ᠠᠭᠤᠯᠠ ᠪᠠᠯᠭᠠᠰᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/8/16
    ᠡᠮᠦᠨᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ﹀ ᠶᠢ ᠦᠨᠡᠯᠡᠨ ᠲᠣᠭᠲᠠᠭᠠᠬᠤ ᠪᠠ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠮᠤᠩᠭᠤᠯ ᠤᠨ ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ﹇2020﹈ 322 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠰᠢᠶᠠᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ  ᠠᠩᠬᠠᠨ ᠤ ᠬᠢᠨᠠᠯᠲᠠ ᠬᠢᠬᠦ᠂ ᠲᠤᠰᠬᠠᠶ ᠮᠡᠷᠭᠡᠵᠢᠯᠲᠡᠨ ᠬᠢᠨᠠᠨ ᠲᠤᠬᠳᠠᠭᠠᠬᠤ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ︽ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠢᠯᠡ  ᠨᠡᠶᠢᠳᠡᠯᠡᠪᠡ᠃ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠪᠠᠯᠭᠠᠰᠤ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾  ᠢᠶᠠᠷ ᠰᠢᠯᠭᠠᠷᠠᠭᠤᠯᠤᠭᠰᠠᠨ 30 ᠨᠡᠷᠡᠰ ᠤᠨ ᠵᠢᠬᠰᠠᠭᠠᠯ ᠳᠤ ᠲᠤᠳᠤᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号