| | ᠣᠶᠢᠷ᠎ᠠ ᠶᠢᠨ ᠬᠤᠭᠤᠴᠠᠭᠠᠨ ᠳᠤ᠂ ᠲᠥᠪ ᠪᠠ ᠣᠷᠣᠨ ᠨᠤᠲᠤᠭ ᠤᠨ ᠬᠢᠨ ᠮᠠᠰᠢᠨ ᠲᠡᠷᠭᠡ ᠬᠤᠳᠠᠯᠳᠤᠨ | ᠠᠪᠬᠤ ᠶᠢ ᠬᠢᠵᠠᠭᠠᠷᠯᠠᠬᠤ ᠨᠥᠬᠦᠴᠡᠯ ᠢ ᠰᠤᠯᠠᠳᠬᠠᠵᠦ᠂ ᠬᠡᠷᠡᠭᠯᠡᠭᠡᠨ ᠤ ᠨᠥᠬᠦᠪᠥᠷᠢ ᠣᠯᠭᠤᠬᠤ᠂ ᠭᠠᠷ ᠳᠠᠮᠵᠢᠭᠰᠠᠨ | ᠮᠠᠰᠢᠨ ᠲᠡᠷᠭᠡᠨ ᠤ ᠠᠷᠠᠯᠵᠢᠶ᠎ᠠ ᠳᠤ ᠲᠥᠬᠦᠮ ᠦᠵᠡᠭᠦᠯᠵᠦ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠬᠤ ᠵᠡᠷᠭᠡ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠡᠯ᠎ᠡ ᠲᠠᠯ᠎ᠠ ᠠᠴᠠ ᠭᠠᠷᠳᠠᠵᠤ᠂ ᠤᠯᠤᠰ ᠤᠨ ᠳᠣᠲᠣᠭᠠᠳᠤ ᠶᠢᠨ ᠮᠠᠰᠢᠨ ᠲᠡᠷᠭᠡᠨ ᠤ ᠠᠵᠤ | ᠦᠢᠯᠡᠰ ᠤᠨ ᠵᠠᠬ᠎ᠠ ᠳᠡᠯᠭᠡᠭᠦᠷ ᠤᠨ ᠴᠢᠨᠠᠭᠰᠢᠳᠠ ᠬᠥᠭᠵᠢᠬᠦ ᠶᠢ ᠠᠬᠢᠭᠤᠯᠪᠠ᠃ ᠤᠮᠠᠷᠠᠲᠤ ᠶᠢᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠢᠢ ᠰᠢᠤᠸᠠᠢ ᠬᠤᠩ ᠰᠤᠷᠪᠤᠯᠵᠢᠯᠠᠭ᠎ᠠ ᠬᠦᠯᠢᠶᠡᠵᠤ | ᠬᠡᠯᠡᠬᠦ ᠳᠡᠭᠡᠨ᠂ | ᠤᠢᠢᠷ᠎ᠠ ᠶᠢᠨ ᠬᠤᠭᠤᠴᠠᠭᠠᠨ ᠳᠤ ᠮᠠᠰᠢᠨ ᠲᠡᠷᠭᠡᠨ ᠤ ᠪᠣᠷᠤᠯᠠᠭᠤᠯᠭ᠎ᠠ ᠶᠢ ᠠᠬᠢᠭᠤᠯᠬᠤ ᠤᠯᠠᠨ ᠲᠦᠷᠤ ᠶᠢᠨ | ᠪᠤᠳᠤᠯᠭ᠎ᠠ ᠶᠢ ᠨᠡᠶᠢᠲᠡᠯᠡᠭᠰᠡᠨ ᠨᠢ ᠮᠠᠰᠢᠨ ᠲᠡᠷᠭᠡᠨ ᠤ ᠠᠵᠤ ᠦᠢᠯᠡᠰ ᠤᠨ ᠠᠵᠤ ᠠᠬᠤᠢ ᠶᠢᠨ ᠳᠠᠶᠢᠴᠢᠯᠠᠬᠤ | ᠦᠢᠯᠡᠳᠦᠯ ᠢ ᠪᠠᠳᠠᠷᠠᠭᠤᠯᠬᠤ ᠳᠤ ᠠᠰᠢᠭᠲᠠᠢ ᠶᠤᠮ ᠭᠡᠵᠡᠢ᠃ ᠵᠢᠶ ᠰᠢᠤᠸᠠᠢ ᠬᠤᠩ ᠪᠠᠰᠠ ᠬᠡᠯᠡᠬᠦ ᠳᠡᠭᠡᠨ᠂ | ᠲᠥᠷᠥ ᠶᠢᠨ ᠪᠣᠳᠣᠯᠭ᠎ᠠ ᠶᠢ ᠠᠬᠢᠭᠤᠯᠬᠤ ᠳᠤ ᠨᠠᠷᠢᠨ ᠵᠦᠢᠯᠡᠰ ᠢ ᠴᠢᠨᠠᠭᠰᠢᠳᠠ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃ | ︽ᠮᠥᠩᠭᠦᠨ ᠭᠦᠢᠯᠭᠡᠭᠡᠨ ᠤ ᠲᠠᠯ᠎ᠠ ᠪᠠᠷ᠂ ᠬᠦᠦ ᠮᠥᠩᠭᠦ ᠶᠢᠨ ᠨᠣᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠵᠦ᠂ | ᠤᠷᠢᠳᠴᠢᠯᠠᠭ᠎ᠠ ᠮᠥᠩᠭᠦᠨ ᠤ ᠬᠠᠷᠢᠴᠠᠯ ᠢ ᠳᠣᠷᠣᠭᠰᠢᠯᠠᠭᠤᠯᠬᠤ ᠵᠡᠷᠭᠡ ᠶᠢ ᠪᠣᠳᠣᠯᠬᠢᠯᠠᠵᠤ ᠪᠣᠯᠤᠨ᠎ᠠ᠃ | ᠦᠢᠯᠡᠳᠬᠦᠨ ᠤ ᠲᠠᠯ᠎ᠠ ᠪᠠᠷ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠡᠷᠭᠡᠵᠢᠯ ᠲᠠᠰᠤᠷᠠᠯᠲᠠ ᠦᠭᠡᠶ ᠬᠥᠭᠵᠢᠵᠦ | ᠪᠠᠶᠢᠭ᠎ᠠ ᠪᠣᠯᠬᠤᠷ ᠠᠯᠪᠠᠨ ᠤ ᠲᠠᠯ᠎ᠠ ᠠᠴᠠ ᠨᠡᠩ ᠡᠷᠬᠡ ᠰᠦᠷ ᠲᠠᠢ ᠪᠥᠭᠡᠳ ᠨᠠᠶᠢᠳᠠᠪᠤᠷᠢᠲᠠᠶ ᠲᠤᠭ᠎ᠠ ᠪᠠᠷᠢᠮᠲᠠ ᠪᠣᠯᠤᠨ | ᠦᠨᠡᠯᠡᠯᠲᠡ ᠬᠢᠵᠦ᠂ ᠬᠡᠷᠡᠭᠯᠡᠭᠴᠢᠳ ᠢ ᠲᠤᠰᠠᠯᠠᠨ ᠪᠤᠰᠤᠳᠴᠢ ᠪᠥᠭᠡᠳ ᠵᠥᠪ ᠲᠠᠨᠢᠯᠲᠠ ᠲᠠᠢ ᠪᠣᠯᠭᠠᠵᠤ᠂ ᠤᠯᠤᠰ ᠤᠨ | ᠦᠢᠯᠡᠳᠬᠦᠨ ᠤ ᠰᠢᠯᠢᠳᠡᠭ ᠰᠠᠶᠢᠨ ᠨᠡᠷ᠎ᠡ ᠬᠦᠨᠳᠦ ᠶᠢ ᠪᠤᠶ ᠪᠣᠯᠭᠠᠬᠤ ᠬᠡᠷᠡᠭᠲᠡᠶ︾ ᠭᠡᠵᠡᠢ᠃ | ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ |