ᠲᠦᠩᠯᠢᠶᠣᠣ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠭᠡᠰᠢᠭᠦᠨ ᠺᠠᠳ᠋ᠷ ᠪᠠ ᠠᠯᠪᠠᠨ ᠲᠤᠰᠢᠶᠠᠯᠲᠠᠨ ᠤ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/8/2
   ᠰᠠᠬᠢᠯᠭ᠎ᠠ ᠪᠠᠲᠤ ᠣᠪᠣᠷ ᠰᠤᠷᠲᠠᠯ ᠢ ᠤᠯᠠᠮ ᠨᠢᠭᠡ ᠠᠯᠬᠤᠮ ᠴᠢᠩᠳᠠᠯᠠᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠲᠤᠰ ᠡᠳᠦᠷ ᠠᠴᠠ ᠡᠬᠢᠯᠡᠨ ᠪᠦᠬᠦ ᠬᠤᠳᠠ ᠶᠢᠨ ᠬᠡᠪᠴᠢᠶᠡᠨ ᠳᠤ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠣᠭᠲᠣᠭᠤ ᠪᠠᠷ ᠲᠡᠷᠭᠡ ᠵᠢᠯᠣᠭᠤᠳᠤᠭᠰᠠᠨ ᠠᠰᠠᠭᠤᠳᠠᠯ ᠢ ᠵᠠᠭᠤᠨ ᠡᠳᠦᠷ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠬᠦ ᠪᠠᠷ ᠪᠠᠶᠢᠨ᠎ᠠ᠃ ᠡᠳᠦᠭᠡ ᠲᠠᠷᠠᠭᠠᠬᠢ ᠮᠡᠲᠦ ᠵᠠᠷᠯᠠᠶ᠎ᠠ᠄    ᠨᠢᠭᠡ᠂ ᠪᠡᠶ᠎ᠡ ᠪᠠᠨ ᠴᠢᠩᠭ᠎ᠠ ᠱᠠᠭᠠᠷᠳᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠠᠪᠤᠳᠠᠯ ᠢ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ᠃ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ᠂ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ ᠶᠢᠨ ᠬᠤᠪᠢ ᠬᠥᠮᠥᠨ᠂ ᠭᠡᠷ ᠪᠦᠯᠢ ᠪᠠ ᠨᠡᠶᠢᠭᠡᠮ ᠳᠤ ᠤᠴᠠᠷᠠᠭᠤᠯᠬᠤ ᠬᠦᠨᠳᠦ ᠨᠣᠴᠢᠲᠠᠢ ᠬᠤᠣᠷ ᠬᠥᠨᠥᠭᠡᠯ ᠢ ᠭᠦᠢᠴᠡᠳ ᠲᠠᠨᠢᠵᠤ᠂ ᠳᠦᠷᠢᠮ ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠢᠴᠢᠭᠦᠷᠢ ᠭᠤᠲᠤᠮᠰᠢᠭ ᠢ ᠲᠣᠳᠣᠷᠬᠠᠢ ᠮᠡᠳᠡᠵᠦ᠂ ᠶᠣᠰᠣ ᠮᠣᠷᠠᠯ ᠢ ᠡᠷᠬᠢᠮᠯᠡᠨ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠴᠠᠭ ᠢᠮᠠᠭᠲᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠢ᠃ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠣᠭᠲᠣᠭᠤ ᠪᠠᠷ ᠲᠡᠷᠭᠡ ᠵᠢᠯᠣᠭᠤᠳᠤᠭᠰᠠᠨ ᠰᠠᠬᠢᠯᠭ᠎ᠠ ᠪᠠᠲᠤ   ᠶᠢ ᠵᠥᠷᠢᠴᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠪᠠᠶᠢᠪᠠᠯ ᠴᠥᠮ ᠴᠢᠩᠭ᠎ᠠ ᠪᠥᠭᠡᠳ ᠬᠦᠨᠳᠦ ᠪᠠᠷ ᠰᠢᠳᠬᠡᠬᠦ ᠪᠥᠭᠡᠳ ᠭᠡᠳᠡᠷᠭᠦ ᠪᠠᠶᠢᠴᠠᠭᠠᠬᠤ ᠬᠡᠷᠡᠭᠲᠡᠢ᠃     ᠬᠤᠶᠠᠷ᠂ ᠴᠢᠩᠭ᠎ᠠ ᠬᠠᠮᠢᠶᠠᠷᠴᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ  ᠃ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠤᠰᠬᠠᠢ ᠴᠡᠭᠴᠡᠯᠡᠨ ᠵᠠᠰᠠᠯᠲᠠ ᠪᠠᠷ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠺᠠᠳ᠋ᠷᠴᠤᠳ ᠤᠨ ᠡᠳᠦᠷ ᠲᠤᠲᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠂ ᠡᠶᠢᠮᠦᠷᠬᠦ ᠠᠰᠠᠭᠤᠳᠠᠯ ᠤᠨ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠭᠤᠣᠯ ᠴᠣᠭᠴᠠ ᠶᠢᠨ ᠬᠠᠷᠢᠭᠤᠴᠠᠯᠭ᠎ᠠ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ ᠠᠴᠠ ᠪᠣᠯᠵᠤ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ ᠶᠠᠪᠤᠳᠠᠯ ᠪᠠᠶᠢᠨ ᠳᠠᠬᠢᠨ ᠡᠭᠦᠰᠴᠦ᠂ ︽ᠳᠥᠷᠪᠡᠨ ᠰᠤᠷᠲᠠᠯ︾ ᠤᠨ ᠠᠰᠠᠭᠤᠳᠠᠯ ᠲᠣᠪᠣᠶᠢᠮ᠎ᠠ ᠪᠠᠶᠢᠭ᠎ᠠ ᠨᠢᠭᠡᠴᠡ ᠠᠴᠠ ᠴᠢᠩᠭ᠎ᠠ ᠬᠠᠷᠢᠭᠤᠴᠠᠯᠭ᠎ᠠ ᠠᠰᠠᠭᠤᠵᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ᠭᠤᠷᠪᠠ᠂ ᠴᠢᠩᠭ᠎ᠠ ᠪᠠᠶᠢᠴᠠᠭᠠᠵᠤ ᠴᠢᠩᠭ᠎ᠠ ᠰᠢᠳᠭᠡᠵᠦ᠂ ᠠᠷᠤ ᠳᠠᠬᠢ ᠰᠤᠷᠲᠠᠯ ᠤᠨ ᠠᠰᠠᠭᠤᠳᠠᠯ ᠢ ᠭᠦᠨ ᠠᠭᠤᠳᠠᠯᠬᠤ ᠬᠡᠷᠡᠭᠳᠡᠢ᠃ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠣᠭᠲᠣᠭᠤ ᠪᠠᠷ ᠲᠡᠷᠭᠡ ᠵᠢᠯᠣᠭᠤᠳᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ︽ᠠᠷᠢᠬᠢᠨ ᠰᠢᠷᠡᠭᠡ︾᠂ ︽ᠬᠤᠭᠤᠯᠠᠨ ᠲᠠᠶᠢᠯᠠᠯᠭ᠎ᠠ︾ ᠶᠢ ᠭᠡᠳᠡᠷᠬᠦ ᠪᠠᠶᠢᠴᠠᠭᠠᠨ ᠡᠷᠭᠢᠴᠡᠭᠦᠯᠵᠦ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠰᠣᠭᠲᠣᠭᠤ ᠪᠠᠷ ᠲᠡᠷᠭᠡ ᠵᠢᠯᠣᠭᠤᠳᠤᠭᠰᠠᠨ ᠤ ᠠᠷᠤ ᠳᠠᠬᠢ ᠲᠣᠭᠲᠠᠭᠠᠯ ᠢ ᠵᠥᠷᠢᠴᠡᠨ ᠠᠯᠪᠠᠨ ᠤ ᠵᠣᠭᠤᠰ ᠢᠶᠠᠷ ᠢᠳᠡᠵᠦ ᠤᠤᠭᠤᠭᠰᠠᠨ᠂ ᠬᠠᠮᠢᠶᠠᠷᠤᠯᠲᠠ ᠦᠢᠯᠡᠴᠢᠯᠡᠭᠡᠨ ᠤ ᠡᠲᠡᠭᠡᠳ ᠤᠨ ᠳᠠᠶᠢᠯᠠᠯᠭ᠎ᠠ ᠶᠢ ᠬᠦᠯᠢᠶᠡᠨ ᠠᠪᠤᠭᠰᠠᠨ ᠵᠡᠷᠭᠡ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠪᠠ ︽ᠲᠦᠷᠪᠡᠨ ᠰᠤᠷᠲᠠᠯ︾ ᠤᠨ ᠠᠰᠠᠭᠤᠳᠠᠯ ᠢ ᠭᠦᠨᠵᠡᠭᠡᠢ ᠠᠭᠤᠳᠠᠯᠤᠨ ᠲᠤᠶᠢᠯᠪᠤᠷᠢᠲᠠᠢ ᠪᠠᠶᠢᠴᠠᠭᠠᠵᠤ᠂ ᠨᠡᠶᠢᠲᠡᠯᠢᠭ ᠬᠡᠷᠡᠭ ᠢ ᠢᠯᠡ ᠨᠡᠶᠢᠲᠡᠯᠡᠵᠦ ᠢᠯᠡᠴᠢᠯᠡᠬᠦ ᠬᠡᠷᠡᠭᠳᠡᠢ᠃         ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠣ ᠬᠤᠲᠠ ᠶᠢᠨ     ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ     ᠲᠦᠩᠯᠢᠶᠣᠣ ᠬᠤᠲᠠ ᠶᠢᠨ ᠬᠢᠨᠠᠨ ᠪᠠᠶᠢᠴᠠᠭᠠᠬᠤ ᠵᠥᠪᠯᠡᠯ                         ᠢᠯᠡᠴᠢᠯᠡᠨ ᠮᠡᠳᠡᠭᠦᠯᠬᠦ ᠬᠡᠯᠪᠡᠷᠢ     ᠵᠠᠬᠢᠳᠠᠯ ᠢᠯᠡᠭᠡᠬᠦ ᠬᠠᠶ᠋ᠢᠭ᠄     ᠲᠦᠩᠯᠢᠶᠣᠣ ᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠯᠢᠦ ᠶᠢᠨ ᠵᠠᠮ ᠤᠨ ᠳᠤᠮᠳᠠ ᠬᠡᠰᠡᠭ     ᠲᠦᠩᠯᠢᠶᠣᠣ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠶᠢᠨ ᠲᠠᠰᠤᠭ ᠤᠨ ᠰᠢᠤᠳᠠᠨ ᠳ᠋ᠤᠭᠠᠷ ︵028000︶     ᠰᠤᠷᠪᠤᠯᠵᠢᠯᠠᠬᠤ ᠪᠠᠷ ᠢᠷᠡᠭᠰᠡᠳ ᠲᠤᠰ ᠬᠥᠮᠥᠨ ᠤ ᠪᠡᠶ᠎ᠡ ᠶᠢᠨ ᠦᠨᠡᠮᠯᠡᠯ ᠪᠠ ᠢᠯᠡᠴᠢᠯᠡᠨ ᠮᠡᠳᠡᠭᠦᠯᠬᠦ ᠮᠠᠲ᠋ᠧᠷᠢᠶᠠᠯ ᠢᠶᠠᠨ ᠠᠪᠴᠤ ᠲᠦᠩᠯᠢᠶᠣᠣ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠲᠥᠪ ᠲᠤ ᠤᠴᠢᠭᠠᠷᠠᠢ     ᠢᠯᠡᠴᠢᠯᠡᠨ ᠮᠡᠳᠡᠭᠦᠯᠬᠦ ᠰᠦᠯᠵᠢᠶᠡᠨ ᠬᠠᠶ᠋ᠢᠭ᠄ Ne imeng.12388.gov.cn/tIs     ᠢᠯᠡᠴᠢᠯᠡᠨ ᠮᠡᠳᠡᠭᠦᠯᠬᠦ ᠤᠲᠠᠰᠤ᠄ 0475 ︱ 12388    ᠢᠷᠡᠯᠳᠡ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢᠨᠠᠯᠲᠠ ᠲᠠᠯᠪᠢᠬᠤ ᠲᠠᠰᠤᠭ
 
ᠢᠷᠡᠯᠲᠡ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠬᠢ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号