ᠦᠰᠦᠭ ᠪᠢᠴᠢᠭ ᠤᠨ ᠲᠠᠶᠢᠯᠤᠮᠵᠢ᠄ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠠᠷᠠᠳ ᠤᠨ ᠡᠵᠡᠩᠨᠡᠯᠳᠤ ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠨ᠎ᠠ
ᠨᠡᠶᠢᠲᠡᠯᠡᠭᠰᠡᠨ ᠴᠠᠭ᠄
2023/8/9
  ᠡᠨᠡ ᠵᠢᠯ ᠠᠴᠠ ᠨᠠᠰᠢ᠂ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠵᠦ᠂ ︽ᠪᠠᠩᠬᠢ ᠭᠠᠶᠢᠯᠢ ᠶᠢᠨ ᠬᠠᠷᠢᠯᠴᠠᠨ ᠦᠢᠯᠡᠳᠦᠯᠴᠡᠬᠦ︾ ᠵᠡᠷᠭᠡ ᠠᠯᠢ ᠣᠯᠠᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠡᠨᠡ ᠵᠢᠯ ᠤᠨ 3 ᠰᠠᠷ᠎ᠠ ᠳᠤ᠂ ᠤᠯᠤᠰ ᠠᠴᠠ ᠨᠥᠬᠦᠴᠡᠯ ᠳᠤ ᠨᠡᠶᠢᠴᠡᠬᠦ ᠠᠵᠢᠯ ᠲᠥᠷᠥᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠠᠳᠬᠠᠨ ᠬᠠᠰᠤᠬᠤ ᠬᠠᠷᠢᠴᠠᠯ ᠢ 75% ᠪᠠᠶᠢᠭᠰᠠᠨ ᠠᠴᠠ 100% ᠳᠤ ᠬᠦᠷᠲᠡᠯ᠎ᠡ ᠳᠡᠭᠡᠭᠰᠢᠯᠡᠭᠦᠯᠦᠭᠰᠡᠨ ᠪᠥᠭᠡᠳ  ᠤᠷᠢᠳᠴᠢᠯᠠᠨ ᠲᠤᠰᠢᠶᠠᠬᠤ ᠪᠠᠷ ᠮᠡᠳᠡᠭᠦᠯᠬᠦ ᠬᠤᠭᠤᠴᠠᠭ᠎ᠠ ᠶᠢ 7 ᠰᠠᠷ᠎ᠠ ᠰᠢᠨ᠎ᠡ ᠪᠠᠷ ᠨᠡᠮᠡᠭᠳᠡᠭᠦᠯᠵᠦ᠂ ᠠᠵᠤ ᠠᠬᠤᠶᠢᠯᠠᠯ ᠳᠤ ᠲᠥᠷᠥ   ᠶᠢᠨ ᠪᠣᠳᠣᠯᠭ᠎ᠠ   ᠶᠢᠨ ᠠᠰᠢᠭ ᠲᠤᠰᠠ   ᠶᠢ ᠤᠷᠢᠳᠴᠢᠯᠠᠨ ᠬᠦᠷᠲᠡᠭᠡᠭᠰᠡᠨ ᠪᠠᠶᠢᠨ᠎ᠠ᠃    ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠳᠬᠠᠨ ᠬᠠᠰᠤᠬᠤ ᠶᠢ ᠡᠩ ᠤᠨ ᠪᠠᠶᠢᠳᠠᠯ ᠳᠤ ᠠᠪᠴᠤ ᠬᠡᠯᠡᠪᠡᠯ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠬᠡᠳᠦᠢ ᠠᠷᠪᠢᠨ ᠪᠣᠯᠬᠤ ᠲᠤᠲᠤᠮ ᠭᠠᠶᠢᠯᠢ ᠶᠢᠨ ᠵᠣᠭᠤᠰ ᠢ ᠬᠠᠰᠤᠵᠤ ᠬᠡᠯᠲᠦᠷᠢᠭᠦᠯᠬᠦ ᠨᠢ ᠴᠦ ᠲᠡᠳᠦᠢ ᠠᠷᠪᠢᠨ ᠪᠣᠯᠣᠨ᠎ᠠ᠃ ᠲᠦᠷᠦᠭᠦᠸ ᠬᠠᠭᠠᠰ ᠵᠢᠯ ᠳᠤ᠂ ᠪᠥᠬᠦ ᠤᠯᠤᠰ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ  ᠰᠠᠭᠠᠳᠬᠠᠨ ᠬᠠᠰᠤᠬᠤ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠠᠵᠤ ᠠᠬᠤᠶᠢᠯᠠᠯ 30 ᠲᠦᠮᠡ ᠶᠢ ᠳᠠᠪᠠᠵᠠᠢ᠂ ᠡᠭᠦᠨ ᠳᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠡᠵᠡᠯᠡᠬᠦ ᠬᠠᠷᠢᠴᠠᠯ 94.3% ᠪᠠᠶᠢᠵᠤ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠬᠡᠮᠵᠢᠶ᠎ᠡ 1700 ᠳ᠋ᠦᠩᠰᠢᠭᠤᠷ ᠲᠥᠭᠦᠷᠢᠭ ᠢ ᠳᠠᠪᠠᠵᠤ᠂ ᠲᠥᠷᠥ ᠶᠢᠨ ᠪᠣᠳᠣᠯᠭ᠎ᠠ ᠪᠠᠷ ᠠᠰᠢᠭ ᠬᠦᠷᠲᠡᠭᠡᠬᠦ ᠪᠡᠶᠡᠴᠢ ᠴᠣᠭᠴᠠ ᠪᠣᠯᠤᠭᠰᠠᠨ ᠪᠠᠶᠢᠨ᠎ᠠ᠃    ᠭᠠᠶᠢᠯᠢ ᠰᠦᠢᠳᠬᠡᠯ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠪᠠᠷ ᠠᠵᠤ ᠠᠬᠤᠶᠢᠯᠠᠯ ᠤᠨ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠤᠶᠠᠳᠤᠭᠠᠷ ᠤᠯᠠᠷᠢᠯ ᠳᠤ ᠂ ᠳᠡᠭᠡᠳᠦ ᠮᠡᠷᠭᠡᠵᠢᠯ ᠤᠨ ᠠᠵᠤ ᠦᠢᠯᠡᠰ᠂ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠪᠣᠷᠣᠯᠠᠭᠤᠯᠤᠯᠲᠠ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.5% ᠪᠠ 11.4% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ ᠲᠣᠰ ᠲᠣᠰ 1.7 ᠪᠠ 5.4 ᠵᠠᠭᠤᠨ ᠤ ᠨᠢᠭᠡᠴᠢ ᠳᠡᠭᠡᠭᠰᠢᠯᠡᠵᠡᠢ᠃    ᠡᠭᠦᠨ ᠤ ᠵᠡᠷᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ︽ᠭᠠᠶᠢᠯᠢ ᠪᠠ ᠪᠠᠩᠬᠢ ᠶᠢᠨ ᠬᠤᠷᠰᠢᠯᠴᠠᠭ᠎ᠠ︾ ᠶᠢ ᠴᠢᠩᠭᠠᠳᠬᠠᠵᠤ᠂ ᠲᠦᠷᠦᠭᠦᠸ ᠬᠠᠭᠠᠰ ᠵᠢᠯ ᠳᠤ ᠪᠥᠬᠦ ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠳᠤ 1.45 ᠲᠦᠮᠡᠨ ᠳ᠋ᠦᠩᠰᠢᠭᠤᠷ ᠲᠥᠭᠦᠷᠢᠭ ᠤᠨ ᠪᠠᠩᠬᠢ ᠶᠢᠨ ᠵᠢᠭᠡᠯᠡᠯᠭᠡ ᠣᠯᠭᠤᠵᠤ᠂ ᠠᠳᠠᠯᠢ ᠬᠤᠭᠤᠴᠠᠭᠠᠨ ᠤ ᠬᠢ ᠠᠴᠠ 41% ᠪᠠᠷ ᠨᠡᠮᠡᠭᠳᠡᠪᠡ᠃     ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠥᠨᠥᠳᠥᠷ ︵8 ᠰᠠᠷ᠎ᠠ ᠶᠢᠨ 6 ᠤ ᠡᠳᠦᠷ︶ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ 28 ᠵᠦᠢᠯ ᠤᠨ ᠠᠷᠠᠳ ᠠᠴᠠ ᠡᠷᠭᠢᠯᠡᠭᠰᠡᠨ ᠭᠠᠶᠢᠯᠢ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠦᠰᠡᠯ ᠱᠠᠭᠠᠷᠳᠠᠯᠭ᠎ᠠ ᠶᠢ ᠳᠠᠭᠠᠬᠤ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠴᠢᠯᠡᠭᠡᠨ ᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠵᠡᠩᠨᠡᠯᠲᠡ ᠶᠢᠨ ᠪᠡᠶᠡᠴᠢ ᠴᠣᠭᠴᠠ ᠳᠤ ᠰᠢᠭᠤᠳ ᠬᠦᠷᠭᠡᠬᠦ ᠶᠢ ᠦᠨᠡᠨ ᠬᠦ ᠪᠠᠳᠤᠯᠠᠪᠠ᠃
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号