ᠰᠤᠷᠭᠠᠨ ᠬᠥᠮᠦᠵᠢᠯ ᠤᠨ ᠶᠠᠮᠤᠨ ︽ᠤᠯᠤᠰ ᠤᠨ ᠰᠢᠯᠢᠳᠡᠭ ᠲᠥᠯᠥᠪᠯᠡᠭᠡ︾ ᠶᠢ ᠬᠡᠷᠡᠭᠵᠢᠭᠦᠯᠪᠡ︕ 30 ︽ᠬᠤᠤᠰ ᠲᠡᠷᠢᠭᠦᠨ ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠶᠢᠨ ᠲᠦᠷᠦᠭᠦᠦ ᠪᠦᠯᠦᠭ ᠲᠤᠷᠰᠢᠯᠳᠠ ᠶᠢᠨ ᠴᠢᠬ
ᠨᠡᠶᠢᠲᠡᠯᠡᠭᠰᠡᠨ ᠴᠠᠭ᠄
2023/8/4
    ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ︽ᠤᠯᠤᠰ ᠤᠨ ᠰᠢᠯᠢᠳᠡᠭ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠦᠮᠦᠵᠢᠬᠦᠯᠬᠦ ᠲᠦᠯᠦᠪᠯᠡᠭᠡ ᠶᠢ ᠭᠡᠷᠡᠭᠵᠢᠬᠦᠯᠬᠦ ᠰᠠᠨᠠᠯ︾ ᠢ ᠲᠠᠷᠤᠮᠠᠯᠯᠠᠨ ᠲᠠᠷᠬᠠᠭᠠᠪᠠ᠃ ︽ᠰᠠᠨᠠᠯ︾ ᠳᠤ 2023 ᠤᠨ ᠠᠴᠠ ᠡᠬᠢᠯᠡᠨ᠂ ᠤᠯᠤᠰ ᠠᠴᠠ ︽ᠬᠤᠤᠰ ᠲᠡᠷᠢᠬᠦᠨ ᠵᠡᠷᠭᠡ︾ ᠶᠢᠨ ᠪᠦᠳᠦᠭᠡᠨ ᠪᠠᠶᠢᠭᠤᠯᠤᠯᠳᠠ ᠪᠠᠷ ᠲᠦᠯᠦᠬᠡᠯᠡᠬᠦᠯᠦᠭᠰᠡᠨ ᠦᠨᠳᠦᠷ ᠲᠦᠪᠰᠢᠨ ᠪᠦᠬᠦᠢ ᠶᠡᠭᠡ ᠲᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠢᠷᠢ ᠪᠦᠳᠦᠮᠵᠢ ᠪᠠᠷ ᠰᠢᠯᠢᠳᠡᠭ ᠮᠦᠷᠳᠡᠭᠡᠨ ᠵᠢᠭᠠᠨ ᠰᠤᠷᠭᠠᠯᠳᠠ ᠶᠢᠨ ᠠᠵᠢᠯ ᠳᠤ ᠲᠤᠷᠠᠳᠠᠢ ᠵᠢᠭᠠᠨ ᠰᠤᠷᠭᠠᠯᠳᠠ ᠶᠢᠨ ᠠᠵᠢᠯ ᠬᠢᠬᠦ ᠳᠤ ᠲᠤᠬᠢᠷᠠᠬᠤ ᠰᠤᠷᠤᠬᠴᠢ ᠶᠢ ᠰᠣᠩᠭᠤᠨ ︽ᠤᠯᠤᠰ ᠤᠨ ᠰᠢᠯᠢᠳᠡᠭ ᠲᠥᠯᠥᠪᠯᠡᠭᠡ︾ ᠶᠢᠨ ᠠᠰᠫᠢᠷᠠᠨᠲ ᠪᠣᠯᠭᠠᠵᠤ᠂ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠰᠤᠷᠤᠯᠴᠠᠯᠭ᠎ᠠ ᠶᠢ ᠴᠢᠩᠭᠠᠳᠬᠠᠬᠤ ᠶᠢᠨ ᠬᠠᠮᠲᠤ ᠪᠠᠭᠰᠢ ᠶᠢᠨ ᠵᠢᠭᠠᠨ ᠰᠤᠷᠭᠠᠯᠳᠠ ᠶᠢᠨ ᠬᠢᠴᠢᠶᠡᠯ ᠬᠥᠮᠦᠵᠢᠯ ︵ᠬᠢᠴᠢᠶᠡᠯ ᠬᠥᠮᠦᠵᠢᠯ ᠤᠨ ᠦᠢᠯᠡᠳᠦᠯᠭᠡ ᠳᠤ ᠣᠷᠣᠯᠴᠠᠬᠤ ᠪᠠᠭᠲᠠᠨ᠎ᠠ︶ ᠢ ᠰᠢᠰᠲ᠋ᠧᠮ ᠲᠠᠢ ᠰᠤᠷᠤᠯᠴᠠᠵᠤ᠂ ᠳᠤᠮᠳᠠᠳᠤ ᠪᠠᠭ᠎ᠠ ᠰᠤᠷᠭᠠᠭᠤᠯᠢ ᠳᠤ ᠰᠤᠷᠭᠠᠨ ᠬᠥᠮᠦᠵᠢᠯ ᠳᠤ ᠬᠦᠨ ᠬᠠᠶᠢᠷ᠎ᠠ ᠰᠡᠳᠬᠢᠯᠭᠡ ᠲᠠᠢ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠰᠠᠶᠢᠳᠠᠢ᠂ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠯᠠᠪᠳᠠᠭᠤᠨ ᠪᠠᠳᠤ ᠨᠢᠭᠡ ᠪᠦᠯᠦᠭ ᠰᠢᠯᠢᠳᠡᠭ ᠪᠠᠭᠰᠢ ᠶᠢ ᠬᠥᠮᠦᠵᠢᠭᠦᠯᠵᠦ ᠦᠭᠭᠦᠨ᠎ᠡ ᠭᠡᠵᠦ ᠲᠤᠷᠠᠳᠪᠠ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠦᠷᠦᠭᠦᠦ ᠪᠦᠯᠦᠭ ᠲᠤᠷᠰᠢᠯᠲᠠ ᠶᠢᠨ ᠴᠢᠬ ᠨᠢ 30 ︽ᠬᠤᠤᠰ ᠲᠡᠷᠢᠭᠦᠨ ᠵᠡᠷᠭᠡ︾ ᠶᠢᠨ ᠪᠥᠲᠥᠭᠡᠨ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠬᠥᠮᠦᠵᠢᠭᠦᠯᠬᠦ ᠡᠭᠦᠷᠭᠡ ᠡᠭᠦᠷᠭᠡᠯᠡᠬᠦ ᠶᠢ ᠲᠡᠮᠵᠢᠵᠦ᠂ ᠵᠢᠯ ᠪᠦᠷᠢ ᠰᠤᠷᠭᠠᠭᠤᠯᠢ ᠨᠢᠭᠡᠪᠦᠷᠢ 30 ᠠᠴᠠ ᠳᠡᠭᠡᠭᠰᠢ ᠰᠢᠯᠢᠳᠡᠭ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠶᠢᠨ ᠲᠣᠰ ᠬᠤᠭᠤᠴᠠᠭᠠᠨ ᠤ ᠵᠢᠩᠬᠢᠨᠢ ᠠᠩᠭᠢ ᠲᠡᠭᠦᠰᠦᠭᠰᠡᠳ ᠢ ᠰᠣᠩᠭᠤᠨ ᠲᠠᠨᠢᠯᠴᠠᠭᠤᠯᠬᠤ ᠪᠠᠷ ᠳᠡᠮᠵᠢᠨ ᠪᠠᠶᠢᠭᠠᠯᠢ ᠶᠢᠨ ᠰᠢᠨᠵᠢᠯᠡᠬᠦ ᠤᠬᠠᠭᠠᠨ᠂ ᠲᠧᠭᠨᠢᠭ ᠤᠨ ᠤᠬᠠᠭᠠᠨ ᠤ ᠲᠥᠷᠥᠯ ᠤᠨ ᠠᠰᠫᠢᠷᠠᠨᠲ ᠪᠤᠶᠤ ᠰᠤᠷᠭᠠᠨ ᠬᠥᠮᠦᠵᠢᠯ ᠤᠨ ᠮᠠᠰᠲ᠋ᠧᠷ ᠢᠶᠠᠷ ᠰᠤᠷᠤᠯᠴᠠᠭᠤᠯᠵᠤ᠂ ᠡᠭᠦᠨ ᠤ ᠬᠠᠮᠲᠤ ᠪᠠᠶᠢᠭᠠᠯᠢ ᠶᠢᠨ ᠰᠢᠨᠵᠢᠯᠡᠬᠦ ᠤᠬᠠᠭᠠᠨ᠂ ᠲᠧᠭᠨᠢᠭ ᠤᠨ ᠤᠬᠠᠭᠠᠨ ᠤ ᠲᠥᠷᠥᠯ ᠤᠨ ᠠᠰᠫᠢᠷᠠᠨᠲ ᠢ ᠬᠤᠶᠠᠳᠠᠬᠢ ᠤᠳᠠᠭ᠎ᠠ ᠰᠢᠯᠢᠨ ᠰᠣᠩᠭᠤᠵᠤ᠂ ᠳᠤᠮᠳᠠᠳᠤ ᠪᠠᠭ᠎ᠠ ᠰᠤᠷᠭᠠᠭᠤᠯᠢ ᠳᠤ ᠨᠢᠭᠡ ᠪᠦᠯᠦᠭ ᠠᠰᠫᠢᠷᠠᠨᠲ ᠤᠨ ᠲᠠᠰ ᠪᠦᠬᠦᠢ ᠥᠨᠳᠥᠷ ᠬᠡᠪ ᠴᠢᠨᠠᠷ ᠲᠠᠢ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢ ᠭᠤᠤᠯᠳᠠᠯᠭ᠎ᠠ ᠲᠠᠢ ᠬᠥᠮᠦᠵᠢᠭᠦᠯᠬᠦ ᠪᠣᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠬᠠᠷᠢᠭᠤᠴᠠᠯᠭᠠᠲᠠᠨ ᠲᠠᠨᠢᠯᠴᠠᠭᠤᠯᠤᠨ ᠬᠡᠯᠡᠬᠦ ᠳᠡᠭᠡᠨ᠂ ︽ᠤᠯᠤᠰ ᠤᠨ ᠰᠢᠯᠢᠳᠡᠭ ᠲᠥᠯᠥᠪᠯᠡᠭᠡ︾ ᠶᠢᠨ ᠲᠦᠷᠦᠭᠦᠦ ᠪᠦᠯᠦᠭ ᠲᠤᠷᠰᠢᠯᠲᠠ ᠶᠢᠨ ᠴᠢᠬ ᠨᠢ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠹᠦᠳᠠᠨ ᠶᠡᠭᠡ ᠰᠤᠷᠭᠠᠭᠤᠯᠢ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ︽ᠬᠤᠤᠰ ᠲᠡᠷᠢᠭᠦᠨ ᠵᠡᠷᠭᠡ︾ ᠶᠢᠨ ᠪᠥᠲᠥᠭᠡᠨ ᠪᠠᠶᠢᠭᠤᠯᠤᠯᠲᠠ ᠶᠢᠨ 30 ᠶᠡᠭᠡ ᠳᠡᠭᠡᠳᠦ ᠰᠤᠷᠭᠠᠭᠤᠯᠢ ᠶᠢ ᠲᠡᠮᠵᠢᠵᠦ ᠬᠥᠮᠦᠵᠢᠭᠦᠯᠬᠦ ᠡᠭᠦᠷᠭᠡ ᠶᠢ ᠡᠭᠦᠷᠭᠡᠯᠡᠬᠦᠯᠪᠡ᠃ ᠲᠤᠷᠰᠢᠯᠲᠠ ᠶᠢᠨ ᠴᠢᠬ ᠤᠨ ᠶᠡᠭᠡ ᠳᠡᠭᠡᠳᠦ ᠰᠤᠷᠭᠠᠭᠤᠯᠢ ᠨᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠲᠥᠰᠦᠯ ᠳᠤᠷᠠᠳᠴᠤ ᠰᠤᠷᠭᠠᠨ ᠬᠥᠮᠦᠵᠢᠯ ᠤᠨ ᠶᠠᠮᠤᠨ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ 2023 ᠣᠨ ᠤ 9 ᠰᠠᠷ᠎ᠠ ᠳᠤ ᠡᠬᠢᠯᠡᠨ ᠬᠡᠷᠡᠭᠵᠢᠭᠦᠯᠵᠦ᠂ ᠲᠦᠷᠦᠭᠦᠦ ᠪᠦᠯᠦᠭ ︽ᠤᠯᠤᠰ ᠤᠨ ᠰᠢᠯᠢᠳᠡᠭ ᠲᠥᠯᠥᠪᠯᠡᠭᠡ︾ ᠶᠢᠨ ᠠᠰᠫᠢᠷᠠᠨᠲ ᠬᠥᠮᠦᠵᠢᠭᠦᠯᠬᠦ ᠠᠵᠢᠯ ᠢ ᠥᠷᠨᠢᠭᠦᠯᠦᠨ᠎ᠡ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号