ᠬᠠᠮᠤᠭ ᠤᠨ ᠥᠨᠳᠥᠷ ᠲᠡᠭᠡᠨ 88 % ᠪᠠᠷ ᠬᠢᠮᠳᠠᠷᠠᠨ᠎ᠠ︕ 8 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2023/8/3
    ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ 8 ᠰᠠᠷ᠎ᠠ ᠶᠢᠨ 1 ᠤ ᠡᠳᠦᠷ ᠠᠴᠠ 8 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠢᠭᠡᠳᠦᠯᠳᠡᠢ ᠬᠤᠳᠠᠯᠳᠤᠨ ᠠᠪᠬᠤ ᠳᠤ ᠰᠤᠩᠭᠤᠬᠳᠠᠬᠰᠠᠨ ᠦᠷ᠎ᠡ ᠳ᠋ᠦᠩ ᠢ ᠵᠡᠷᠭᠡ ᠳᠤᠨᠢ ᠬᠡᠷᠡᠭᠵᠢᠭᠦᠯᠬᠦ ᠪᠠᠷ ᠪᠠᠶᠢᠨ᠎ᠠ᠂ ᠡᠭᠦᠨ ᠳᠤ ᠵᠣᠬᠢᠶᠠᠮᠠᠯ ᠦᠶ᠎ᠡ ᠭᠡᠰᠢᠭᠦᠦ᠂ ᠦᠶ᠎ᠡ ᠭᠡᠰᠢᠭᠦᠦ ᠳᠤ ᠬᠡᠷᠡᠭᠯᠡᠬᠦ ᠶᠠᠰᠤᠨ ᠤ ᠱᠦᠢᠨᠢ᠂ ᠯᠤᠭᠰᠢᠭᠤᠨ ᠰᠤᠳᠠᠯ ᠤᠨ ᠬᠠᠪᠤᠳᠠᠷ ᠢ ᠡᠮᠨᠡᠨ ᠵᠠᠰᠠᠬᠤ ᠳᠤ ᠬᠡᠷᠡᠭᠯᠡᠬᠦ ᠬᠠᠷᠢᠮᠠᠭ ᠴᠠᠭᠠᠷᠢᠭ᠂ ᠵᠢᠷᠦᠬᠡᠨ ᠬᠡᠮᠨᠡᠯ ᠬᠡᠪ ᠤᠨ ᠪᠠᠶᠢᠳᠠᠯ ᠢᠶᠠᠨ ᠠᠯᠳᠠᠭᠰᠠᠨ ᠬᠤᠤᠰ ᠯᠤᠭᠰᠢᠯᠲᠠ ᠡᠭᠦᠰᠬᠡᠭᠦᠷ ᠤᠨ ᠲᠥᠷᠥᠯ ᠪᠠ ᠵᠢᠷᠦᠬᠡᠨ ᠳᠤ ᠣᠷᠣᠬᠤ ᠴᠠᠬᠢᠯᠭᠠᠨ ᠹᠢᠽᠢᠣᠯᠣᠭᠢ ᠶᠢᠨ ᠲᠥᠷᠥᠯ᠂ ᠰᠢᠳᠦ ᠶᠢ ᠡᠮᠨᠡᠨ ᠵᠠᠰᠠᠬᠤ ᠳᠤ ᠬᠡᠷᠡᠭᠯᠡᠬᠦ ᠠᠮᠠᠨ ᠬᠥᠨᠳᠡᠶ ᠶᠢᠨ ᠵᠡᠷᠡᠮᠳᠡᠭ ᠢ ᠵᠠᠰᠠᠵᠤ ᠬᠤᠪᠢᠯ ᠭᠠᠷᠭᠠᠬᠤ ᠲᠥᠷᠥᠯ ᠵᠡᠷᠭᠡ ᠶᠢᠨ ᠬᠤᠷᠤᠬᠳᠠᠯ ᠮᠠᠲ᠋ᠧᠷᠢᠶᠠᠯ ᠢ ᠪᠠᠭᠲᠠᠵᠤ ᠪᠠᠶᠢᠬᠤ ᠪᠦᠭᠡᠳ ᠡᠳᠡᠭᠡᠷ ᠬᠤᠷᠤᠬᠳᠠᠯ ᠮᠠᠲ᠋ᠧᠷᠢᠶᠠᠯ ᠨᠢ ᠲᠤᠮᠳᠠᠴᠢ ᠪᠠᠷ 59% ᠪᠠᠷ ᠬᠢᠮᠳᠠᠷᠠᠵᠤ᠂ ᠬᠠᠮᠤᠭ ᠤᠨ ᠥᠨᠳᠥᠷ ᠲᠡᠭᠡᠨ 88 % ᠪᠠᠷ ᠬᠢᠮᠳᠠᠷᠠᠨ᠎ᠠ᠂ ᠡᠨᠡ ᠨᠢ ᠵᠢᠯ ᠳᠤ ᠪᠠᠷᠤᠭ 4.96 ᠳ᠋ᠦᠩᠰᠢᠭᠤᠷ ᠲᠥᠭᠦᠷᠢᠭ ᠤᠨ ᠬᠤᠳᠠᠯᠳᠤᠨ ᠠᠪᠬᠤ ᠪᠠᠯᠠ ᠮᠥᠩᠭᠦ ᠶᠢ ᠠᠷᠪᠢᠯᠠᠬᠤ ᠪᠣᠯᠤᠨ᠎ᠠ᠃ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠣᠯ ᠣᠶᠢᠷ᠎ᠠ ᠶᠢᠨ ᠵᠢᠯ ᠤᠳ ᠲᠤ ᠬᠡᠪᠴᠢᠶ᠎ᠡ ᠪᠠᠷ ᠬᠠᠮᠤᠭ ᠤᠨ ᠶᠡᠭᠡ᠂ ᠦᠢᠯᠡᠳᠬᠦᠨ ᠢᠶᠠᠷ ᠬᠠᠮᠤᠭ ᠤᠨ ᠣᠯᠠᠨ ᠨᠢᠭᠡ ᠤᠳᠠᠭ᠎ᠠ ᠪᠤᠯᠬᠤ ᠪᠦᠭᠡᠳ ᠦᠶ᠎ᠡ ᠭᠡᠰᠢᠭᠦᠦ ᠶᠢᠨ ᠰᠠᠯᠠᠭ᠎ᠠ᠂ ᠮᠡᠳᠡᠷᠡᠯ ᠤᠨ ᠰᠠᠯᠠᠭ᠎ᠠ᠂ ᠵᠢᠷᠦᠬᠡᠨ ᠤ ᠳᠣᠲᠣᠷ ᠰᠠᠯᠠᠭ᠎ᠠ᠂ ᠴᠡᠭᠡᠵᠢᠨ ᠤ ᠭᠠᠳᠠᠷ ᠰᠠᠯᠠᠭ᠎ᠠ᠂ ᠬᠤᠳᠣᠭᠤᠳᠣ ᠭᠡᠳᠡᠰᠦᠨ ᠤ ᠭᠠᠳᠠᠷ ᠰᠠᠯᠠᠭ᠎ᠠ᠂ ᠡᠯᠢᠭᠡ ᠰᠥᠰᠥᠨ ᠤ ᠭᠠᠳᠠᠷ ᠰᠠᠯᠠᠭ᠎ᠠ᠂ ᠠᠮᠠᠨ ᠬᠥᠨᠳᠡᠶ ᠶᠢᠨ ᠵᠡᠷᠡᠮᠳᠡᠭ ᠢ ᠵᠠᠰᠠᠬᠤ ᠰᠠᠯᠠᠭ᠎ᠠ ᠵᠡᠷᠭᠡ ᠠᠳᠠᠯᠢ ᠪᠤᠰᠤ ᠰᠢᠨᠵᠢᠯᠡᠭᠡᠨ ᠤ ᠰᠠᠯᠠᠭ᠎ᠠ ᠶᠢ ᠬᠠᠮᠤᠷᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠠᠬᠢᠴᠠ ᠶᠢ ᠴᠢᠩᠭᠠᠷᠠᠭᠤᠯᠵᠤ᠂ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠲᠥᠷᠥᠯ ᠵᠦᠢᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠪᠡᠳᠴᠢᠲᠡᠨ ᠳᠤ ᠴᠢᠨᠠᠷ ᠰᠠᠶᠢᠲᠠᠶ ᠪᠥᠭᠡᠳ ᠬᠢᠮᠳᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠡᠷᠡᠭᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠠᠷ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号