠲᠡᠭᠡᠯ | ᠬᠦᠨᠳᠦ ᠪᠠᠷ ᠨᠡᠩ ᠥᠨᠳᠥᠷ ᠮᠥᠷᠲᠡᠭᠡᠨ ᠨᠡᠶᠢᠭᠡᠮ ᠤᠨ ᠡᠬᠢ ᠪᠠᠶᠠᠯᠢᠭ ᠢ ᠨᠡᠩ ᠠᠮᠠᠷᠬᠠᠨ ᠢᠶᠠᠷ ᠣᠯᠵᠤ᠂ ᠠᠵᠤ | ᠠᠬᠤᠶᠢᠯᠠᠯ ᠤᠨ ᠳᠡᠭᠡᠭᠰᠢᠯᠡᠬᠦ ᠣᠷᠣᠨ ᠵᠠᠢ ᠶᠢ ᠥᠷᠭᠡᠳᠬᠡᠨ᠎ᠡ᠃ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠲᠠᠯ᠎ᠠ ᠪᠠᠷ᠄ ᠬᠡᠯᠪᠡᠷᠢ ᠪᠠᠨ ᠬᠤᠪᠢᠷᠠᠭᠤᠯᠤᠭᠰᠠᠨ ᠤ ᠳᠠᠷᠠᠭᠠᠬᠢ | ᠠᠵᠤ ᠠᠬᠤᠶᠢᠯᠠᠯ ᠨᠢ ᠨᠡᠷ᠎ᠡ ᠳᠠᠪᠬᠤᠷᠳᠠᠬᠤ ᠦᠭᠡᠢ᠂ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠯᠲᠠ ᠶᠢᠨ | ᠲᠣᠭᠲᠠᠭᠠᠯ ᠢ ᠵᠥᠷᠢᠴᠡᠬᠦ ᠦᠭᠡᠢ ᠪᠠᠶᠢᠳᠠᠯ ᠳᠣᠣᠷ᠎ᠠ ᠤᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢᠨ ᠨᠡᠷ᠎ᠡ ᠶᠢ ᠦᠷᠭᠦᠯᠵᠢᠯᠡᠨ ᠬᠡᠷᠡᠭᠯᠡᠵᠦ ᠪᠣᠯᠣᠨ᠎ᠠ᠂ ᠡᠨᠡ ᠨᠢ ᠤᠤᠯ ᠤᠨ ᠨᠠᠷᠠᠲᠤ ᠲᠥᠷᠥᠯ ᠲᠡᠮᠳᠡᠭᠲᠦ ᠶᠢᠨ | ᠦᠷᠭᠦᠯᠵᠢᠯᠡᠬᠦ ᠴᠢᠨᠠᠷ ᠢ ᠬᠠᠳᠠᠭᠠᠯᠠᠵᠤ᠂ ᠠᠵᠤ ᠠᠬᠤᠶᠢᠯᠠᠯ ᠤᠨ ᠰᠣᠶᠣᠯ ᠤᠨ ᠪᠦᠷᠢᠯᠳᠦᠬᠦ ᠪᠠ ᠬᠤᠷᠠᠮᠳᠤᠬᠤ ᠳᠤ | ᠠᠰᠢᠭᠲᠠᠢ ᠶᠤᠮ᠃ | ᠴᠢᠳᠠᠪᠤᠷᠢᠲᠠᠨ ᠢ ᠲᠠᠲᠠᠬᠤ ᠲᠠᠯ᠎ᠠ ᠪᠠᠷ᠄ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠨᠡᠩ | ᠵᠢᠷᠤᠮᠵᠢᠭᠰᠠᠨ ᠠᠴᠠ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠴᠦ ᠨᠡᠩ | ᠲᠡᠭᠦᠯᠳᠡᠷᠵᠢᠭᠰᠡᠨ ᠪᠣᠯᠬᠤᠷ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠨᠡᠩ ᠠᠮᠠᠷᠬᠠᠨ ᠰᠢᠯᠢᠳᠡᠭ | ᠴᠢᠳᠠᠪᠤᠷᠢᠲᠠᠨ ᠢ ᠲᠠᠲᠠᠬᠤ ᠪᠠ ᠦᠯᠡᠳᠡᠭᠡᠵᠦ ᠠᠪᠬᠤ ᠪᠣᠯᠣᠨ᠎ᠠ᠃ | ᠬᠥᠭᠵᠢᠯᠲᠡ ᠶᠢᠨ ᠣᠷᠣᠨ ᠵᠠᠢ ᠶᠢᠨ ᠲᠠᠯ᠎ᠠ ᠪᠠᠷ᠄ ᠠᠵᠤ ᠠᠬᠤᠶᠢᠯᠠᠯ ᠨᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠠᠴᠠ ᠨᠠᠩ ᠠᠮᠠᠷᠬᠠᠨ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠬᠢᠵᠦ᠂ ᠢᠲᠡᠭᠡᠯ | ᠬᠦᠨᠳᠦ ᠶᠢᠨ ᠬᠡᠮᠵᠢᠶ᠎ᠡ ᠨᠢ ᠨᠠᠩ ᠥᠨᠳᠥᠷ ᠮᠥᠷᠲᠡᠭᠡᠨ ᠨᠡᠶᠢᠭᠡᠮ ᠤᠨ ᠡᠬᠢ ᠪᠠᠶᠠᠯᠢᠭ ︵ᠲᠥᠷᠥ ᠶᠢᠨ ᠪᠣᠳᠣᠯᠭ᠎ᠠ ᠶᠢᠨ | ᠳᠡᠮᠵᠢᠯᠭᠡ︶ ᠢ ᠨᠠᠩ ᠠᠮᠠᠷᠬᠠᠨ ᠣᠯᠵᠤ᠂ ᠠᠵᠤ ᠠᠬᠤᠶᠢᠯᠠᠯ ᠤᠨ ᠳᠡᠭᠡᠭᠰᠢᠯᠡᠬᠦ ᠣᠷᠣᠨ ᠵᠠᠢ ᠶᠢ ᠥᠷᠭᠡᠳᠬᠡᠨ᠎ᠡ᠃ | ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠶᠢ | ᠳᠠᠩᠰᠠᠯᠠᠬᠤ ᠲᠦᠷᠦ ᠶᠢᠨ ᠪᠣᠳᠣᠯᠭ᠎ᠠ | A᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠨ ᠲᠠᠰ | ᠳᠡᠪᠰᠢᠭᠦᠯᠬᠦ ᠳᠤ᠂ ᠳᠠᠩᠰᠠᠯᠠᠬᠤ ᠠᠷᠭ᠎ᠠ ᠮᠠᠶ᠋ᠢᠭ ᠢ ᠬᠦᠴᠦᠨ ᠦᠭᠡᠢ ᠪᠣᠯᠭᠠᠬᠤ ᠰᠢᠨ᠎ᠡ ᠪᠠᠷ ᠪᠠᠶᠢᠭᠤᠯᠬᠤ ᠵᠢᠷᠤᠮ ᠢᠶᠠᠷ | ᠭᠦᠢᠴᠡᠳᠬᠡᠨ᠎ᠡ᠂ ᠳᠠᠷᠤᠢ ᠤᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠦᠴᠦᠨ ᠦᠭᠡᠢ | ᠪᠣᠯᠭᠠᠬᠤ ᠳᠠᠩᠰᠠᠯᠠᠯᠲᠠ ᠬᠢᠬᠦ ᠶᠢᠨ ᠬᠠᠮᠲᠤ ᠠᠵᠤ ᠠᠬᠤᠶᠢᠯᠠᠯ ᠪᠠᠶᠢᠭᠤᠯᠬᠤ ᠪᠠᠷ ᠭᠤᠶᠤᠴᠢᠯᠠᠬᠤ ᠳᠠᠩᠰᠠᠯᠠᠯᠲᠠ ᠬᠢᠨ᠎ᠡ | ᠃ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠠᠵᠤ ᠠᠬᠤᠶᠢᠯᠠᠯ ᠤᠨ ᠲᠥᠷᠥᠯ ᠬᠡᠯᠪᠡᠷᠢ ᠶᠢ ᠬᠠᠤᠯᠢ ᠴᠠᠭᠠᠵᠠ | ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠡᠵᠡᠩᠨᠡᠭᠴᠢ ᠠᠴᠠ ᠡᠵᠡᠨ ᠮᠡᠳᠡᠵᠦ ᠰᠣᠩᠭᠤᠨ᠎ᠠ᠃ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠠᠵᠤ ᠠᠬᠤᠶᠢᠯᠠᠯ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠥᠨ ᠤ ᠲᠤᠰᠠᠭᠠᠷ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠤᠷᠰᠢᠭᠰᠠᠨ ᠠᠵᠤ ᠠᠬᠤᠶᠢᠯᠠᠯ ᠤᠨ ᠬᠠᠤᠯᠢ︾ ᠳᠤ ᠲᠣᠭᠲᠠᠭᠠᠭᠰᠠᠨ ᠭᠤᠣᠯ ᠴᠣᠭᠴᠠ ᠶᠢᠨ ᠴᠢᠬᠤᠯᠠ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠠᠵᠤ ᠠᠬᠤᠶᠢᠯᠠᠯ ᠤᠨ ᠪᠡᠯᠡ ᠣᠷᠣᠭᠤᠯᠤᠭᠴᠢ ᠳᠤ ᠤᠤᠯ ᠤᠨ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠭᠴᠢ ᠶᠢ ᠪᠠᠭᠲᠠᠭᠠᠭᠰᠠᠨ ᠪᠠᠶᠢᠬᠤ ᠬᠡᠷᠡᠭᠲᠡᠢ᠃ | | ᠨᠡᠷ᠎ᠡ ᠳᠠᠪᠬᠤᠷᠳᠠᠬᠤ ᠦᠭᠡᠢ ᠪᠠ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠯᠲᠠ ᠶᠢᠨ ᠲᠣᠭᠲᠠᠭᠠᠯ ᠢ | ᠵᠥᠷᠢᠴᠡᠬᠦ ᠦᠭᠡᠢ ᠤᠷᠢᠲᠠᠯ ᠳᠣᠣᠷ᠎ᠠ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠠᠵᠤ ᠠᠬᠤᠶᠢᠯᠠᠯ ᠨᠢ | ᠤᠤᠯ ᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷ᠎ᠡ ᠶᠢ ᠦᠷᠭᠦᠯᠵᠢᠯᠡᠨ ᠬᠡᠷᠡᠭᠯᠡᠵᠦ | ᠪᠣᠯᠣᠨ᠎ᠠ᠃ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠠᠵᠤ ᠠᠬᠤᠶᠢᠯᠠᠯ ᠨᠢ ᠤᠤᠯ ᠤᠨ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠲᠠᠯᠠᠪᠤᠷ ᠭᠠᠵᠠᠷ ᠢᠶᠠᠷ ᠠᠵᠤ ᠠᠬᠤᠶᠢᠯᠠᠯ ᠤᠨ | ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠪᠣᠯᠭᠠᠭᠰᠠᠨ ᠪᠠᠶᠢᠪᠠᠯ᠂ ᠤᠤᠯ ᠤᠨ ᠬᠤᠪᠢ ᠶᠢᠨ ᠠᠵᠤ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠩᠰᠠᠯᠠᠭᠤᠯᠬᠤ ᠦᠶ᠎ᠡ ᠳᠤ ᠲᠤᠰᠢᠶᠠᠭᠰᠠᠨ ᠥᠮᠴᠢᠯᠡᠬᠦ ᠡᠷᠬᠡ ᠶᠢᠨ | ᠭᠡᠷᠡᠴᠢ ᠨᠢ ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠮᠥᠨ ᠬᠦ ᠬᠦᠴᠦᠨ ᠲᠠᠢ ᠬᠡᠷᠡᠭᠯᠡᠬᠦ | ᠬᠤᠭᠤᠴᠠᠭᠠᠨ ᠳᠤ ᠪᠠᠶᠢᠪᠠᠯ᠂ ᠰᠠᠭᠤᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠤᠨ ᠡᠷᠬᠡ ᠶᠢᠨ | ᠬᠠᠷᠢᠶᠠᠯᠠᠯ ᠢ ᠭᠡᠷᠡᠴᠢᠯᠡᠬᠦ ᠪᠢᠴᠢᠭ ᠮᠠᠲ᠋ᠧᠷᠢᠶᠠᠯ ᠢ ᠦᠷᠭᠦᠯᠵᠢᠯᠡᠨ ᠬᠡᠷᠡᠭᠯᠡᠵᠦ ᠪᠣᠯᠣᠨ᠎ᠠ᠃ | | |