ᠮᠠᠨ ᠤ ᠬᠤᠲᠠ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠳᠦᠷᠢᠮ ᠢ ᠬᠡᠷᠡᠭᠵᠢᠭᠦᠯᠬᠦ‌‍ᠪᠡᠷ ᠪᠠᠶᠢᠨ᠎ᠠ᠄ ᠪᠣᠭᠲᠣᠯᠠᠬᠤ ᠪᠡᠯᠡᠭ ᠠᠪᠬᠤ ᠦᠭᠡᠢ᠂ ᠵᠠᠰᠠᠯ ᠵᠢᠮᠰᠡᠭ ᠠᠪᠬᠤ ᠦᠭᠡᠢ ᠪᠠᠶᠢᠬᠤ ᠶᠢ ᠰᠠᠨᠠᠭᠠᠴᠢᠯᠠᠨ᠎ᠠ
ᠨᠡᠶᠢᠲᠡᠯᠡᠭᠰᠡᠨ ᠴᠠᠭ᠄
2023/8/7
    8 ᠰᠠᠷ᠎ᠠ ᠶᠢᠨ 3 ᠤ ᠡᠳᠦᠷ᠂ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠯᠪᠠᠨ ᠵᠠᠷ ᠨᠡᠶᠢᠲᠡᠯᠡᠵᠦ᠂ ︽ᠲᠦᠩᠯᠢᠶᠣᠣ ᠬᠤᠲᠠ ᠶᠢᠨ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠳᠦᠷᠢᠮ︾ ︵︽ᠳᠦᠷᠢᠮ︾ ᠭᠡᠵᠦ ᠲᠣᠪᠴᠢᠯᠠᠨ᠎ᠠ︶ ᠢ 2023 ᠣᠨ ᠤ 6 ᠳ᠋ᠤᠭᠠᠷ ᠰᠠᠷ᠎ᠠ ᠶᠢᠨ 29 ᠤ ᠡᠳᠦᠷ ᠲᠦᠩᠯᠢᠶᠣᠣ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠪᠠ᠂ 2023 ᠣᠨ ᠤ 7 ᠳ᠋ᠤᠭᠠᠷ ᠰᠠᠷ᠎ᠠ ᠶᠢᠨ 31 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯᠳᠤᠭᠠᠨ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠲᠡᠯᠡᠪᠡ᠂ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     8 ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠦᠯᠵᠢᠶ᠎ᠡ ︽ᠳᠦᠷᠢᠮ︾ ᠤᠨ ᠪᠥᠬᠦ ᠠᠭᠤᠯᠭ᠎ᠠ ᠶᠢ ᠨᠡᠶᠢᠲᠡᠯᠡᠪᠡ᠃︽ᠳᠦᠷᠢᠮ︾ ᠳᠤ ᠬᠡᠯᠡᠭᠰᠡᠨ ᠨᠢ᠂ ᠲᠣᠰ ᠳᠦᠷᠢᠮ ᠳᠤ ᠬᠡᠯᠡᠵᠦ ᠪᠠᠶᠢᠭ᠎ᠠ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠭᠡᠳᠡᠭ ᠨᠢ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠨᠳᠥᠷ ᠦᠨ᠎ᠡ ᠲᠠᠢ ᠪᠣᠭᠲᠣᠯᠠᠬᠤ ᠪᠡᠯᠡᠭ᠂ ᠬᠦᠩᠭᠡᠪᠴᠢᠯᠡᠨ ᠲᠡᠵᠢᠭᠡᠵᠦ ᠬᠦᠨᠳᠦ ᠪᠠᠷ ᠣᠷᠣᠰᠢᠭᠤᠯᠬᠤ᠂ ᠨᠠᠶᠢᠷ ᠲᠠᠯ᠎ᠠ ᠶᠢ ᠠᠲᠠᠭᠠᠷᠬᠠᠨ ᠠᠳᠠᠯᠢᠳᠬᠠᠬᠤ᠂ ᠱᠠᠯᠢᠨ ᠪᠦᠷᠢᠯᠭᠡᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠲᠠᠶᠠᠭᠳᠠᠵᠤ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠵᠠᠩ ᠳᠠᠳᠬᠠᠯ ᠢ ᠬᠠᠮᠠᠭᠠᠯᠠᠨ᠂ ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠡᠷᠭᠢᠯᠡᠬᠦ᠂ ᠪᠣᠯᠪᠠᠰᠤᠨ ᠢᠶᠠᠷ ᠳᠠᠬᠢᠯᠭ᠎ᠠ ᠬᠢᠬᠦ᠂ ᠢᠯᠡᠬᠦᠴᠡ ᠶᠠᠪᠤᠳᠠᠯ ᠢ ᠳᠣᠲᠣᠭᠠᠳᠤ ᠳᠠᠭᠠᠨ ᠡᠷᠭᠢᠯᠡᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠵᠡᠷᠭᠡ ᠨᠡᠶᠢᠭᠡᠮ ᠤᠨ ᠬᠡᠪ ᠰᠤᠷᠲᠠᠯ ᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠵᠤ ᠪᠣᠶ᠃     ᠡᠭᠦᠨ ᠳᠤ᠂ ︽ᠳᠦᠷᠢᠮ︾ ᠤᠨ ᠠᠷᠪᠠᠳᠤᠭᠠᠷ ᠵᠦᠢᠯ ᠳᠤ᠄ ᠣᠷᠤᠭ ᠤᠨ ᠶᠠᠪᠤᠳᠠᠯ ᠢ ᠰᠢᠨ᠎ᠡ ᠪᠠᠷ ᠡᠷᠭᠢᠯᠡᠬᠦ ᠠᠷᠭ᠎ᠠ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠵᠠᠢ᠃ ᠪᠣᠭᠲᠣᠯᠠᠬᠤ ᠪᠡᠯᠡᠭ ᠠᠪᠬᠤ ᠦᠭᠡᠢ᠂ ᠬᠤᠷᠢᠮ ᠤᠨ ᠵᠠᠰᠠᠯ ᠵᠢᠮᠰᠡᠭ ᠠᠪᠬᠤ ᠦᠭᠡᠢ ᠪᠠ ᠠᠳᠠᠯ ᠬᠥᠷᠥᠩᠭᠡ ᠪᠠᠨ ᠥᠪᠡᠷ ᠢᠶᠠᠨ ᠪᠦᠲᠦᠭᠡᠬᠦ ᠰᠢᠨ᠎ᠡ ᠮᠠᠶ᠋ᠢᠭ ᠤᠨ ᠤᠷᠤᠭ ᠢᠨᠠᠭ ᠤᠨ ᠦᠵᠡᠯᠲᠡ ᠶᠢ ᠰᠠᠨᠠᠭᠠᠴᠢᠯᠠᠨ᠎ᠠ︔ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠶᠢ ᠰᠠᠨᠠᠭᠠᠴᠢᠯᠠᠨ᠎ᠠ︔ ᠬᠠᠮᠲᠤ ᠶᠢᠨ ᠬᠤᠷᠢᠮ ᠤᠨ ᠶᠣᠰᠣᠯᠠᠯ᠂ ᠨᠡᠶᠢᠲᠡ ᠶᠢᠨ ᠠᠰᠠᠷᠠᠮᠵᠢ ᠶᠢᠨ ᠬᠤᠷᠢᠮ ᠤᠨ ᠶᠣᠰᠣᠯᠠᠯ᠂ ᠵᠢᠭᠤᠯᠴᠢᠯᠠᠯ ᠤᠨ ᠬᠤᠷᠢᠮ ᠤᠨ ᠶᠣᠰᠣᠯᠠᠯ ᠵᠡᠷᠭᠡ ᠰᠢᠨ᠎ᠡ ᠬᠡᠯᠪᠡᠷᠢ ᠶᠢ ᠰᠠᠨᠠᠭᠠᠴᠢᠯᠠᠵᠤ᠂ ᠬᠤᠷᠢᠮ ᠤᠨ ᠶᠣᠰᠣᠯᠠᠯ ᠢ ᠳᠥᠭᠦᠮᠴᠢᠯᠡᠵᠦ᠂ ᠬᠤᠷᠢᠮ ᠤᠨ ᠶᠣᠰᠣᠯᠠᠯ ᠢ ᠠᠷᠪᠢᠴᠢ ᠭᠠᠮᠲᠠᠢ ᠬᠢᠵᠦ᠂ ᠤᠷᠤᠭ ᠲᠣᠭᠲᠠᠬᠤ ᠳᠤ ᠶᠤᠰᠤᠯᠠᠯ ᠦᠭᠡᠢ᠃ ᠪᠣᠯᠬᠢ ᠪᠦᠳᠦᠭᠦᠯᠢᠭ ᠤᠷᠤᠬ ᠢᠨᠠᠭ ᠳᠤᠷᠠᠯᠠᠯ ᠤᠨ ᠦᠵᠡᠯᠲᠡ ᠶᠢ ᠤᠬᠠᠭᠤᠯᠬᠤ ᠶᠢ ᠡᠰᠡᠷᠬᠦᠴᠡᠨ᠎ᠡ︔ ᠶᠡᠭᠡ ᠪᠠᠷ ᠪᠠᠵᠠᠭᠠᠵᠤ᠂ ᠪᠡᠯᠡᠭ ᠤᠨ ᠵᠣᠭᠤᠰ ᠢ ᠠᠲᠠᠭᠠᠷᠬᠠᠨ ᠠᠳᠠᠯᠢᠳᠬᠠᠬᠤ ᠶᠢ ᠡᠰᠡᠷᠬᠦᠴᠡᠨ᠎ᠡ︔ ᠮᠠᠭᠤ ᠵᠠᠩᠰᠢᠯ ᠲᠠᠢ ᠤᠷᠤᠭ ᠤᠨ ᠠᠵᠢᠯᠯᠠᠭ᠎ᠠ ᠶᠢ ᠡᠰᠡᠷᠭᠦᠴᠡᠨ᠎ᠡ᠃ ᠲᠣᠯᠣᠭᠠᠢ ᠮᠡᠳᠡᠭᠦᠯᠬᠦ ᠤᠶᠢᠭᠡᠢ ᠤᠷᠤᠬ ᠪᠠ ᠬᠤᠳᠠᠯᠳᠤᠭ᠎ᠠ ᠤᠷᠤᠬ ᠵᠢᠴᠢ ᠤᠷᠤᠬ ᠤᠨ ᠡᠷᠬᠡ ᠴᠢᠯᠦᠭᠡᠨ ᠳᠤ ᠭᠠᠷ ᠲᠦᠷᠦᠭᠦ ᠪᠤᠰᠤᠳ ᠤᠢᠢᠯᠠ ᠠᠵᠢᠯᠯᠠᠭ᠎ᠠ ᠶᠢ ᠴᠠᠭᠠᠵᠠᠯᠠᠨ᠎ᠠ︔ ᠤᠷᠤᠭ ᠤᠨ ᠶᠠᠪᠤᠳᠠᠯ ᠢᠶᠠᠷ ᠰᠢᠯᠲᠠᠭ ᠪᠣᠯᠭᠠᠵᠤ ᠡᠳ᠋ ᠮᠥᠩᠭᠦ ᠠᠪᠬᠤ ᠶᠢ ᠴᠠᠭᠠᠵᠠᠯᠠᠨ᠎ᠠ᠃     ︽ᠳᠦᠷᠢᠮ︾ ᠤᠨ ᠲᠣᠭᠲᠠᠭᠠᠯ ᠢ ᠦᠨᠳᠦᠰᠦᠯᠡᠪᠡᠯ᠂ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠵᠢᠴᠢ ᠬᠤᠯᠪᠣᠭᠳᠠᠯ ᠪᠦᠬᠦᠢ ᠠᠵᠢᠯ ᠳᠤ ᠲᠣᠰ ᠳᠦᠷᠢᠮ ᠲᠣᠬᠢᠷᠠᠨ᠎ᠠ᠃ ᠬᠤᠲᠠ᠂ ᠬᠤᠰᠢᠭᠤ ᠰᠢᠶᠠᠨ ᠤ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠪ ᠵᠠᠩᠰᠢᠯ   ᠢ ᠥᠭᠡᠷᠡᠴᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠬᠤᠲᠠ᠂ ᠬᠤᠰᠢᠭᠤ ᠰᠢᠶᠠᠨ ᠤ ᠱᠠᠲᠤᠨ ᠤ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠦᠨᠳᠦᠰᠦᠲᠡᠨ ᠤ ᠬᠡᠷᠡᠭ ᠶᠠᠪᠤᠳᠠᠯ᠂ ᠣᠶ ᠰᠢᠭᠤᠢ ᠪᠠ ᠨᠤᠲᠤᠭ ᠪᠡᠯᠴᠢᠭᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠵᠢᠯᠴᠠᠬᠤ ᠪᠠᠨ ᠴᠢᠩᠭᠠᠳᠬᠠᠵᠤ᠂ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠬᠠᠮᠢᠶ᠎ᠠ ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃    ᠮᠠᠨ ᠤ ᠬᠤᠳᠠ ᠠᠴᠠ ᠡᠮᠦᠨ᠎ᠡ᠂ ᠰᠧᠴᠤᠸᠠᠨ ᠤ ᠯᠢᠶᠠᠩᠱᠠᠨ ᠵᠧᠦ ᠵᠡᠷᠭᠡ ᠭᠠᠵᠠᠷ ᠤᠨ ᠬᠢᠨ ᠪᠠᠰᠠ ︽ᠶᠡᠭᠡ ᠬᠡᠮᠵᠢᠶᠡᠨ ᠤ ᠪᠣᠭᠲᠣᠯᠠᠬᠤ ᠪᠡᠯᠡᠭ︾ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠬᠤᠷᠢᠭᠯᠠᠬᠤ ᠳᠤ ᠬᠤᠯᠪᠣᠭᠳᠠᠭᠰᠠᠨ ᠵᠠᠩ ᠳᠠᠳᠬᠠᠯ ᠢ ᠥᠭᠡᠷᠡᠴᠢᠯᠡᠬᠦ ᠳᠦᠷᠢᠮ ᠢ ᠨᠡᠶᠢᠲᠡᠯᠡᠵᠦ ᠥᠩᠭᠡᠷᠡᠵᠡᠢ᠃    2022 ᠣᠨ ᠤ 3 ᠰᠠᠷ᠎ᠠ ᠳᠤ᠂ ᠰᠧᠴᠤᠸᠠᠨ ᠮᠤᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯᠳᠤᠭᠠᠨ ᠠᠴᠠ ︽ᠯᠢᠶᠠᠩᠱᠠᠨ ᠤ ᠢ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠵᠠᠩ ᠳᠠᠳᠬᠠᠯ ᠢ ᠥᠭᠡᠷᠡᠴᠢᠯᠡᠬᠦ ᠳᠦᠷᠢᠮ︾ ᠢ ᠬᠢᠨᠠᠨ ᠪᠠᠶᠢᠴᠠᠭᠠᠵᠤ ᠵᠥᠪᠰᠢᠶᠡᠷᠡᠪᠡ᠂ ᠲᠣᠰ ᠳᠦᠷᠢᠮ ᠢ ᠰᠡᠭᠦᠯᠡᠷ ᠯᠢᠶᠠᠩᠱᠠᠨ ᠤ ᠢ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠠᠯᠪᠠᠨ ᠵᠠᠷ ᠨᠡᠶᠢᠲᠡᠯᠡᠵᠦ ᠵᠢᠩᠬᠢᠨᠢ ᠪᠠᠷ ᠬᠡᠷᠡᠭᠵᠢᠭᠦᠯᠪᠡ᠃ᠯᠢᠶᠠᠩᠱᠠᠨ ᠵᠧᠦ ᠶᠢᠨ ᠳᠡᠭᠡᠷ᠎ᠡ ᠳᠤᠷᠠᠳᠤᠭᠰᠠᠨ ᠳᠦᠷᠢᠮ ᠳᠤ᠂ ᠬᠤᠷᠢᠮ ᠤᠨ ᠪᠡᠯᠡᠭ᠂ ᠪᠡᠯᠡᠭ ᠤᠨ ᠮᠥᠩᠭᠦ᠂ ᠪᠡᠯᠡᠭ ᠤᠨ ᠡᠳ᠋ ᠢ ᠵᠥᠪᠬᠡᠨ ᠨᠠᠶᠢᠷ ᠲᠠᠯ᠎ᠠ ᠪᠠ ᠶᠣᠰᠣ ᠵᠢᠷᠤᠮ ᠤᠨ ᠴᠢᠨᠠᠷᠲᠠᠢ ᠶᠠᠪᠤᠯᠴᠠᠭ᠎ᠠ ᠪᠠᠷ ᠬᠢᠵᠠᠭᠠᠷᠯᠠᠨ᠎ᠠ᠂ ᠤᠯᠤᠰ ᠤᠨ ᠠᠯᠪᠠᠨ ᠲᠤᠰᠢᠶᠠᠯᠲᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ︔ ᠶᠡᠭᠡ ᠬᠡᠮᠵᠢᠶᠡᠨ ᠤ ᠪᠣᠭᠲᠣᠯᠠᠬᠤ ᠪᠡᠯᠡᠭ᠂ ᠬᠡᠭᠡᠨᠴᠢᠷ ᠬᠤᠷᠢᠮ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠨ᠎ᠠ︔ ᠶᠡᠭᠡ ᠪᠠᠷ ᠪᠠᠵᠠᠭᠠᠬᠤ᠂ ᠪᠦᠷᠢᠯᠭᠡᠨ ᠰᠦᠢᠳᠬᠡᠬᠦ᠂ ᠠᠲᠠᠭᠠᠷᠬᠠᠨ ᠰᠣᠷᠲᠣᠭᠤᠯᠠᠬᠤ᠂ ᠪᠣᠯᠬᠢ ᠪᠦᠳᠦᠭᠦᠯᠢᠭ ᠤᠷᠤᠭ ᠬᠤᠷᠢᠮ ᠬᠢᠬᠦ ᠵᠡᠷᠭᠡ ᠮᠠᠭᠤ ᠰᠤᠷᠲᠠᠯ ᠢ ᠡᠰᠡᠷᠭᠦᠴᠡᠨ ᠬᠤᠷᠢᠭᠯᠠᠬᠤ ᠬᠡᠷᠡᠭᠲᠡᠢ︔ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠣᠷᠤᠭ ᠢᠨᠠᠭ ᠤᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠶᠡᠭᠡ ᠬᠡᠮᠵᠢᠶᠡᠨ ᠤ ᠪᠣᠭᠲᠣᠯᠠᠬᠤ ᠪᠡᠯᠡᠭ᠂ ᠬᠡᠲᠦ ᠬᠡᠭᠡᠨᠴᠢᠷ ᠬᠤᠷᠢᠮ ᠤᠨ ᠶᠣᠰᠣᠯᠠᠯ ᠢ ᠡᠰᠡᠷᠭᠦᠴᠡᠨ ᠬᠤᠷᠢᠭᠯᠠᠬᠤ ᠶᠢ ᠤᠬᠠᠭᠤᠯᠤᠨ ᠬᠥᠲᠥᠯᠥᠨ ᠵᠢᠯᠣᠭᠤᠳᠤᠨ᠎ᠠ᠃     ᠲᠤᠰ ᠳᠦᠷᠢᠮ ᠳᠤ ᠪᠠᠰᠠ ᠵᠢᠭᠠᠵᠤ ᠭᠠᠷᠭᠠᠭᠰᠠᠨ ᠨᠢ᠂ ᠤᠷᠤᠭ ᠤᠨ ᠶᠠᠪᠤᠳᠠᠯ   ᠢ ᠬᠢᠬᠦ ᠳᠤ ᠤᠯᠠᠮᠵᠢᠯᠠᠯᠲᠤ ᠵᠠᠩ ᠳᠠᠳᠬᠠᠯ ᠶᠣᠰᠣᠭᠠᠷ ᠤᠷᠤᠭ ᠬᠤᠷᠢᠮ ᠤᠨ ᠪᠡᠯᠡᠭ ᠥᠭᠬᠦ ᠪᠤᠶᠤ ᠬᠦᠯᠢᠶᠡᠨ ᠠᠪᠬᠤ  ᠴᠢᠬᠤᠯᠠ ᠲᠠᠢ ᠪᠤᠯ᠂ ᠪᠡᠯᠡᠭ ᠤᠨ ᠵᠣᠭᠤᠰ᠂ ᠪᠡᠯᠡᠭ ᠤᠨ ᠵᠣᠭᠤᠰ ᠤᠨ ᠪᠠᠷᠢᠮᠵᠢᠶ᠎ᠠ ᠪᠣᠯᠣᠨ ᠪᠡᠯᠡᠭ ᠤᠨ ᠵᠣᠭᠤᠰ ᠤᠨ ᠲᠥᠷᠥᠯ ᠵᠦᠢᠯ᠂ ᠪᠠᠷᠢᠮᠵᠢᠶ᠎ᠠ ᠨᠢ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ︵ᠰᠠᠭᠤᠭᠠᠯᠢ ᠠᠷᠠᠳ ᠤᠨ ᠨᠡᠶᠢᠲᠡ   ᠶᠢᠨ ᠭᠡᠷ᠎ᠡ︶ ᠵᠡᠷᠭᠡ ᠬᠤᠯᠪᠣᠭᠳᠠᠯ ᠪᠦᠬᠦᠢ ᠲᠣᠭᠲᠠᠭᠠᠯ   ᠢ ᠵᠢᠷᠤᠮᠯᠠᠬᠤ ᠬᠡᠷᠡᠭᠲᠡᠢ᠃     ︽ᠰᠧᠴᠤᠸᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ  ᠸᠢᠴᠠᠲ ᠤᠨ ᠨᠡᠶᠢᠲᠡ ᠶᠢᠨ ᠳ᠋ᠤᠭᠠᠷ ᠬᠡᠯᠡᠬᠦ ᠪᠠᠷ᠂ ︽ᠯᠢᠶᠠᠩᠱᠠᠨ ᠤ ᠢ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠵᠠᠩ ᠳᠠᠳᠬᠠᠯ ᠢ ᠥᠭᠡᠷᠡᠴᠢᠯᠡᠬᠦ ᠳᠦᠷᠢᠮ︾ ᠳᠤ ︽ᠶᠡᠭᠡ ᠬᠡᠮᠵᠢᠶᠡᠨ ᠤ ᠪᠣᠭᠲᠣᠯᠠᠬᠤ ᠪᠡᠯᠡᠭ︾ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠬᠤᠷᠢᠭᠯᠠᠬᠤ ᠲᠤᠬᠠᠢ ᠲᠣᠳᠣᠷᠬᠠᠢ ᠲᠣᠭᠲᠠᠭᠠᠯ ᠭᠠᠷᠭᠠᠵᠤ᠂ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠠᠵᠢᠯ ᠢ ᠬᠠᠤᠯᠢ ᠲᠣᠭᠲᠠᠭᠠᠯ ᠤᠨ ᠲᠠᠰ ᠳᠠᠪᠬᠤᠷᠭ᠎ᠠ ᠳᠤ ᠬᠦᠷᠭᠡᠭᠰᠡᠨ ᠨᠢ ᠰᠧᠴᠤᠸᠠᠨ ᠳᠤ ᠠᠪᠴᠤ ᠬᠡᠯᠡᠪᠡᠯ ᠠᠩᠬᠠᠳᠠᠭᠴᠢ ᠵᠢᠱᠢᠶ᠎ᠡ ᠪᠣᠯᠣᠨ᠎ᠠ᠃     ᠢᠷᠡᠯᠲᠡ᠄ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠰᠦᠯᠵᠢᠶ᠎ᠡ
 
ᠢᠷᠡᠯᠲᠡ᠄ ᠲᠦᠩᠯᠢᠶᠣᠣ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号