| | | | | | ᠤᠶᠢᠷ᠎ᠠ ᠶᠢᠨ ᠵᠢᠯ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠨᠠᠷᠢᠨ ᠨᠢᠮᠪᠠᠶ ᠲᠥᠯᠥᠪᠯᠡᠨ᠂ | ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠢᠮᠠᠭᠲᠠ ᠪᠠᠷᠢᠮᠲᠠᠯᠠᠵᠤ᠂ | ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠪᠦᠬᠦ ᠣᠷᠣᠨ ᠪᠦᠰᠡ ᠶᠢᠨ | ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠠᠵᠤ ᠦᠢᠯᠡᠰ ᠤᠨ ᠠᠭᠤᠰᠤᠯᠴᠠᠯ︾ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ | ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠭ᠎ᠠ ᠪᠣᠷᠣᠯᠠᠭᠤᠯᠭ᠎ᠠ ᠶᠢᠨ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ᠂ ᠣᠷᠣᠨ ᠪᠦᠰᠡ ᠳᠤ ᠠᠯᠳᠠᠷᠰᠢᠭᠰᠠᠨ ᠪᠦᠬᠦ ᠣᠷᠣᠨ ᠪᠦᠰᠡ ᠶᠢᠨ ᠲᠦᠷᠪᠡᠨ ᠤᠯᠠᠷᠢᠯ ᠤᠨ | ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠵᠣᠷᠢᠭᠰᠠᠨ ᠭᠠᠵᠠᠷ ᠢ ᠬᠦᠴᠦᠯᠡᠨ ᠡᠭᠦᠳᠴᠦ᠂ ︽ᠰᠣᠶᠣᠯ ᠢᠶᠠᠷ ᠠᠵᠥ | ᠦᠢᠯᠡᠰ ᠢ ᠲᠦᠪᠯᠡᠷᠡᠬᠦᠯᠵᠥ᠂ ᠵᠤᠭᠠᠴᠠᠯ ᠢᠶᠠᠷ ᠬᠤᠳᠠ ᠶᠢ ᠮᠠᠨᠳᠤᠭᠤᠯᠬᠤ︾ ᠰᠢᠨ᠎ᠡ ᠠᠷᠭ᠎ᠠ ᠵᠠᠮ ᠢ ᠨᠡᠭᠡᠭᠡᠪᠡ᠃ | ᠣᠲᠣ ᠪᠣᠯᠲᠠᠯ᠎ᠠ᠂ ᠪᠥᠬᠦ ᠬᠤᠰᠢᠭᠤ ᠵᠤᠭᠠᠴᠠᠭᠰᠠᠳ ᠢ ᠨᠡᠶᠢᠲᠡ 120.7 ᠲᠦᠮᠡᠨ ᠬᠥᠮᠦᠨ ᠤᠳᠠᠭ᠎ᠠ ᠭᠥᠯᠢᠶᠡᠨ | ᠠᠪᠴᠤ᠂ ᠠᠳᠠᠯᠢ ᠬᠤᠭᠤᠴᠠᠭᠠᠨ ᠤ ᠬᠢ ᠠᠴᠠ 85.69 % ᠪᠠᠷ ᠨᠡᠮᠡᠭᠳᠡᠵᠦ᠂ ᠵᠢᠭᠤᠯᠴᠢᠯᠠᠯ ᠤᠨ ᠶᠡᠷᠦᠩᠬᠡᠢ | ᠣᠷᠣᠯᠭ᠎ᠠ ᠶᠢ 7.15 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.35 | % ᠪᠠᠷ ᠨᠡᠮᠡᠭᠳᠡᠪᠡ᠃ | ᠣᠶᠢᠷ᠎ᠠ ᠳᠤ᠂ ᠰᠤᠭᠤ ᠶᠢᠨ ᠪᠤᠯᠠᠭ ᠤᠨ ᠡᠯᠡᠰᠦᠨ ᠴᠦᠯ ᠤᠨ ᠦᠵᠡᠮᠵᠢ ᠶᠢᠨ ᠵᠢᠭᠤᠯᠴᠢᠯᠠᠯ ᠤᠨ ᠣᠷᠣᠨ ᠢ 4A | ᠲᠠᠰ ᠤᠨ ᠦᠵᠡᠮᠵᠢ ᠶᠢᠨ ᠣᠷᠣᠨ ᠪᠣᠯᠭᠠᠨ ᠠᠮᠵᠢᠯᠲᠠ ᠲᠠᠢ ᠡᠭᠦᠳᠦᠨ ᠪᠠᠶᠢᠭᠤᠯᠪᠠ᠃ ᠦᠵᠡᠮᠵᠢ ᠶᠢᠨ ᠣᠷᠣᠨ ᠨᠢ | ᠦᠢᠯᠡᠴᠢᠯᠡᠭᠡᠨ ᠤ ᠶᠠᠰᠤ ᠴᠢᠨᠠᠷ ᠬᠢᠭᠡᠳ ᠣᠷᠴᠢᠨ ᠲᠣᠭᠤᠷᠢᠨ ᠤ ᠶᠠᠰᠤ ᠴᠢᠨᠠᠷ ᠵᠡᠷᠭᠡ 8 ᠶᠡᠭᠡ ᠲᠥᠷᠥᠯ ᠢᠶᠠᠷ | ᠳᠠᠮᠵᠢᠭᠤᠯᠤᠨ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠵᠢᠷᠤᠭ᠂ ᠵᠢᠭᠤᠯᠴᠢᠯᠠᠯ ᠤᠨ ᠵᠢᠷᠤᠭ᠂ ᠵᠢᠭᠤᠯᠴᠢᠯᠠᠯ ᠤᠨ | ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠲᠠᠯ᠎ᠠ ᠶᠢᠨ ᠳᠦᠷᠢᠮ ᠲᠣᠭᠲᠠᠭᠠᠯ᠂ ᠦᠵᠡᠮᠵᠢ ᠶᠢᠨ ᠶᠠᠰᠤ ᠴᠢᠨᠠᠷ ᠵᠡᠷᠭᠡ | ᠲᠠᠯ᠎ᠠ ᠶᠢᠨ ᠠᠭᠤᠯᠭ᠎ᠠ ᠶᠢ ᠲᠡᠭᠦᠯᠳᠡᠷᠵᠢᠭᠦᠯᠵᠦ᠂ 4A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠪᠠᠷᠢᠮᠵᠢᠶ᠎ᠠ ᠳᠤ ᠠᠮᠵᠢᠯᠳᠠ ᠲᠠᠢ ᠬᠦᠷᠪᠡ᠃ | ᠰᠤᠭᠤ ᠶᠢᠨ ᠪᠤᠯᠠᠭ ᠤᠨ ᠡᠯᠡᠰᠦᠨ ᠴᠦᠯ ᠤᠨ ᠦᠵᠡᠮᠵᠢ ᠶᠢᠨ ᠣᠷᠣᠨ ᠪᠣᠯ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠰᠤᠨᠳᠤᠤ ᠰᠤᠮᠤ ᠶᠢᠨ ᠴᠧ ᠵᠢᠶᠠ ᠸᠧ ᠫᠦ᠋ ᠲᠣᠰᠬᠤᠨ ᠳᠤ ᠪᠠᠶᠢᠷᠢᠯᠠᠵᠤ᠂ ᠡᠯᠡᠰᠦ ᠮᠠᠩᠬ᠎ᠠ᠂ ᠤᠢ | ᠰᠢᠭᠤᠶ᠂ ᠡᠪᠡᠰᠦᠲᠦ ᠭᠠᠵᠠᠷ᠂ ᠨᠠᠭᠤᠷ ᠴᠥᠭᠦᠷᠥᠮ᠂ ᠨᠠᠮᠤᠭ ᠵᠡᠷᠭᠡ ᠡᠯ᠎ᠡ ᠵᠦᠢᠯ ᠤᠨ ᠦᠵᠡᠮᠵᠢ ᠶᠢ ᠨᠢᠭᠡ | ᠴᠣᠭᠴᠠᠵᠢᠭᠤᠯᠤᠭᠰᠠᠨ ᠪᠠᠶᠢᠭᠠᠯᠢ ᠶᠢᠨ ᠦᠵᠡᠮᠵᠢ ᠶᠢᠨ ᠣᠷᠣᠨ ᠪᠣᠯᠤᠨ᠎ᠠ᠂ ᠶᠡᠷᠦᠩᠬᠡᠶ ᠲᠠᠯᠠᠪᠠᠶ ᠨᠢ 1.35 ᠲᠦᠮᠡᠨ | ᠮᠥ ᠪᠠᠶᠢᠵᠤ᠂ ᠣᠲᠣ ᠡᠯᠡᠰᠦᠨ ᠴᠦᠯ ᠤᠨ ᠵᠤᠭᠠᠴᠠᠯ ᠤᠨ ᠲᠡᠷᠭᠡ᠂ ᠡᠯᠡᠰᠦᠨ ᠴᠦᠯ ᠤᠨ ᠲᠠᠩᠺ᠂ ᠡᠯᠡᠰᠦᠨ ᠴᠥᠯ | ᠳᠤ ᠬᠡᠭᠡᠷᠡᠯᠡᠨ ᠠᠶᠠᠯᠠᠬᠤ᠂ ᠡᠯᠡᠰᠦᠨ ᠳᠤ ᠲᠡᠰᠢᠬᠦ᠂ ᠲᠠᠯ᠎ᠠ ᠨᠤᠲᠤᠭ ᠤᠨ ᠶᠡᠭᠡ ᠫᠤᠤ᠂ ᠡᠯᠡᠰᠦᠨ ᠴᠦᠯ ᠤᠨ | ᠤᠬᠢᠶᠠᠯᠭ᠎ᠠ ᠶᠢᠨ ᠲᠠᠯᠠᠪᠠᠶ ᠵᠡᠷᠭᠡ ᠵᠤᠭ᠎ᠠ ᠴᠡᠩᠭᠡᠯ ᠤᠨ ᠲᠥᠷᠥᠯ ᠵᠦᠢᠯ ᠪᠤᠢ᠃ ᠰᠤᠭᠤ ᠶᠢᠨ ᠪᠤᠯᠠᠭ ᠡᠯᠡᠰᠦᠨ | ᠴᠦᠯ ᠤᠨ ᠦᠪᠡᠷᠳᠡᠭᠡᠨ ᠮᠠᠰᠢᠨ ᠵᠢᠯᠤᠭᠤᠳᠬᠤ ᠵᠢᠬᠰᠠᠭᠠᠯ ᠤᠨ ᠭᠠᠵᠠᠷ ᠪᠤᠯ ᠪᠦᠬᠦ ᠤᠯᠤᠰ ᠤᠨ ᠲᠠᠪᠤᠨ ᠤᠳᠤᠨ | ᠲᠡᠰ ᠤᠨ ᠦᠪᠡᠷᠳᠡᠭᠡᠨ ᠮᠠᠰᠢᠨ ᠵᠢᠯᠤᠭᠤᠳᠴᠦ ᠲᠤᠭᠤᠷᠢᠬᠤ ᠵᠢᠬᠰᠠᠭᠠᠯ ᠤᠨ ᠭᠠᠵᠠᠷ ᠪᠠ 5C ᠲᠡᠰ ᠤᠨ ᠮᠠᠰᠢᠨ | ᠵᠢᠯᠤᠭᠤᠳᠴᠦ ᠲᠤᠭᠤᠷᠢᠬᠤ ᠵᠢᠬᠰᠠᠭᠠᠯ ᠤᠨ ᠭᠠᠵᠠᠷ ᠪᠤᠯᠤᠨ᠎ᠠ᠃ | | | |