ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ | ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦ ᠣᠯᠠᠨ ᠳᠡᠰ ᠳᠠᠪᠬᠤᠷᠭ᠎ᠠ ᠶᠢᠨ ᠡᠮ | ᠡᠮᠨᠡᠯᠭᠡ ᠶᠢᠨ ᠪᠠᠲᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠭᠦᠯᠬᠦ ᠶᠢ ᠦᠷᠭᠦᠯᠵᠢᠯᠡᠨ ᠠᠬᠢᠭᠤᠯᠵᠤ᠂ ᠦᠨᠳᠦᠰᠦᠨ | ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠠᠷᠠᠳ ᠣᠯᠠᠨ ᠤ | ᠡᠪᠡᠳᠴᠢᠨ ᠦᠵᠡᠭᠦᠯᠵᠦ ᠡᠮᠨᠡᠭᠦᠯᠬᠦ ᠶᠢᠨ ᠬᠤᠶᠢᠰᠢᠳᠠ ᠶᠢᠨ ᠵᠣᠪᠠᠨᠢᠯ ᠢ ᠴᠢᠷᠮᠠᠶᠢᠨ ᠠᠷᠢᠯᠭᠠᠬᠤ ᠶᠢᠨ ᠲᠤᠰᠠᠳᠠ᠂ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ︽2023 ᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ | ︾ ︵ᠡᠮ ᠡᠮᠨᠡᠯᠭᠡ ᠶᠢᠨ ᠳᠠᠭᠠᠳᠬᠠᠯ ᠲᠠᠷᠬᠠᠭᠠᠭᠰᠠᠨ ﹇2023﹈ 24 ᠳ᠋ᠤᠭᠡᠷ ᠲᠣᠭᠠᠲᠤ᠂ ᠳᠣᠷᠣᠭᠰᠢ ︽ᠮᠡᠳᠡᠭᠳᠡᠯ | ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ | ᠳᠣᠣᠷᠠᠬᠢ ᠮᠡᠲᠦ ᠲᠠᠶᠢᠯᠤᠮᠵᠢ ᠬᠢᠶ᠎ᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ | ᠶᠠᠭᠤ ᠪᠤᠢ︖ | ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠠᠵᠤ ᠠᠬᠤᠢ ᠨᠡᠶᠢᠭᠡᠮ ᠤᠨ | ᠬᠥᠭᠵᠢᠯᠲᠡ᠂ ᠡᠮ ᠡᠮᠨᠡᠯᠭᠡ ᠶᠢᠨ ᠮᠡᠷᠭᠡᠵᠢᠯ ᠤᠨ ᠳᠠᠪᠰᠢᠯᠲᠠ᠂ ᠡᠮ ᠡᠮᠨᠡᠯᠭᠡ ᠶᠢᠨ ᠵᠠᠷᠤᠳᠠᠯ ᠤᠨ ᠨᠡᠮᠡᠭᠳᠡᠯ ᠪᠠ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ | ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠨ ᠪᠠᠶᠢᠴᠠᠭᠠᠵᠤ ᠪᠠᠲᠤᠯᠠᠭᠰᠠᠨ ︽2022 ᠣᠨ ᠤ ᠲᠥᠪ ᠤᠨ ᠪᠠ ᠣᠷᠣᠨ ᠨᠤᠲᠤᠭ ᠤᠨ | ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠥᠪ ᠤᠨ ᠪᠠ ᠣᠷᠣᠨ ᠨᠤᠲᠤᠭ ᠤᠨ | ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ︾ ᠳᠣᠲᠣᠷᠠᠬᠢ ︽ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠬᠥᠮᠥᠨ ᠪᠦᠷᠢ ᠵᠢᠯ ᠳᠤ 640 ᠲᠥᠭᠦᠷᠢᠭ | ᠬᠦᠷᠦᠭᠦᠯᠬᠦ ᠶᠢᠨ ᠬᠠᠮᠲᠤ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠡᠷᠭᠡᠪᠡᠷ ᠳᠡᠭᠡᠭᠰᠢᠯᠡᠭᠦᠯᠬᠦ︾ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ | ︾ ᠭᠡᠵᠦ ᠲᠣᠪᠴᠢᠯᠠᠨ᠎ᠠ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ 1020 ᠲᠥᠭᠦᠷᠢᠭ ᠪᠣᠯᠭᠠᠨ᠎ᠠ ᠭᠡᠵᠦ | ᠲᠣᠳᠣᠷᠬᠠᠢ ᠲᠣᠭᠲᠠᠭᠠᠪᠠ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ | ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠪᠣᠯᠭᠠᠨ᠎ᠠ᠃ ᠡᠭᠦᠨ ᠤ ᠬᠠᠮᠲᠤ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠬᠡᠷᠡᠭᠯᠡᠯᠲᠡ ᠶᠢ ᠨᠢᠭᠡᠳᠦᠯᠲᠡᠢ | ᠲᠥᠯᠥᠪᠯᠡᠵᠦ᠂ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠪᠠᠭᠤᠷᠠᠭᠤᠯᠬᠤ ᠦᠭᠡᠢ | ᠪᠠᠶᠢᠬᠤ ᠶᠢ ᠦᠨᠡᠨ ᠪᠠᠳᠤᠯᠠᠨ᠎ᠠ᠃ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ᠂ | ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠦᠷᠢᠮ ᠤᠨ ᠵᠢᠷᠤᠮᠵᠢᠯ ᠲᠠᠢ ᠨᠢᠭᠡᠳᠦᠯᠲᠡᠢ ᠪᠠᠶᠢᠬᠤ᠂ ᠬᠠᠷᠠᠭᠠᠯᠵᠠᠯ ᠤᠨ ᠪᠠᠲᠤᠯᠠᠭ᠎ᠠ ᠶᠢᠨ | ᠲᠡᠩᠴᠡᠭᠦᠷᠢᠲᠡᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ ᠭᠤᠣᠯᠳᠠᠭᠤ ᠭᠤᠷᠪᠠᠨ ᠲᠠᠯ᠎ᠠ | ᠪᠠᠭᠲᠠᠨ᠎ᠠ᠂ ᠨᠢᠭᠡ ᠳᠤ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠬᠡᠮᠵᠢᠶ᠎ᠡ ᠶᠢ ᠪᠠᠬᠢᠵᠢᠭᠦᠯᠵᠦ᠂ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠲᠣᠭᠲᠠᠭᠤᠨ | ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ | ᠲᠣᠭᠲᠠᠭᠤᠨ ᠢᠶᠠᠷ ᠲᠡᠭᠡᠭᠰᠢᠯᠡᠬᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ | ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂ ᠦᠷᠭᠦᠯᠵᠢᠯᠡᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠠᠰᠢ ᠬᠡᠯᠪᠡᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ ᠨᠥᠬᠦᠴᠡᠯ ᠲᠠᠢ ᠭᠠᠵᠠᠷ ᠣᠷᠣᠨ ᠨᠤᠭᠤᠳ ᠡᠭᠦᠳᠡᠨ ᠡᠮᠨᠡᠯᠭᠡ ᠶᠢᠨ | ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠮᠭᠡᠭ ᠬᠦᠷᠲᠡᠯ᠎ᠡ ᠥᠷᠭᠡᠳᠬᠡᠵᠦ ᠪᠣᠯᠣᠨ᠎ᠠ᠃ ᠭᠤᠷᠪᠠ ᠳᠤ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠤᠨ | ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮ | ᠡᠮᠨᠡᠯᠭᠡ ᠶᠢᠨ ᠰᠦᠢᠳᠭᠡᠯ ᠤᠨ ᠲᠠᠷᠤᠭᠠᠰᠤ ᠶᠢ ᠬᠦᠩᠭᠡᠷᠡᠬᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ | ᠪᠠᠰᠠ ᠨᠥᠬᠦᠴᠡᠯ ᠲᠠᠢ ᠮᠤᠵᠢ ᠣᠷᠣᠨ ᠤ ᠬᠢᠨ ᠬᠤᠯᠪᠣᠭᠳᠠᠯ ᠪᠦᠬᠦᠢ ᠠᠵᠢᠯ ᠤᠨ ᠰᠠᠭᠤᠷᠢ ᠪᠠᠨ ᠦᠷᠭᠦᠯᠵᠢᠯᠡᠨ | ᠪᠠᠬᠢᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ | ᠲᠥᠯᠥᠪᠯᠡᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠶᠠᠷ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠬᠤ᠂ | ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ | ᠱᠠᠭᠠᠷᠳᠠᠯᠭ᠎ᠠ ᠪᠠᠶᠢᠬᠤ ᠪᠤᠢ︖ | ︽ᠮᠡᠳᠡᠭᠳᠡᠯ︾ ᠳᠤ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠥᠷᠭᠡᠳᠬᠡᠬᠦ ᠶᠢ | ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ | ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠣᠷᠣᠯᠴᠠᠬᠤ | ᠶᠣᠰᠣᠲᠠᠢ ᠶᠢ ᠪᠦᠬᠦᠨ ᠢ ᠤᠷᠤᠯᠴᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ ᠰᠣᠷᠣᠭᠴᠢ | ᠬᠡᠦᠬᠡᠳ ᠪᠣᠯᠣᠨ ᠨᠢᠷᠠᠢ ᠬᠡᠦᠬᠡᠳ᠂ ᠨᠡᠭᠦᠳᠡᠯ ᠬᠥᠮᠥᠨ ᠠᠮᠠ ᠵᠡᠷᠭᠡ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ | ᠣᠷᠣᠯᠴᠠᠬᠤ ᠠᠵᠢᠯ ᠢ ᠦᠨᠡᠨ ᠬᠦ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠨᠠᠩ ᠣᠯᠠᠨ ᠬᠥᠮᠥᠰ ᠢ ᠳᠠᠶᠢᠴᠢᠯᠠᠨ | ᠳᠠᠭᠠᠳᠬᠠᠯ ᠳᠤ ᠣᠷᠣᠯᠴᠠᠭᠤᠯᠤᠨ᠎ᠠ᠃ ᠬᠤᠶᠠᠷ ᠲᠤ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠰᠢᠨ ᠰᠠᠭᠤᠬᠤ | ᠦᠨᠡᠮᠯᠡᠯ ᠢᠶᠠᠷ ᠢᠶᠠᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠳ ᠲᠤ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ | ᠠᠳᠠᠯᠢ ᠪᠠᠷᠢᠮᠵᠢᠶ᠎ᠠ ᠪᠠᠷ ᠨᠥᠬᠦᠪᠦᠷᠢ ᠤᠯᠭᠤᠨ᠎ᠠ᠃ ᠭᠤᠷᠪᠠ ᠳᠤ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠨ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠳᠥᠷᠪᠡ ᠳᠤ᠂ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠳᠠᠭᠠᠳᠬᠠᠯ ᠳᠤ ᠣᠷᠣᠯᠴᠠᠭᠰᠠᠨ | ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ ᠣᠨ ᠤ ᠱᠠᠯᠠᠪᠳᠠᠭᠤᠯᠤᠨ ᠪᠠᠶᠢᠴᠠᠭᠠᠵᠤ ᠬᠢᠨᠠᠨ | ᠰᠢᠯᠭᠠᠬᠤ ᠲᠠᠢ ᠬᠤᠯᠪᠣᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠠᠬᠢᠭᠤᠯᠬᠤ | ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ | ᠭᠤᠷᠪᠠ᠂ ᠡᠮ ᠡᠮᠨᠡᠯᠭᠡ ᠶᠢᠨ ᠳᠠᠭᠠᠳᠬᠠᠯ ᠢ ᠬᠡᠷᠬᠢᠨ ᠴᠢᠨᠠᠭᠰᠢᠳᠠ ᠠᠬᠢᠭᠤᠯᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠤᠢ︖ | ︽ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠲᠠᠢ︾ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠬᠦ ᠶᠢᠨ ᠲᠥᠯᠥᠭᠡ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 99% ᠠᠴᠠ ᠳᠡᠭᠡᠭᠰᠢ ᠬᠦᠷᠭᠡᠬᠦ ᠶᠢ | ᠲᠣᠭᠲᠠᠭᠤᠨ ᠢᠶᠠᠷ ᠪᠡᠶᠡᠯᠡᠭᠦᠯᠵᠦ᠂ ᠡᠪᠡᠳᠴᠢᠨ ᠠᠴᠠ ᠪᠣᠯᠵᠤ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ | ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠂ ︽ᠮᠡᠳᠡᠭᠳᠡᠯ︾ ᠳᠤ ᠭᠤᠷᠪᠠᠨ ᠵᠦᠢᠯ ᠤᠨ ᠱᠠᠭᠠᠷᠳᠠᠯᠭ᠎ᠠ | ᠳᠤᠷᠠᠳᠪᠠ᠂ ᠨᠢᠭᠡ ᠳᠤ᠂ ᠲᠥᠷᠥᠯ ᠬᠤᠪᠢᠶᠠᠨ ᠲᠤᠰᠠᠯᠠᠵᠤ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠶᠢ ᠬᠠᠷᠭᠤᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠂ ᠳᠠᠭᠠᠳᠬᠠᠯ ᠳᠤ ᠣᠷᠣᠯᠴᠠᠬᠤ ᠡᠬᠡ ᠲᠠᠩᠰᠠ ᠶᠢ ᠪᠦᠷᠢᠨᠰᠢᠭᠦᠯᠵᠦ᠂ | ᠣᠷᠣᠯᠴᠠᠬᠤ ᠶᠣᠰᠣᠲᠠᠢ ᠶᠢ ᠨᠢ ᠪᠦᠬᠦᠨ ᠢ ᠤᠷᠤᠯᠴᠠᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠨ᠎ᠠ᠃ | ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠡᠮ | ᠡᠮᠨᠡᠯᠭᠡ ᠶᠢᠨ ᠵᠠᠷᠤᠳᠠᠯ ᠤᠨ ᠡᠭᠦᠷᠭᠡᠯᠡᠯ ᠲᠠᠢ ᠡᠪᠡᠳᠴᠢᠲᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠭᠤᠷᠪᠠ ᠳᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠬᠦᠴᠢᠷᠳᠡᠯᠲᠡᠢ ᠬᠦᠨᠳᠦ | ᠡᠪᠡᠳᠴᠢᠲᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ ᠣᠷᠣᠯᠴᠠᠭᠤᠯᠵᠤ᠂ ᠤᠯᠠᠨ ᠡᠰᠢᠵᠢᠭᠰᠡᠨ ᠠᠪᠤᠷᠠᠨ | ᠲᠤᠰᠠᠯᠠᠬᠤ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠤᠨ᠎ᠠ᠃ | ᠳᠥᠷᠪᠡ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ | ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ | ᠪᠣᠳᠠᠲᠠᠢ ᠲᠣᠬᠢᠷᠠᠭᠤᠯᠤᠯᠲᠠ ᠬᠢᠭᠰᠡᠨ ᠪᠣᠶ︖ | ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠵᠦᠢᠯ ᠤᠨ | ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠣᠰ ᠵᠠᠮ︾ ᠤᠨ | ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠮᠤᠵᠢ ᠶᠢᠨ ᠬᠡᠪᠴᠢᠶᠡᠨ ᠳᠠᠬᠢ ︽ᠬᠤᠣᠰ ᠵᠠᠮ︾ ᠤᠨ | ᠵᠣᠷ ᠤᠨ ᠡᠷᠭᠢᠯᠲᠡ ᠶᠢᠨ ᠡᠯᠧᠺᠲᠷᠣᠨᠵᠢᠯᠲᠠ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ | ᠬᠠᠩᠭᠠᠯᠭ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ ᠨᠥᠬᠦᠴᠡᠯ ᠳᠤ ᠨᠡᠶᠢᠴᠡᠬᠦ | ᠡᠮᠴᠢᠯᠡᠭᠡᠨ ᠳᠤ ᠬᠡᠷᠡᠭᠯᠡᠬᠦ ᠮᠠᠲ᠋ᠧᠷᠢᠶᠠᠯ ᠤᠨ ᠬᠤᠷᠣᠭᠳᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠴᠠᠭ | ᠲᠤᠬᠠᠢ ᠳᠤᠨᠢ ᠲᠠᠰ ᠳᠠᠷᠠᠭᠠᠯᠠᠯ ᠶᠣᠰᠣᠭᠠᠷ ᠲᠤᠬᠠᠢ ᠶᠢᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠲᠣᠭᠠᠴᠠᠭ᠎ᠠ ᠬᠢᠬᠦ ᠬᠠᠮᠢᠶᠠᠷᠤᠯᠲᠠ ᠶᠢ ᠴᠢᠩᠭᠠᠳᠬᠠᠨ᠎ᠠ᠃ | ᠭᠤᠷᠪᠠ ᠳᠤ ᠦᠨᠳᠦᠰᠦᠲᠡᠨ ᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠲᠠ ᠪᠠ ᠬᠢᠲᠠᠳ ᠬᠡᠷᠴᠢᠮ ᠡᠮ ᠤᠨ | ᠡᠮ ᠡᠮᠨᠡᠯᠭᠡ ᠶᠢᠨ ᠳᠠᠭᠠᠳᠬᠠᠯ ᠳᠤ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ | ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ ᠳᠥᠷᠪᠡ ᠳᠤ ᠡᠪᠡᠳᠴᠢᠨ ᠤ | ᠳᠤᠭᠤᠶᠢᠯᠠᠩ ᠪᠠ ᠡᠪᠡᠳᠴᠢᠨ ᠤ ᠲᠦᠷᠦᠯ ᠤᠨ ᠦᠷᠳᠡᠭ ᠢᠶᠠᠷ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ 70% ᠶᠢᠨ | ᠨᠢᠭᠡᠳᠦᠯᠲᠡᠢ ᠲᠥᠯᠥᠪᠯᠡᠬᠦ ᠭᠠᠵᠠᠷ ᠣᠷᠣᠨ ᠳᠤ ᠪᠣᠳᠠᠲᠠᠢ ᠵᠠᠷᠤᠳᠠᠯ ᠥᠭᠬᠦ ᠠᠵᠢᠯ ᠢ ᠥᠷᠨᠢᠭᠦᠯᠦᠨ᠎ᠡ᠃ ᠲᠠᠪᠤ ᠳᠤ ᠡᠮ | ᠡᠮᠨᠡᠯᠭᠡ ᠶᠢᠨ ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠡᠮ ᠡᠮᠨᠡᠯᠭᠡ ᠶᠢᠨ | ᠳᠠᠭᠠᠳᠬᠠᠯ ᠤᠨ ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ | ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ ᠵᠦᠢᠯ ᠤᠨ ᠪᠣᠳᠠᠲᠠᠢ ᠱᠠᠭᠠᠷᠳᠠᠯᠭ᠎ᠠ ᠳᠤᠷᠠᠳᠪᠠ | ᠂ ᠨᠢᠭᠡ ᠳᠤ ᠡᠮ ᠤᠨ ᠵᠦᠢᠯ ᠤᠨ ᠮᠠᠲ᠋ᠧᠷᠢᠶᠠᠯ ᠤᠨ ᠬᠤᠷᠣᠭᠳᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ | ᠠᠪᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠥᠪᠯᠡᠷᠡᠭᠦᠯᠦᠨ ᠬᠤᠳᠠᠯᠳᠤᠨ ᠠᠪᠬᠤ ᠬᠡᠮᠵᠢᠶ᠎ᠡ ᠶᠢ | ᠴᠢᠩᠭ᠎ᠠ ᠬᠡᠷᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠠᠴᠠ | ᠰᠣᠩᠭᠤᠭᠰᠠᠨ ᠦᠢᠯᠡᠳᠬᠦᠨ ᠢ ᠤᠷᠢᠳᠠᠪᠠᠷ ᠬᠡᠷᠡᠭᠯᠡᠬᠦ ᠶᠢ ᠠᠬᠢᠭᠤᠯᠤᠨ᠎ᠠ᠃ ᠬᠤᠶᠠᠷ ᠲᠤ ᠡᠮ ᠡᠮᠨᠡᠯᠭᠡ ᠶᠢᠨ | ᠲᠥᠪᠯᠡᠷᠡᠭᠦᠯᠦᠨ ᠮᠠᠯᠲᠠᠬᠤ ᠲᠠᠪᠴᠠᠩ ᠤᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠮ ᠤᠨ ᠵᠦᠢᠯ ᠤᠨ | ᠮᠠᠲ᠋ᠧᠷᠢᠶᠠᠯ ᠤᠨ ᠬᠤᠷᠣᠭᠳᠠᠯ ᠤᠨ ︽ᠰᠦᠯᠵᠢᠶ᠎ᠡ ᠪᠠᠷ ᠮᠠᠯᠲᠠᠬᠤ ᠨᠣᠷᠮ᠎ᠠ︾ ᠪᠠ ᠲᠥᠪᠯᠡᠷᠡᠭᠦᠯᠦᠨ ᠮᠠᠯᠲᠠᠬᠤ | ᠲᠠᠪᠴᠠᠩ ᠤᠨ ᠨᠢᠭᠡᠳᠦᠯᠲᠡᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ᠪᠥᠬᠦ | ᠤᠯᠤᠰ ᠤᠨ ᠡᠮ ᠡᠮᠨᠡᠯᠭᠡ ᠶᠢᠨ ᠦᠨ᠎ᠡ ᠬᠠᠩᠰᠢ ᠶᠢ ᠬᠢᠨᠠᠨ ᠬᠡᠮᠵᠢᠬᠦ ᠢᠨᠵᠧᠨᠧᠷᠢᠩ ᠢ ᠬᠡᠷᠡᠭᠵᠢᠭᠦᠯᠬᠦ ᠶᠢ ᠦᠷᠭᠦᠯᠵᠢᠯᠡᠨ | ᠠᠬᠢᠭᠤᠯᠵᠤ᠂ ᠪᠥᠬᠦ ᠤᠯᠤᠰ ᠤᠨ ᠰᠦᠯᠵᠢᠶᠡᠨ ᠳᠤ ᠡᠯᠭᠦᠭᠰᠡᠨ ᠡᠮ ᠤᠨ ᠵᠦᠢᠯ ᠤᠨ ᠦᠨ᠎ᠡ ᠬᠠᠩᠰᠢ ᠶᠢᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠦᠨ᠎ᠡ ᠬᠠᠩᠰᠢ ᠶᠢ ᠪᠠᠶᠢᠴᠠᠭᠠᠨ ᠯᠠᠪᠯᠠᠬᠤ ᠶᠢ ᠴᠢᠩᠭᠠᠳᠬᠠᠨ᠎ᠠ᠃ ᠳᠥᠷᠪᠡ ᠳᠤ | ᠡᠮ ᠡᠮᠨᠡᠯᠭᠡ ᠶᠢᠨ ᠦᠨ᠎ᠡ ᠬᠠᠩᠰᠢ ᠪᠠ ᠬᠤᠳᠠᠯᠳᠤᠨ ᠠᠪᠬᠤ ᠢᠲᠡᠭᠡᠮᠵᠢ ᠶᠢᠨ ᠦᠨᠡᠯᠡᠯᠲᠡ ᠶᠢ ᠰᠠᠶᠢᠲᠤᠷ ᠬᠢᠵᠦ᠂ | ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠦᠨᠡᠯᠡᠨ ᠵᠢᠱᠢᠬᠦ ᠠᠵᠢᠯ ᠦᠷᠨᠢᠬᠦᠯᠦᠨ᠎ᠡ᠃ | ᠲᠠᠪᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖ | ︽ᠮᠡᠳᠡᠭᠳᠡᠯ︾ ᠳᠤ ᠴᠢᠬᠤᠯᠠᠴᠢᠯᠠᠭᠰᠠᠨ ᠨᠢ᠂ 2023 ᠣᠨ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠭᠤᠷᠢ ᠮᠥᠩᠭᠦᠨ ᠤ ᠲᠥᠰᠥᠪ ᠤᠨ | ᠲᠥᠪ ᠴᠢᠩᠭ᠎ᠠ ᠴᠢᠨᠠᠷ ᠪᠠ ᠬᠠᠲᠠᠭᠤ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ᠃ ᠨᠢᠭᠡ ᠳᠤ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ | ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ | ᠪᠣᠳᠠᠲᠠᠶᠢᠵᠢᠭᠤᠯᠵᠤ᠂ ᠨᠢᠰᠦᠯᠲᠡ ᠬᠡᠯᠪᠡᠷᠢ ᠶᠢᠨ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠦᠨ᠎ᠡ᠃ ᠬᠤᠶᠠᠷ ᠲᠤ | ᠮᠡᠬᠡᠯᠡᠨ ᠬᠢᠬᠠᠬᠤ ᠳᠠᠭᠠᠳᠬᠠᠯ ᠳᠤ ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠪᠠ ᠡᠮ ᠡᠮᠨᠡᠯᠭᠡ ᠶᠢᠨ | ᠳᠠᠭᠠᠳᠬᠠᠯ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ | ᠲᠤᠷᠰᠢᠯᠲᠠ ᠶᠢ ᠭᠦᠨᠵᠡᠭᠡᠢ ᠥᠷᠨᠢᠭᠦᠯᠦᠨ᠎ᠡ᠃ ᠭᠤᠷᠪᠠ ᠳᠤ᠂ ᠬᠢᠨᠠᠨ ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠨᠡᠶᠢᠲᠡᠯᠡᠬᠦ | ᠡᠷᠴᠢᠮ ᠢ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ | ᠬᠦᠷᠢᠶᠡᠨ ᠳᠠᠬᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ | ᠥᠷᠨᠢᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ | ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠮ ᠡᠮᠨᠡᠯᠭᠡ ᠶᠢᠨ ᠲᠠᠭᠠᠳᠬᠠᠯ ᠤᠨ ᠲᠦᠭᠰᠢᠬᠦᠷᠢ ᠶᠢ | ᠤᠷᠢᠳᠴᠢᠯᠠᠨ ᠰᠡᠷᠡᠮᠵᠢᠯᠡᠬᠦᠯᠵᠦ ᠵᠠᠳᠠᠯᠬᠤ ᠠᠵᠢᠯ ᠢ ᠰᠠᠶᠢᠳᠦᠷ ᠬᠢᠨ᠎ᠡ᠃ | ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠬᠡᠷᠬᠢᠨ | ᠦᠷᠭᠦᠯᠵᠢᠯᠡᠨ ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠳᠤ ᠳᠥᠷᠪᠡᠨ ᠲᠠᠯ᠎ᠠ ᠶᠢᠨ | ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠬᠡᠪᠡᠷ | ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠬᠤᠶᠠᠷ ᠲᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ | ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠳᠠᠶᠢᠴᠢᠯᠠᠯᠲᠠ ᠶᠢ ᠰᠠᠶᠢᠲᠤᠷ ᠬᠢᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠭᠰᠠᠨ ᠲᠤᠭ᠎ᠠ | ᠪᠠᠷᠢᠮᠲᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠨᠢᠭᠡ ᠪᠦᠯᠦᠭ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠮ | ᠡᠮᠨᠡᠯᠭᠡ ᠶᠢᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ | ᠰᠢᠭᠤᠳ ᠳ᠋ᠦᠩᠨᠡᠨ ᠪᠤᠳᠤᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ 5 ᠵᠦᠢᠯ ᠤᠨ ᠡᠭᠦᠳᠡᠨ | ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ | ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠴᠡᠷᠢᠭ ᠤᠨ ᠪᠣᠯᠪᠠᠰᠤᠷᠠᠯ ᠪᠠ ᠵᠡᠪᠰᠡᠭ ᠤᠨ | ᠮᠥᠷᠥᠶᠢᠴᠡᠭᠡᠨ ᠢᠶᠠᠷ ᠳᠠᠮᠵᠢᠭᠤᠯᠤᠨ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ | ᠪᠠ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ ᠪᠠᠰᠠ ᠪᠥᠬᠦ | ᠤᠯᠤᠰ ᠤᠨ ᠨᠢᠭᠡᠳᠦᠯᠲᠡᠢ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠮ | ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ | ᠪᠠᠷᠢᠮᠲᠠ ᠶᠢᠨ ᠰᠠᠭᠤᠷᠢ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠲᠤᠭ᠎ᠠ ᠪᠠᠷᠢᠮᠲᠠ ᠶᠢᠨ | ᠡᠨᠧᠷᠭᠢ ᠣᠯᠭᠤᠬᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠶᠢᠨ | ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ | ᠳᠤ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ | ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ | ᠰᠠᠶᠢᠨ ᠬᠦᠷᠲᠡᠭᠡᠬᠦ ᠶᠢ ᠠᠬᠢᠭᠤᠯᠬᠤ ᠬᠡᠷᠡᠭᠲᠡᠢ᠃ | |