8ᠰᠠᠷ᠎ᠠ ᠬᠦᠷᠲᠡᠯ᠎ᠡ ᠶᠡᠭᠡ ᠪᠠᠷ ᠬᠠᠯᠠᠨ᠎ᠠ
ᠨᠡᠶᠢᠲᠡᠯᠡᠭᠰᠡᠨ ᠴᠠᠭ᠄
2023/8/3
   ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠳᠡᠯᠡᠬᠡᠢ ᠶᠢᠨ ᠴᠠᠭ ᠠᠭᠤᠷ ᠤᠨ ᠵᠣᠬᠢᠶᠠᠨ ᠪᠠᠶᠢᠭᠤᠯᠤᠯᠲᠠ ᠥᠨᠥᠬᠡᠨ ᠢᠯᠡᠷᠬᠡᠶᠢᠯᠡᠬᠦ ᠳᠡᠭᠡᠨ᠂ 6 ᠳ᠋ᠣᠭᠠᠷ ᠰᠠᠷ᠎ᠠ ᠳᠤ ᠠᠭᠠᠷ ᠤᠨ ᠳᠤᠯᠠᠭᠠᠨ ᠤ ᠳᠤᠮᠳᠠᠴᠢ ᠬᠡᠮᠵᠢᠶ᠎ᠡ ᠳᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 7 ᠳ᠋ᠤᠭᠠᠷ ᠰᠠᠷ᠎ᠠ ᠶᠢᠨ ᠳᠤᠮᠳᠠᠴᠢ ᠠᠴᠠ ᠰᠡᠭᠦᠯᠴᠢ ᠪᠣᠯᠲᠠᠯᠠᠬᠢ ᠡᠳᠦᠷ ᠬᠤᠨᠤᠭ ᠲᠤ ᠰᠢᠲᠠᠮ᠎ᠠ ᠬᠠᠯᠠᠭᠤᠨ ᠠᠭᠤᠷ ᠠᠮᠢᠰᠬᠤᠯ ᠦᠷᠭᠦᠯᠵᠢᠯᠡᠬᠦ ᠪᠥᠭᠡᠳ 8 ᠳ᠋ᠣᠭᠠᠷ ᠰᠠᠷ᠎ᠠ ᠶᠢᠨ ᠡᠬᠢᠨ ᠪᠣᠯᠲᠠᠯ᠎ᠠ ᠦᠷᠭᠦᠯᠵᠢᠯᠡᠵᠦ ᠮᠡᠳᠡᠨ᠎ᠡ ᠭᠡᠵᠡᠢ᠃ ᠵᠢᠱᠢᠵᠦ ᠪᠠᠶᠢᠬᠤ ᠪᠠᠷ᠂ ᠭᠠᠵᠠᠷ ᠤᠨ ᠳᠤᠮᠳᠠᠳᠤ ᠲᠠᠩᠭᠢᠰ ᠤᠨ ᠭᠠᠵᠠᠷ ᠣᠷᠣᠨ ᠤ ᠠᠭᠠᠷ ᠤᠨ ᠳᠤᠯᠠᠭᠠᠨ ᠤ ᠬᠡᠮᠵᠢᠶ᠎ᠡ ᠥᠩᠭᠡᠷᠡᠭᠰᠡᠨ ᠵᠢᠯ ᠤᠳ ᠠᠴᠠ ᠨᠡᠶᠢᠳᠡᠮ ᠥᠨᠳᠥᠷ ᠪᠠᠶᠢᠵᠤ᠂ ᠳᠤᠮᠳᠠᠴᠢ ᠪᠠᠷ 5 ᠭᠷᠡᠳᠦ᠋ᠰ ᠥᠨᠳᠥᠷ ᠪᠣᠯᠣᠭᠰᠠᠨ ᠪᠠᠶᠢᠨ᠎ᠠ᠃ ᠳᠡᠯᠡᠬᠡᠢ ᠶᠢᠨ ᠴᠠᠭ ᠠᠭᠤᠷ ᠤᠨ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠲᠠᠯᠠᠰ ᠬᠡᠯᠡᠬᠦ ᠳᠡᠭᠡᠨ ︽ᠡᠶᠢᠮᠦᠷᠬᠦ ᠣᠨᠴᠠᠭᠠᠢ ᠴᠠᠭ ᠠᠭᠤᠷ ᠨᠢ ᠡᠳᠦᠷ ᠢᠷᠡᠬᠦᠶ᠎ᠡ ᠢᠯᠡᠷᠬᠡᠢ ᠣᠯᠠᠰᠢᠷᠠᠵᠤ ᠪᠠᠶᠢᠨ᠎ᠠ᠂ ᠡᠨᠡ ᠨᠢ ᠬᠥᠮᠥᠨ ᠲᠥᠷᠥᠯᠬᠢᠲᠡᠨ ᠤ ᠡᠷᠡᠭᠦᠯ ᠮᠡᠨᠳᠦ᠂ ᠠᠮᠢ ᠠᠬᠤᠢ ᠶᠢᠨ ᠰᠢᠰᠲ᠋ᠧᠮ᠂ ᠬᠥᠳᠡᠭᠡ ᠠᠵᠤ ᠠᠬᠤᠢ᠂ ᠡᠨᠧᠷᠭᠢ ᠪᠣᠯᠣᠨ ᠤᠰᠤᠨ ᠤ ᠬᠠᠩᠭᠠᠯᠭ᠎ᠠ ᠵᠡᠷᠭᠡ ᠶᠢ ᠶᠡᠭᠡ ᠪᠠᠷ ᠨᠥᠯᠥᠭᠡᠯᠡᠬᠦ ᠪᠣᠯᠣᠨ᠎ᠠ︾ ᠬᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号