ᠲᠦᠩᠯᠢᠶᠣᠤ ᠬᠤᠲᠠ ᠶᠢᠨ ᠬᠤᠶᠠᠳᠤᠭᠠᠷ ᠰᠢᠯᠭᠠᠨ ᠠᠪᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ 2023 ᠣᠨ ᠤ ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠠᠩᠬ᠎ᠠ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/3
       7 ᠰᠠᠷ᠎ᠠ ᠶᠢᠨ 28 ᠤ ᠡᠳᠦᠷ᠂ 2023 ᠣᠨ ᠤ ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠠᠩᠬ᠎ᠠ ᠠᠯᠬᠤᠮ ᠰᠢᠯᠭᠠᠨ ᠠᠪᠬᠤ ᠠᠵᠢᠯ ᠤᠨ ᠳᠤᠭᠤᠶᠢᠯᠠᠩ ᠤᠨ ᠬᠤᠶᠠᠳᠤᠭᠠᠷ ᠳᠤᠭᠤᠶᠢᠯᠠᠩ  ᠮᠠᠨ ᠤ ᠬᠤᠰᠢᠭᠤᠨ ᠳᠤ  ᠢᠷᠡᠵᠥ᠂ 2023 ᠣᠨ ᠤ ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠠᠩᠬ᠎ᠠ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠦ᠋ ᠰᠢᠶᠠᠩ ᠨᠢ᠂ ᠬᠤᠰᠢᠭᠤᠨ‌‍ᠲ᠋ᠡᠳ᠋ ᠳᠠᠷᠤᠭ᠎ᠠ ᠱᠤᠸᠠᠩ ᠵᠦ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ  ᠲᠦᠮᠡᠦ᠋ᠯᠵᠡᠢ ᠪᠠᠷ᠎ᠠ ᠪᠣᠯᠵᠣ ᠪᠠᠶᠢᠴᠠᠭᠠᠪᠠ᠃
   ᠰᠢᠯᠭᠠᠨ ᠬᠤᠷᠢᠶᠠᠬᠤ ᠳᠤᠭᠤᠶᠢᠯᠠᠩ ᠤᠨ ᠬᠢᠨ ᠤᠷᠢᠳ ᠬᠤᠵᠢᠳ ︽ᠬᠤᠤᠰ ᠮᠢᠩᠭᠠᠨ ᠲᠦᠮᠡᠨ ᠮᠦ︾ ᠶᠢᠨ ᠨᠤᠭᠤᠰᠤᠳᠠᠢ ᠲᠥᠷᠥᠯ ᠵᠦᠢᠯ ᠤᠨ ᠲᠣᠭᠤᠷᠢᠭ᠂ ᠶᠡᠬᠡᠲᠠᠯ᠎ᠠ ᠭᠠᠴᠠᠭ᠎ᠠ᠂ ᠭᠠᠨᠵᠤᠭ᠎ᠠ ᠨᠢᠭᠡᠳᠦᠭᠡᠷ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠦᠨᠳᠦᠰᠦᠲᠡᠨ ᠤ ᠨᠡᠶᠢᠭᠡᠮ ᠲᠣᠭᠤᠷᠢᠭ᠂ ᠭᠠᠨᠵᠤᠭ᠎ᠠ ᠾᠷᠢᠰᠲ᠋ᠣᠰ ᠤᠨ ᠱᠠᠰᠢᠨ ᠤ ᠳᠤᠭᠠᠩ᠂ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠩᠰᠠ ᠡᠪᠬᠡᠮᠡᠯ ᠢ ᠪᠠᠶᠢᠴᠠᠭᠠᠬᠤ᠂ ᠠᠰᠠᠭᠤᠯᠲᠠ ᠶᠢᠨ ᠬᠠᠭᠤᠳᠠᠰᠤ ᠶᠢ ᠰᠤᠷᠪᠤᠯᠵᠢᠯᠠᠨ ᠶᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂  ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠭᠦᠨᠵᠡᠭᠡᠶ ᠣᠶᠢᠯᠠᠭᠠᠪᠠ᠃
   ᠰᠢᠯᠭᠠᠨ ᠬᠤᠷᠢᠶᠠᠬᠤ ᠳᠤᠭᠤᠶᠢᠯᠠᠩ ᠤᠨ ᠦᠵᠡᠬᠦ ᠪᠠᠷ᠂ ᠬᠤᠷᠴᠢᠨ ᠵᠡᠭᠦᠨ ᠭᠠᠷᠤᠨ ᠬᠤᠶᠢᠲᠤ  ᠬᠤᠰᠢᠭᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠶᠢᠷᠢᠨ ᠳᠤ ᠲᠠᠯᠪᠢᠵᠤ᠂ ᠡᠭᠦᠳᠦᠨ ᠪᠠᠶᠢᠭᠤᠯᠬᠤ ᠠᠵᠢᠯ ᠬᠢᠯᠠᠰ ᠴᠡᠭ ᠲᠠᠢ ᠪᠥᠭᠡᠳ ᠦᠷ᠎ᠡ ᠪᠦᠲᠦᠮᠵᠢ ᠲᠠᠢ ᠪᠠᠶᠢᠨ᠎ᠠ᠃ ᠡᠭᠦᠨ ᠤ ᠬᠠᠮᠲᠤ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠂ ᠵᠢᠭᠠᠵᠤ ᠭᠠᠷᠭᠠᠭᠰᠠᠨ ᠨᠢ᠂ 2023 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠰᠢᠯᠭᠠᠨ ᠲᠣᠭᠲᠠᠭᠠᠬᠤ  ᠬᠦᠢᠴᠡᠳᠭᠡᠯ ᠲᠤᠭ᠎ᠠ ᠶᠢᠨ ᠰᠢᠰᠲ᠋ᠧᠮ ︵ᠲᠤᠷᠰᠢᠨ ᠬᠡᠷᠡᠭᠵᠢᠭᠦᠯᠬᠦ︶︾ ᠨᠢ ᠲᠠᠩᠰᠠ ᠡᠪᠬᠡᠮᠡᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ ᠬᠤᠰᠢᠭᠤᠨ ᠤ ᠪᠠᠶᠢᠳᠠᠯ ᠳᠤ ᠰᠠᠭᠤᠷᠢᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠠᠭᠤᠳᠠᠯᠤᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠬᠤ ᠬᠡᠷᠡᠭᠲᠡᠶ ᠭᠡᠵᠡᠢ᠃    ᠲᠠᠷᠠᠭᠠᠴᠢ ᠶᠢᠨ ᠠᠯᠬᠤᠮ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠠᠩᠬ᠎ᠠ ᠰᠢᠯᠭᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠢᠩᠭ᠎ᠠ ᠵᠢᠷᠤᠮᠯᠠᠨ᠂ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ᠂ ᠴᠢᠭᠯᠡᠭᠦᠯᠬᠦ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠨᠡᠩ ᠥᠨᠳᠥᠷ ᠪᠠᠷᠢᠮᠵᠢᠶ᠎ᠠ᠂ ᠨᠡᠩ ᠭᠦᠢᠴᠡᠳ ᠪᠡᠯᠡᠳᠬᠡᠯ ᠢᠶᠠᠷ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠳᠤᠭᠤᠶᠢᠯᠠᠩ ᠤᠨ ᠰᠢᠯᠭᠠᠨ ᠬᠢᠨᠠᠵᠤ ᠰᠢᠯᠭᠠᠨ ᠠᠪᠬᠤ ᠶᠢ  ᠤᠬᠳᠤᠬᠤ ᠪᠠᠨ ᠢᠯᠡᠷᠭᠡᠶᠢᠯᠡᠪᠡ  ᠃
 
ᠢᠷᠡᠯᠲᠡ᠄
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号