ᠲᠤᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2023/9/5
   ︽ᠳᠤᠮᠳᠠᠳᠤ ᠤᠯᠤᠰ   ᠤᠨ ᠡᠪ ᠬᠠᠮᠲᠤ ᠨᠠᠮ ᠤᠨ ᠨᠠᠮ ᠤᠨ ᠲᠤᠳᠤᠭᠠᠳᠤᠬᠢ ᠬᠢᠨᠠᠯᠲᠠ ᠲᠠᠯᠪᠢᠬᠤ ᠳᠦᠷᠢᠮ︾ ᠳᠤᠮᠳᠠᠳᠤ ᠤᠯᠤᠰ ᠤᠨ ᠡᠪ ᠬᠠᠮᠲᠤ ᠨᠠᠮ   ᠤᠨ ᠲᠤᠭᠤᠷᠢᠨ ᠪᠠᠶᠢᠴᠭᠠᠬᠤ ᠠᠵᠢᠯ ᠤᠨ ᠲᠦᠷᠢᠮ︾   ᠤᠨ ᠬᠠᠮᠢᠶ᠎ᠠ ᠪᠦᠬᠦᠢ ᠲᠣᠭᠲᠠᠭᠠᠯ   ᠢ ᠦᠨᠳᠦᠰᠦᠯᠡᠨ᠂  ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠠᠪᠤᠳᠤᠭᠠᠷ  ᠡᠬᠡᠯᠵᠢ ᠶᠢᠨ ᠲᠣᠭᠤᠷᠢᠨ ᠪᠠᠶᠢᠴᠠᠭᠠᠬᠤ ᠵᠢᠷᠭᠤᠳᠤᠭᠠᠷ  ᠲᠤᠭᠤᠶᠢᠯᠠᠩ 9 ᠰᠠᠷ᠎ᠠ ᠶᠢᠨ 5   ᠤ ᠡᠳᠦᠷ ᠠᠴᠠ 11 ᠰᠠᠷ᠎ᠠ ᠶᠢᠨ 13   ᠤ ᠡᠳᠦᠷ ᠪᠣᠯᠲᠠᠯ᠎ᠠ᠂ ᠵᠢᠷᠭᠠᠯᠠᠩ  ᠪᠠᠯᠭᠠᠰᠤᠨ   ᠤ ᠬᠤᠷᠢᠶ᠎ᠠ ᠵᠢᠴᠢ ᠬᠠᠷᠢᠶᠠᠨ ᠳᠠᠬᠢ 24 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠨᠠᠮ ᠤᠨ ᠵᠤᠬᠢᠶᠠᠨ ᠪᠠᠶᠢᠭᠤᠯᠤᠯᠳᠠ ᠳᠤ   ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ  ᠂ ᠨᠠᠮ   ᠤᠨ ᠲᠥᠪ ᠬᠤᠷᠢᠶ᠎ᠠ ᠶᠢᠨ ᠡᠯ᠎ᠡ ᠵᠦᠢᠯ   ᠤᠨ ᠰᠢᠢᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠳᠠ ᠶᠢ ᠦᠨᠳᠦᠰᠦᠨ  ᠱᠠᠳᠤᠨ  ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ  ᠲᠦᠮᠡᠨ ᠤ ᠳᠡᠷᠭᠡᠳᠡᠬᠢ ᠢᠯᠵᠢᠷᠡᠯ   ᠤᠨ ᠠᠰᠠᠭᠤᠳᠠᠯ ᠪᠠ ᠲᠥᠪ ᠪᠤᠰᠤ ᠰᠤᠷᠲᠠᠯ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ  ᠶᠢᠨ  ᠴᠤᠬᠴᠠᠯᠠᠯᠳᠠ᠂ ᠲᠣᠭᠤᠷᠢᠨ ᠪᠠᠶᠢᠴᠭᠠᠵᠥ   ᠴᠡᠭᠴᠡᠯᠡᠵᠥ ᠨᠠᠶᠢᠳᠠᠪᠤᠷᠢᠵᠢᠭᠤᠯᠤᠭᠰᠠᠨ ᠪᠠᠶᠢᠳᠠᠯ  ᠵᠡᠷᠭᠡ ᠶᠢ ᠲᠥᠪᠯᠡᠷᠡᠭᠦᠯᠦᠨ ᠬᠢᠨᠠᠯᠲᠠ ᠲᠠᠯᠪᠢᠨ ᠪᠠᠶᠢᠴᠠᠭᠠᠵᠤ᠂ ᠭᠤᠣᠯᠳᠠᠭᠤ  