ᠮᠠᠨ ᠤ ᠬᠤᠰᠢᠭᠤ ᠬᠠᠤᠯᠢ ᠭᠡᠷᠡᠭᠵᠢᠬᠦᠯᠦᠯᠳᠡ ᠶᠢᠨ ᠬᠡᠯᠪᠡᠷᠢ ᠶᠢ ᠰᠢᠨᠡᠴᠢᠯᠡᠵᠥ  ᠦᠵᠡᠮᠵᠢ ᠶᠢᠨ ᠤᠷᠤᠨ ᠤ  ᠬᠠᠤᠯᠢ ᠭᠡᠷᠡᠭᠵᠢᠬᠦᠯᠬᠦ  ᠳᠤ ᠬᠦᠴᠢᠷ  ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/9/26
    ᠴᠦᠩᠭᠦᠯ ᠤᠨ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ ᠳᠤ ︽ᠵᠢᠵᠢᠭ ᠮᠣᠳᠣᠨ ᠥᠷᠥᠭᠡ︾ ᠵᠢᠭᠤᠯᠴᠢᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠪᠠᠶᠢᠷᠢ ᠭᠠᠷᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠵᠤᠭᠠᠴᠠᠭᠰᠠᠳ ᠤᠨ ᠵᠠᠭᠠᠯᠳᠤᠯᠭ᠎ᠠ ᠶᠢ ᠲᠦᠷᠭᠡᠨ ᠰᠢᠢᠳᠪᠦᠷᠢᠯᠡᠬᠦ ᠳᠤ ᠲᠥᠬᠦᠮ ᠦᠵᠡᠭᠦᠯᠵᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠲᠤᠰ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠪᠠᠶᠢᠭᠤᠯᠤᠭᠳᠠᠭᠰᠠᠨ ᠠᠴᠠ ᠨᠠᠰᠢ᠂ ᠵᠤᠭᠠᠴᠠᠭᠰᠠᠳ ᠤᠨ  ᠢᠯᠴᠢᠯᠡᠨ ᠮᠡᠳᠡᠬᠦᠯᠦᠭᠰᠡᠨ 3 ᠤᠳᠠᠭ᠎ᠠ ᠶᠢᠨ  ᠭᠡᠷᠡᠭ ᠢ ᠴᠠᠭ ᠲᠠᠷᠤᠢ ᠳᠤᠨᠢ  ᠰᠢᠢᠳᠪᠦᠷᠢᠯᠡᠵᠦ᠂ 2 ᠬᠠᠤᠯᠢ ᠪᠤᠰᠤ ᠵᠤᠭᠠᠴᠠᠯ ᠬᠦᠳᠦᠯᠦᠭᠴᠢ ᠢ ᠰᠢᠳᠭᠡᠪᠡ᠃ ︽ᠬᠠᠲᠠᠭᠤ ᠵᠥᠭᠡᠯᠡᠨ ᠢ ᠬᠤᠣᠰᠯᠠᠭᠤᠯᠬᠤ︾ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ  ᠭᠡᠷᠡᠭᠵᠢᠬᠦᠯᠵᠥ ᠵᠠᠰᠠᠭ ᠵᠠᠬᠢᠷᠭᠠᠨ ᠤ ᠰᠡᠷᠡᠮᠵᠢᠯᠡᠯ᠂ ᠰᠤᠷᠭᠠᠨ ᠬᠥᠮᠦᠵᠢᠭᠦᠯᠵᠦ ᠶᠣᠰᠣ ᠶᠠᠷᠢᠬᠤ ᠵᠡᠷᠭᠡ ᠠᠯᠪᠠᠳᠠᠯᠭ᠎ᠠ ᠶᠢᠨ ᠪᠤᠰᠤ ᠠᠷᠭ᠎ᠠ ᠪᠠᠷᠢᠯ ᠢ ᠬᠡᠷᠡᠭᠯᠡᠨ᠂ ᠲᠤᠬᠠᠶ ᠶᠢᠨ ᠬᠥᠮᠦᠨ ᠤ ᠰᠠᠨᠠᠭᠠᠴᠢᠯᠠᠭ᠎ᠠ ᠠᠴᠠ ᠪᠠᠨ ᠴᠡᠭᠴᠡᠯᠡᠨ  ᠦᠬᠡᠷᠡᠴᠢᠯᠡᠬᠦ  ᠶᠢ  ᠠᠬᠢᠭᠤᠯᠪᠠ  ᠃ ᠣᠳᠣᠬᠠᠨ ᠳᠤ ᠴᠦᠩᠭᠦᠯ ᠤᠨ ᠦᠵᠡᠮᠵᠢ ᠶᠢᠨ ᠣᠷᠣᠨ ᠡᠳᠦᠷ ᠪᠦᠷᠢ ᠳᠤᠮᠳᠠᠴᠢ ᠪᠠᠷ 2500 ᠬᠥᠮᠦᠨ ᠤᠳᠠᠭ᠎ᠠ   ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠶᠡᠷᠦᠩᠬᠡᠢ ᠣᠷᠣᠯᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 95% ᠠᠴᠠ ᠳᠡᠭᠡᠭᠰᠢ ᠨᠡᠮᠡᠭᠳᠡᠪᠡ᠃   ᠪᠠᠰᠠ ᠣᠯᠠᠨ ᠰᠠᠯᠠᠭ᠎ᠠ ᠮᠥᠴᠢᠷ ᠬᠠᠮᠲᠤᠷᠠᠨ ᠡᠯ᠎ᠡ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠵᠢᠭᠤᠯᠴᠢᠯᠠᠯ ᠤᠨ ᠠᠶᠠᠨᠴᠢᠳ ᠤᠨ ᠲᠡᠷᠭᠡ ᠶᠢᠨ ᠬᠤᠷᠳᠤᠴᠠ ᠂   ᠠᠴᠢᠶᠠᠯᠠᠬᠤ ᠬᠡᠮᠵᠢᠶᠡᠳᠦ ᠲᠤᠭ᠎ᠠ ᠠᠴᠠ  ᠲᠠᠪᠠᠭ᠋ᠤ ᠂ ᠦᠵᠡᠮᠵᠢ ᠶᠢᠨ ᠣᠷᠣᠨ ᠤ ᠦᠢᠯᠡᠴᠢᠯᠡᠭᠡ ᠶᠢ  ᠤᠷᠤᠨ ᠪᠠᠶᠢᠷᠢ ᠳᠤ ᠬᠦᠷᠭᠡᠬᠦ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠡᠯ᠎ᠡ ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠤᠨ ᠳᠤᠲᠠᠭᠤᠳᠠᠯ ᠪᠠ ᠪᠠᠭᠤᠷᠠᠶ ᠲᠠᠯ᠎ᠠ ᠪᠠᠨ ᠴᠠᠭ ᠲᠤᠬᠠᠶ ᠳᠤᠨᠢ ᠨᠦᠬᠦᠪᠦᠷᠢᠯᠡᠬᠦ ᠶᠢ  ᠱᠠᠯᠠᠪᠳᠠᠨ᠂ ᠥᠷᠭᠡᠨ ᠣᠯᠠᠨ ᠵᠢᠭᠤᠯᠴᠢᠯᠠᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ᠂ ᠵᠢᠭᠤᠯᠴᠢᠯᠠᠯ ᠤᠨ ᠣᠷᠴᠢᠨ  ᠨᠦᠬᠦᠴᠡᠯ ᠢ  ᠬᠠᠩᠭᠠᠪᠠ᠃
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号