1 ᠰᠠᠷ᠎ᠠ ᠶᠢᠨ 9 ᠤ ᠡᠳᠦᠷ᠂ ᠬᠠᠯᠢᠭᠤᠳᠤ ᠪᠠᠯᠭᠠᠰᠤ ᠶᠢᠨ ᠪᠠᠭᠠᠳᠤᠪᠤ ᠭᠠᠴᠠᠭ᠎ᠠ ᠪᠣᠯᠣᠨ ᠬᠠᠯᠢᠭᠤᠳᠤ | ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ︽ᠬᠠᠭᠤᠴᠢᠨ ᠵᠠᠩ | ᠳᠠᠳᠬᠠᠯ ᠢ ᠥᠭᠡᠷᠡᠴᠢᠯᠡᠵᠦ ᠪᠣᠯᠪᠠᠰᠤᠨ ᠰᠢᠨ᠎ᠡ ᠰᠤᠷᠲᠠᠯ ᠢ ᠲᠦᠮᠡᠨ ᠡᠷᠤᠭᠡ ᠳᠤ ᠲᠦᠭᠡᠮᠡᠯᠵᠢᠬᠦᠯᠦᠶᠡ︾ ᠭᠡᠬᠦ ᠭᠤᠣᠯ | ᠰᠡᠳᠦᠪᠲᠦ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠵᠠᠩ | ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ | ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠣᠶᠢᠵᠢᠭᠤᠯᠵᠤ᠂ ᠪᠣᠯᠪᠠᠰᠤᠨ ᠰᠢᠨ᠎ᠡ | ᠳᠦᠷᠰᠦ ᠪᠠᠶᠢᠳᠠᠯ ᠢ ᠪᠤᠢ ᠪᠣᠯᠭᠠᠪᠠ᠃ | | | | | | | | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰᠬᠤᠨ ᠳᠤ ᠬᠦᠷᠴᠦ ᠡᠷᠦᠬᠡ ᠳᠤ | ᠣᠷᠣᠬᠤ ᠬᠡᠯᠪᠡᠷᠢ ᠪᠠᠷ ᠲᠣᠰᠬᠤᠨ ᠤ ᠠᠷᠠᠳ ᠲᠤ ︽ᠲᠦᠩᠯᠢᠶᠣᠣ ᠬᠤᠲᠠ ᠶᠢᠨ ᠵᠠᠩ ᠳᠠᠳᠬᠠᠯ ᠢ ᠥᠭᠡᠷᠡᠴᠢᠯᠡᠬᠦ | ᠳᠦᠷᠢᠮ︾ ᠢ 100 ᠭᠠᠷᠤᠢ ᠬᠤᠪᠢ ᠲᠠᠷᠬᠠᠭᠠᠵᠤ᠂ ᠡᠭᠦᠨ ᠤ ᠬᠠᠮᠲᠤ ᠵᠠᠩ ᠳᠠᠳᠬᠠᠯ ᠢ ᠥᠭᠡᠷᠡᠴᠢᠯᠡᠬᠦ ᠶᠢᠨ ᠠᠴᠢ | ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠤᠷᠤᠭ ᠤᠨ ᠶᠠᠪᠤᠳᠠᠯ ᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠶᠢ ᠰᠠᠨᠠᠭᠠᠴᠢᠯᠠᠵᠤ᠂ | ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠰᠡᠷᠭᠦᠴᠡᠨ ᠬᠤᠷᠢᠭᠯᠠᠵᠤ᠂ ᠠᠵᠢᠯᠴᠢ ᠠᠷᠪᠢᠴᠢ ᠪᠠᠷ ᠠᠷᠪᠢᠯᠠᠨ | ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠣᠯᠪᠠᠰᠤᠨ ᠰᠢᠨ᠎ᠡ ᠰᠤᠷᠲᠠᠯ ᠤᠨ ᠢᠳᠡᠪᠬᠢᠲᠡᠢ ᠰᠠᠨᠠᠭᠠᠴᠢᠯᠠᠭᠴᠢ ᠪᠠ | ᠤᠬᠠᠮᠰᠠᠷ ᠠᠴᠠ ᠪᠠᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠡᠷᠡᠭᠦᠯ ᠰᠠᠷᠠᠭᠤᠯ ᠠᠮᠢᠳᠤᠷᠠᠯ ᠤᠨ | ᠣᠶᠢᠯᠠᠭᠠᠭᠳᠠᠬᠤᠨ ᠢ ᠪᠤᠢ ᠪᠣᠯᠭᠠᠵᠤ᠂ ᠪᠣᠯᠪᠠᠰᠤᠨ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢᠶᠠᠨ | ᠲᠡᠭᠡᠭᠰᠢᠯᠡᠬᠦᠯᠬᠦ ᠶᠢ ᠰᠤᠷᠳᠠᠯᠴᠢᠯᠠᠭᠰᠠᠨ ᠪᠠᠶᠢᠨ᠎ᠠ᠃ | | | |