ᠵᠢᠷᠭᠠᠯᠠᠩ ᠪᠠᠯᠭᠠᠰᠳ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠵᠢᠴᠢ ᠪᠦᠷᠢᠯᠳᠦᠬᠦᠨ᠂ ᠳᠣᠣᠷ᠎ᠠ ᠨᠢᠭᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠣᠯ ᠬᠠᠷᠢᠭᠤᠴᠠᠯᠭᠠᠲᠠᠨ᠂ ᠴᠢᠬᠤᠯᠠ ᠠᠵᠢᠯ ᠤᠨ ᠪᠠᠶᠢᠷᠢ ᠶᠢᠨ ᠨᠠᠮ ᠤᠨ ᠭᠡᠰᠢᠭᠦᠨ ᠺᠠᠳ᠋ᠷ ᠪᠠ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠣᠯ ᠬᠠᠷᠢᠭᠤᠴᠠᠯᠭᠠᠳᠠᠨ ᠢ ᠲᠤᠰᠬᠠᠵᠥ ᠢᠷᠡᠭᠦᠯᠦᠭᠰᠡᠨ ᠤᠳᠠᠰᠦ᠂ ᠵᠠᠬᠢᠳᠠᠯ ᠰᠤᠷᠪᠤᠯᠵᠢᠯᠠᠭ᠎ᠠ ᠶᠢ  ᠭᠤᠤᠯᠳᠠᠯᠭ᠎ᠠ ᠲᠠᠢ ᠬᠦᠯᠢᠶᠡᠨ ᠠᠪᠴᠤ ᠰᠢᠢᠳᠪᠦᠷᠢᠯᠡᠨ᠂ ᠭᠤᠣᠯᠳᠠᠭᠤ ᠤᠯᠤᠰ ᠲᠦᠷᠦ  ᠶᠢᠨ ᠰᠠᠬᠢᠯᠭ᠎ᠠ ᠪᠠᠲᠤ᠂ ᠵᠣᠬᠢᠶᠠᠨ  ᠪᠠᠶᠢᠭᠤᠯᠤᠯᠳᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ  ᠲᠦᠮᠡᠨ ᠤ ᠰᠠᠬᠢᠯᠭ᠎ᠠ ᠪᠠᠲᠤ᠂ ᠠᠵᠢᠯ   ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠬᠢ ᠢᠯᠡᠴᠢᠯᠡᠨ  ᠮᠡᠳᠡᠬᠦᠯᠦᠯᠳᠡ ᠪᠠ  ᠲᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ︔  ᠲᠣᠭᠤᠷᠢᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠬᠦᠷᠢᠶ᠎ᠡ  ᠬᠡᠪᠴᠢᠶᠡᠨ ᠳᠤ ᠦᠯᠦ ᠬᠠᠷᠢᠶᠠᠯᠠᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ   ᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠬᠢᠨᠠᠮᠠᠭᠠᠢ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ  ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶᠢᠯᠠᠨ ᠬᠦᠯᠢᠶᠡᠨ ᠠᠪᠴᠤ ᠰᠢᠢᠳᠪᠦᠷᠢᠯᠡᠬᠦ ᠤᠲᠠᠰᠤ ᠭᠠᠷᠭᠠᠪᠠ ︵ ᠦᠳᠡ ᠶᠢᠨ ᠡᠮᠦᠨᠡᠬᠢ 