ᠮᠠᠨ ᠤ ᠬᠤᠰᠢᠭᠤ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠥ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠯᠠᠪᠳᠠᠭᠤᠨ ᠪᠠᠳᠤᠳᠠᠢ ᠠᠬᠢᠭᠤᠯᠪᠠ
ᠨᠡᠶᠢᠲᠡᠯᠡᠭᠰᠡᠨ ᠴᠠᠭ᠄
2023/9/5
         ᠵᠤᠬᠢᠶᠠᠨ  ᠪᠠᠶᠢᠭᠤᠯᠤᠯᠳᠠ ᠶᠢᠨ ᠰᠢᠰᠲ᠋ᠧᠮ ᠢ ᠨᠢᠭᠲᠠ  ᠰᠦᠯᠵᠢᠪᠡ  ᠃ ︽ᠪᠦᠬᠦ ᠬᠤᠰᠢᠭᠤᠨ ᠤ ᠡᠯ᠎ᠡ ᠨᠠᠮ ︵ᠠᠵᠢᠯ︶ ᠤᠨ ᠬᠤᠷᠢᠶ᠎ᠠ ᠵᠢᠴᠢ ᠨᠠᠮ ᠤᠨ ᠡᠭᠦᠷ ᠲᠤ ᠨᠢᠭᠡᠳᠦᠮᠡᠯ ᠹᠷᠣᠨᠲ ᠤᠨ ᠭᠡᠰᠢᠭᠦᠨ ᠲᠣᠬᠢᠷᠠᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠢᠭᠡᠳᠦᠮᠡᠯ ᠹᠷᠣᠨᠲ ᠤᠨ ᠭᠡᠰᠢᠭᠦᠳ ᠤᠨ ᠨᠠᠮ ᠤᠨ ᠪᠠᠶᠢᠭᠤᠯᠤᠯᠲᠠ ᠶᠢ ᠠᠳᠬᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠥᠬᠦ ᠬᠤᠰᠢᠭᠤᠨ ᠤ 834 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠴᠥᠮ ᠨᠢᠭᠡᠳᠦᠮᠡᠯ ᠹᠷᠣᠨᠲ ᠤᠨ ᠭᠡᠰᠢᠭᠦᠨ ᠢ ᠲᠣᠬᠢᠷᠠᠭᠤᠯᠪᠠ᠃       ᠦᠵᠡᠯ ᠰᠠᠨᠠᠭᠠᠨ ᠤ ᠰᠠᠭᠤᠷᠢ ᠶᠢ  ᠪᠠᠬᠢᠵᠢᠬᠦᠯᠪᠡ᠃ ︽ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ︾ ᠲᠤᠰᠬᠠᠶ ᠰᠡᠳᠦᠪᠲᠦ ᠰᠤᠷᠤᠯᠴᠠᠯᠭ᠎ᠠ ᠶᠢ 900 ᠭᠠᠷᠤᠶ ᠤᠳᠠᠭ᠎ᠠ ᠥᠷᠨᠢᠭᠦᠯᠵᠦ᠂ 200 ᠭᠠᠷᠤᠶ  ᠲᠠᠯᠠᠪᠠᠢ ᠤᠳᠠᠭ᠎ᠠ ᠲᠤᠰᠬᠠᠶ ᠰᠡᠳᠦᠪ ᠢᠶᠠᠷ  ᠰᠤᠳᠤᠯᠤᠨ ᠶᠠᠷᠢᠯᠴᠠᠵᠤ᠂ ᠡᠯ᠎ᠡ ᠲᠥᠷᠥᠯ ᠤᠨ ᠪᠣᠯᠪᠠᠰᠤᠷᠠᠯ ᠤᠨ ᠠᠩᠭᠢ ᠶᠢ 18 ᠬᠤᠭᠤᠴᠠᠭ᠎ᠠ ᠡᠷᠭᠢᠯᠡᠵᠦ᠂  6000 ᠭᠠᠷᠤᠶ ᠺᠠᠳ᠋ᠷ ᠢ  ᠪᠣᠯᠪᠠᠰᠤᠷᠠᠭᠤᠯᠪᠠ᠃         ᠠᠴᠢᠶᠠᠯᠠᠪᠤᠷᠢ ᠶᠢᠨ ᠬᠥᠳᠡᠯᠭᠡᠭᠡᠨ ᠢ ᠪᠠᠶᠠᠯᠢᠬᠵᠢᠭᠤᠯᠪᠠ  ᠃ ᠡᠩ ᠤᠨ ᠳᠤᠮᠳᠠᠳᠤ ᠪᠠᠭ᠎ᠠ ᠰᠤᠷᠭᠠᠭᠤᠯᠢ ᠬᠢᠭᠡᠳ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠤᠨ ᠬᠤᠭᠤᠷᠤᠨᠳᠦ ︽  ᠬᠠᠪᠰᠤᠷᠴᠦ ᠬᠠᠮᠲᠤ ᠪᠠᠷ ᠪᠠᠶᠢᠭᠤᠯᠬᠤ︾ ᠠᠵᠢᠯᠯᠠᠭ᠎ᠠ ᠶᠢ ᠰᠢᠨ᠎ᠡ  ᠪᠠᠷ ᠥᠷᠨᠢᠭᠦᠯᠵᠦ᠂ ᠵᠢᠭᠠᠨ ᠰᠤᠷᠭᠠᠬᠤ ᠶᠠᠰᠦ ᠴᠢᠨᠠᠷ ᠰᠠᠶᠢᠨ ᠡᠩ ᠤᠨ ᠲᠤᠮᠳᠠᠳᠤ ᠪᠠᠭ᠎ᠠ ᠰᠤᠷᠭᠠᠭᠤᠯᠢ  ᠨᠢ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ  3 —5 ᠰᠤᠷᠭᠠᠭᠤᠯᠢ ᠶᠢ ᠬᠠᠪᠰᠤᠷᠴᠦ ᠲᠡᠳᠬᠦᠬᠦ ᠠᠷᠭ᠎ᠠ ᠮᠠᠶ᠋ᠢᠭ ᠢᠶᠠᠷ  9 ︽ ᠬᠠᠪᠰᠤᠷᠴᠦ ᠬᠠᠮᠲᠤ ᠪᠠᠷ ᠪᠠᠶᠢᠭᠤᠯᠬᠤ︾ ᠴᠣᠭᠴᠠ ᠶᠢ ᠪᠤᠢ ᠪᠤᠯᠭᠠᠪᠠ  ᠃    ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠪᠠ  ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ 600 ᠭᠠᠷᠤᠶ ᠲᠠᠯᠠᠪᠠᠢ ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ 50000 ᠭᠠᠷᠤᠶ ᠬᠤᠪᠢ ᠲᠠᠷᠬᠠᠭᠠᠵᠤ᠂ 20 ᠲᠦᠮᠡ ᠭᠠᠷᠤᠶ ᠬᠥᠮᠦᠨ ᠭᠥᠯᠢᠶᠡᠨ ᠠᠪᠴᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号