8 : 30  — 12 : 00᠂  ᠦᠳᠡ  ᠶᠢᠨ ᠬᠤᠶᠢᠨᠠᠬᠢ 14 : 30  — 17 : 30︶᠂  ᠡᠬᠦᠨ ᠤ ᠬᠠᠮᠲᠤ ᠡᠯᠧᠺᠲᠷᠣᠨ ᠰᠢᠤᠳᠠᠨ ᠬᠠᠶᠢᠷᠴᠠᠭ᠂ ᠰᠠᠨᠠᠯ ᠬᠤᠷᠢᠶᠠᠬᠤ ᠬᠠᠶᠢᠷᠴᠠᠭ ᠭᠠᠷᠭᠠᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ ᠢ 11 ᠰᠠᠷ᠎ᠠ ᠶᠢᠨ 6   ᠤ ᠡᠳᠦᠷ ᠢᠶᠠᠷ ᠬᠢᠵᠠᠭᠠᠷᠯᠠᠨ᠎ᠠ᠃ᠬᠦᠯᠢᠶᠡᠨ ᠠᠪᠴᠤ ᠰᠢᠢᠳᠪᠦᠷᠢᠯᠡᠬᠦ ᠳ᠋ᠢᠶᠠᠩᠬᠤᠸᠠ᠄ 15734751782 ᠢᠮᠧᠯ᠄ 15734751782 @163. com ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ᠄ ᠵᠢᠷᠭᠠᠯᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠣᠨ  ᠤ ᠠᠯᠪᠠᠨ ᠠᠰᠠᠷ   ᠤᠨ 109 ᠠᠯᠪᠠᠨ ᠭᠡᠷ ᠰᠠᠨᠠᠯ ᠬᠤᠷᠢᠶᠠᠬᠤ  ᠬᠠᠶᠢᠷᠴᠠᠭ ᠤᠨ  ᠬᠠᠶ᠋ᠢᠭ᠄ ᠵᠢᠷᠭᠠᠯᠠᠩ  ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠠᠰᠠᠷ   ᠤᠨ ᠡᠮᠦᠨᠡᠬᠢ ᠪᠠᠷᠠᠭᠤᠨ ᠲᠠᠯ᠎ᠠ ᠲᠣᠭᠤᠷᠢᠨ ᠪᠠᠶᠢᠴᠠᠭᠠᠵᠤ ᠲᠠᠭᠤᠰᠤᠭᠰᠠᠨ ᠤ ᠳᠠᠷᠠᠭ᠎ᠠ᠂  ᠲᠡᠭᠡᠷ᠎ᠡ ᠲᠤᠷᠠᠳᠤᠭᠰᠠᠨ ᠠᠰᠠᠭᠤᠳᠠᠯ ᠲᠤᠰᠬᠠᠬᠤ ᠠᠷᠭ᠎ᠠ ᠵᠠᠮ   ᠢ ᠠᠶᠠᠨᠳᠠᠭᠠᠨ ᠦᠬᠡᠶᠢᠰᠭᠡᠨ᠎ᠡ᠃ ᠥᠷᠭᠡᠨ ᠣᠯᠠᠨ ᠺᠠᠳ᠋ᠷ ᠣᠯᠠᠨ ᠲᠦᠮᠡᠨ ᠤᠲᠠᠰᠤ᠂ ᠵᠠᠬᠢᠳᠠᠯ᠂ ᠵᠠᠬᠢᠳᠠᠯ ᠰᠤᠷᠪᠤᠯᠵᠢᠯᠠᠭ᠎ᠠ ᠵᠡᠷᠭᠡ ᠠᠷᠭ᠎ᠠ  ᠬᠡᠯᠪᠡᠷᠢ ᠪᠠᠷ ᠲᠣᠭᠤᠷᠢᠨ ᠪᠠᠶᠢᠴᠠᠭᠠᠬᠤ  ᠲᠤᠭᠤᠶᠢᠯᠠᠩ ᠳᠤ ᠦᠨᠡᠨ ᠪᠤᠳᠠᠳᠠᠢ ᠪᠠᠷ ᠪᠠᠶᠢᠳᠠᠯ ᠢ  ᠲᠤᠰᠬᠠᠭᠠᠷᠠᠢ᠃          ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                                              2023 ᠤᠨ ᠤ 9 ᠰᠠᠷ᠎ᠠ ᠶᠢᠨ5 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号