| ︵2024 ᠣᠨ ᠤ 1 ᠰᠠᠷ᠎ᠠ ᠶᠢᠨ 9 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ | ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ 2024 ᠣᠨ ᠤ 1 ᠰᠠᠷ᠎ᠠ ᠶᠢᠨ 9 ᠤ ᠡᠳᠦᠷ ᠬᠤᠷᠠᠯᠳᠤᠪᠠ᠃ ᠪᠥᠬᠦᠳᠡ | ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 27 ᠬᠥᠮᠦᠨ᠂ ᠣᠷᠣᠯᠠᠭᠴᠢ ᠭᠡᠰᠢᠭᠦᠨ 6 ᠬᠥᠮᠦᠨ | ᠣᠷᠣᠯᠴᠠᠪᠠ᠃ ᠬᠤᠰᠢᠭᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ | ᠬᠠᠷᠢᠭᠤᠴᠠᠯᠭᠠᠲᠠᠨ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠭᠦᠸᠧ ᠲᠢᠶᠠᠨ ᠪᠦᠦ ᠲᠣᠰ ᠲᠣᠰ ᠶᠠᠷᠢᠶ᠎ᠠ ᠲᠠᠯᠪᠢᠪᠠ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠲᠦᠩᠯᠢᠶᠣᠤ | ᠬᠤᠳᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ | ᠠᠵᠢᠯ ᠤᠨ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠮᠡᠳᠡᠭᠦᠯᠦᠯᠲᠡ ᠪᠣᠯᠤᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2023 ᠣᠨ ᠤ ᠠᠵᠢᠯ ᠢ ᠳ᠋ᠦᠩᠨᠡᠵᠦ᠂ 2024 | ᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ | ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ | ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢ ᠡᠷᠡᠰ ᠭᠤᠶᠢᠪᠢᠰᠢ ᠥᠬᠡᠶ ᠳᠠᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ | ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠰᠡᠳᠬᠢᠴᠡ ᠪᠠᠨ ᠤᠯᠠᠮ ᠨᠢᠭᠡ | ᠠᠯᠬᠤᠮ ᠲᠣᠳᠣᠷᠬᠠᠶ ᠪᠣᠯᠭᠠᠵᠤ᠂ ᠬᠥᠭᠵᠢᠯᠲᠡ ᠶᠢᠨ ᠴᠢᠭᠯᠡᠯ ᠢᠶᠠᠨ ᠲᠣᠭᠲᠠᠭᠠᠵᠤ᠂ ᠨᠢᠭᠡ ᠰᠡᠳᠬᠢᠯ ᠨᠢᠭᠡ | ᠵᠣᠷᠢᠭ ᠢᠶᠠᠷ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠠᠭᠤᠷ ᠠᠮᠢᠰᠬᠤᠯ ᠢ ᠨᠠᠩ | ᠥᠳᠬᠡᠷᠡᠬᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠨᠠᠩ ᠪᠣᠳᠠᠲᠠᠶᠢᠵᠢᠭᠤᠯᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠨᠠᠩ | ᠰᠠᠶᠢᠵᠢᠷᠠᠭᠤᠯᠵᠤ᠂ ᠠᠷᠠᠳᠴᠢᠯᠠᠯ ᠬᠠᠤᠯᠢ ᠪᠠᠷ ᠵᠠᠰᠠᠬᠤ ᠲᠦᠪᠰᠢᠨ ᠢ ᠨᠠᠩ ᠦᠷᠭᠡᠳᠭᠡᠵᠥ ᠨᠠᠮ ᠤᠨ ᠪᠠᠶᠢᠭᠤᠯᠤᠯᠳᠠ | ᠶᠢᠨ ᠪᠠᠳᠤᠯᠠᠭ᠎ᠠ ᠶᠢ ᠨᠡᠩ ᠰᠢᠯᠢᠳᠡᠭᠵᠢᠬᠦᠯᠵᠥ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠬᠦᠭᠵᠢᠯᠳᠡ | ᠬᠦᠴᠢᠷᠳᠡᠯ ᠠᠴᠠ ᠠᠩᠵᠢᠷᠠᠬᠤ ᠠᠩᠬᠠᠨ ᠤ ᠡᠷᠡᠮᠡᠯᠵᠡᠯ ᠢ ᠪᠡᠶᠡᠯᠡᠬᠦᠯᠦᠨ ᠂ ᠲᠠᠪᠠᠵᠥ ᠨᠡᠭᠡᠬᠦ ᠦᠰᠦᠷᠦᠯᠳᠡ ᠶᠢ | ᠤᠯᠪᠠ᠃ | ᠪᠥᠬᠦᠳᠡ ᠬᠤᠷᠠᠯ ᠠᠴᠠ ᠵᠢᠭᠠᠭᠰᠠᠨ ᠨᠢ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ | ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ | ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠪᠣᠯ ᠡᠨᠡ ᠵᠢᠯ ᠤᠨ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠬᠥᠲᠥᠯᠦᠨ ᠳᠠᠭᠠᠭᠤᠯᠬᠤ᠂ ᠶᠡᠷᠦᠩᠬᠡᠶ ᠵᠢᠷᠤᠮᠯᠠᠯ ᠮᠥᠨ᠃ | ᠭᠦᠨᠵᠡᠭᠡᠢ ᠰᠤᠷᠤᠯᠴᠠᠨ ᠣᠶᠢᠯᠠᠭᠠᠵᠤ᠂ ᠭᠦᠢᠴᠡᠳᠬᠡᠯ ᠲᠤᠭ᠎ᠠ ᠶᠢ ᠵᠣᠯᠭᠠᠭᠤᠯᠬᠤ᠂ ᠠᠵᠢᠯᠯᠠᠭ᠎ᠠ ᠶᠢ ᠵᠣᠯᠭᠠᠭᠤᠯᠬᠤ᠂ | ᠦᠷ᠎ᠡ ᠪᠦᠲᠦᠮᠵᠢ ᠶᠢ ᠵᠣᠯᠭᠠᠭᠤᠯᠬᠤ ᠶᠢ ᠰᠠᠶᠢᠲᠤᠷ ᠬᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ | ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ | ᠪᠥᠬᠦᠳᠡ ᠬᠤᠷᠠᠯ ᠠᠴᠠ ᠦᠵᠡᠭᠰᠡᠨ ᠨᠢ᠂ ᠬᠤᠭᠤᠴᠠᠭ᠎ᠠ ᠰᠣᠯᠢᠭᠰᠠᠨ ᠠᠴᠠ ᠨᠠᠰᠢ᠂ ᠬᠤᠰᠢᠭᠤᠨ ᠤ ᠨᠠᠮ ᠤᠨ | ᠬᠤᠷᠢᠶ᠎ᠠ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠰᠤᠯᠠᠷᠠᠭᠤᠯᠤᠯ ᠥᠬᠡᠶ ᠠᠳᠬᠤᠵᠤ᠂ ᠬᠥᠭᠵᠢᠯᠲᠡ ᠶᠢ | ᠠᠬᠢᠭᠤᠯᠬᠤ ᠰᠡᠳᠬᠢᠴᠡ ᠬᠠᠷᠠᠯᠲᠠ ᠶᠢ ᠨᠠᠩ ᠲᠣᠳᠣᠷᠬᠠᠶ ᠪᠣᠯᠭᠠᠵᠤ᠂ ᠠᠵᠤ ᠦᠢᠯᠡᠰ ᠢ ᠪᠤᠶᠢᠵᠢᠭᠤᠯᠬᠤ ᠭᠤᠤᠯ | ᠰᠢᠪᠲᠤᠯᠤᠯᠲᠠ ᠶᠢᠨ ᠴᠢᠭᠯᠡᠯ ᠨᠠᠩ ᠲᠣᠳᠣᠷᠬᠠᠶ ᠪᠣᠯᠵᠣ᠂ ᠡᠯ᠎ᠡ ᠱᠠᠲᠤᠨ ᠤ ᠺᠠᠳ᠋ᠷᠴᠤᠳ ᠤᠨ ᠠᠵᠤ ᠠᠬᠤᠶ ᠶᠢᠨ | ᠠᠵᠢᠯ ᠢ ᠠᠳᠬᠤᠬᠤ ᠤᠬᠠᠮᠰᠠᠷ ᠴᠢᠳᠠᠪᠤᠷᠢ ᠢᠯᠡᠳᠲᠡ ᠴᠢᠩᠭᠠᠷᠠᠵᠤ᠂ ᠡᠯ᠎ᠡ ᠵᠦᠢᠯ ᠤᠨ ᠠᠵᠤ ᠠᠬᠤᠶ ᠶᠢᠨ | ᠬᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠶᠠᠷᠯᠠᠭᠤᠰᠢᠲᠠᠶ ᠪᠠᠶᠢᠵᠤ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤ ᠨᠢᠭᠡᠨᠲᠡ ᠦᠬᠡᠳᠡᠯᠡᠬᠦ ᠬᠦᠰᠡᠯ ᠢ ᠣᠯᠵᠤ ᠬᠠᠷᠠᠪᠠ᠃ ᠡᠭᠦᠨ ᠤ ᠬᠠᠮᠲᠤ᠂ ᠬᠤᠰᠢᠭᠤᠨ ᠤ | ᠶᠡᠷᠦᠩᠬᠡᠶ ᠬᠡᠮᠵᠢᠶ᠎ᠡ ᠪᠠᠭ᠎ᠠ᠂ ᠰᠠᠭᠤᠷᠢ ᠨᠢᠮᠭᠡᠨ ᠣᠳᠣᠬᠢ ᠪᠠᠶᠢᠳᠠᠯ ᠢ ᠲᠦᠢᠯᠪᠤᠷᠢᠲᠠᠶ ᠬᠤᠪᠢᠷᠠᠭᠤᠯᠤᠭᠰᠠᠨ ᠦᠭᠡᠢ | ᠭᠡᠳᠡᠭ ᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠶ᠃ ᠡᠶᠢᠮᠦᠷᠬᠦᠦ ᠪᠠᠶᠢᠳᠠᠯ ᠳᠤᠤᠷ᠎ᠠ᠂ ᠭᠡᠪ ᠤᠨ ᠰᠡᠳᠬᠢᠬᠦᠢ ᠂ | ᠤᠶᠤᠨ ᠰᠠᠨᠠᠭ᠎ᠠ ᠴᠠᠯᠠᠭᠠᠶᠢᠷᠠᠬᠤ ᠭᠠᠴᠢᠭ ᠢ ᠡᠷᠡᠰ ᠢᠯᠠᠨ ᠳᠠᠪᠠᠵᠦ᠂ ᠢᠲᠡᠭᠡᠯ ᠵᠤᠷᠢᠭ ᠮᠠᠭᠤᠳᠠᠬᠤ ᠪᠠ ᠦᠷ᠎ᠡ | ᠪᠦᠲᠦᠮᠵᠢ ᠳᠤᠷᠤᠭᠰᠢᠯᠠᠬᠤ ᠬᠦᠴᠢᠷ ᠠᠰᠠᠭᠤᠳᠠᠯ ᠢ ᠪᠦᠬᠦ ᠬᠦᠴᠦ ᠪᠠᠷ ᠰᠢᠢᠳᠪᠦᠷᠢᠯᠡᠵᠦ᠂ ᠠᠮᠤᠷ ᠲᠠᠶᠢᠪᠤᠩ | ᠦᠶ᠎ᠡ ᠳᠤ ᠠᠶᠤᠯ ᠳᠦᠭᠰᠢᠭᠦᠷᠢ ᠶᠢ ᠰᠡᠳᠬᠢᠬᠦ ᠰᠠᠨᠠᠭᠠᠰᠢᠷᠠᠬᠤ ᠤᠬᠠᠮᠰᠠᠷ᠂ ᠵᠤᠷᠢᠭ ᠰᠢᠭᠤᠳᠤᠨ ᠱᠠᠯᠠᠪᠳᠠᠨ | ᠠᠵᠢᠯᠯᠠᠬᠤ ᠠᠵᠢᠯ ᠤᠨ ᠰᠤᠷᠳᠠᠯ ᠢᠶᠠᠨ ᠢᠮᠠᠭᠳᠠ ᠪᠠᠳᠤᠯᠠᠬᠤ ᠬᠡᠷᠡᠭᠲᠡᠢ᠃ | | ᠪᠥᠬᠦᠳᠡ ᠬᠤᠷᠠᠯ ᠠᠴᠠ ᠵᠢᠭᠠᠭᠰᠠᠨ ᠨᠢ᠂ 2024 ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 75 ᠵᠢᠯ ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠳᠠᠪᠠᠭ᠎ᠠ ᠳᠠᠪᠠᠵᠤ᠂ ᠬᠦᠴᠢᠷᠳᠡᠯ ᠢ ᠲᠤᠭᠤᠯᠬᠤ ᠲᠦᠢᠯ ᠤᠨ ᠶᠡᠭᠡ ᠥᠷᠢᠰᠥᠯᠳᠦᠬᠦ ᠴᠢᠨᠠᠷᠲᠠᠶ ᠨᠢᠭᠡ ᠵᠢᠯ ᠮᠥᠨ᠃ | ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ᠲᠥᠪ ᠤᠨ ᠪᠠ ᠪᠥᠬᠦ ᠣᠷᠣᠨ᠂ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠵᠤ ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ | ᠵᠠᠮ ᠢ ᠨᠡᠭᠡᠭᠡᠵᠦ᠂ ᠳᠤᠮᠳᠠᠳᠤ ᠤᠯᠤᠰ ᠤᠨ ᠲᠤᠮᠳᠠ ᠲᠦᠪᠰᠢᠨ ᠳᠤ ᠤᠷᠤᠬᠤ︾ ᠪᠠᠶᠢᠯᠳᠤᠬᠤ ᠪᠣᠳᠣᠯᠭ᠎ᠠ ᠶᠢᠨ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ | ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠪᠠᠬᠢᠵᠢᠭᠦᠯᠬᠦ ᠵᠢᠷᠭᠤᠭᠠᠨ ᠵᠦᠢᠯ ᠤᠨ ᠡᠭᠦᠷᠭᠡ ᠶᠢ ᠠᠬᠢᠭᠤᠯᠵᠤ᠂ | ᠢᠲᠡᠭᠡᠯ ᠵᠣᠷᠢᠭ ᠢᠶᠠᠨ ᠪᠠᠲᠤᠳᠬᠠᠨ ᠬᠦᠴᠢᠷᠳᠡᠯ ᠢ ᠰᠢᠪᠲᠤᠯᠵᠤ᠂ ᠡᠷᠴᠢ ᠵᠣᠷᠢᠭ ᠢᠶᠠᠨ ᠬᠥᠪᠴᠢᠯᠡᠨ | ᠳᠠᠪᠠᠯᠲᠠ ᠲᠠᠢ ᠪᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠪᠦᠭᠦᠳᠡ ᠬᠤᠷᠠᠯ ᠠᠴᠠ ᠡᠨᠡ ᠵᠢᠯ ᠤᠨ ᠠᠵᠤ ᠠᠬᠤᠢ ᠶᠢᠨ ᠠᠵᠢᠯ ᠤᠨ ᠭᠤᠣᠯ ᠡᠭᠦᠷᠭᠡ ᠶᠢ ᠲᠣᠳᠣᠷᠬᠠᠶᠢᠯᠠᠪᠠ᠃ | ᠨᠢᠭᠡ ᠳᠤ᠂ ᠭᠤᠣᠯ ᠱᠤᠭᠤᠮ ᠢ ᠲᠤᠤᠱᠯᠠᠭᠤᠯᠵᠥ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠠᠵᠢᠯ ᠤᠨ | ᠴᠢᠭᠯᠡᠯ ᠬᠡᠯᠪᠠᠶᠢᠬᠦ ᠦᠭᠡᠢ ᠪᠠᠶᠢᠬᠤ ᠶᠢ ᠦᠨᠡᠨ ᠬᠦ ᠪᠠᠳᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ | ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠠᠨᠢᠯᠳᠠ | ᠪᠣᠯᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠵᠡᠷᠭᠡ ᠶᠢ ᠴᠥᠮ ᠨᠢᠭᠲᠠ ᠤᠶᠠᠯᠳᠤᠭᠤᠯᠤᠨ᠂ ᠡᠨᠡ ᠬᠦ ᠭᠤᠣᠯ | ᠰᠢᠵᠢᠮ ᠠᠴᠠ ᠥᠴᠦᠬᠡᠨ ᠴᠦ ᠵᠠᠶᠢᠳᠠᠭᠤᠯᠬᠤ ᠦᠭᠡᠢ ᠪᠠᠶᠢᠬᠤ ᠶᠢ ᠪᠠᠳᠤᠯᠠᠨ᠎ᠠ ᠃ ᠬᠤᠶᠠᠷ ᠲᠤ᠂ ︽ᠵᠢᠷᠭᠤᠭᠠᠨ | ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠨ᠎ᠠ᠃ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠬᠤ ᠢᠨᠵᠧᠨᠧᠷᠢᠩ᠂ ᠳᠤᠯᠠᠭᠠᠨ | ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠤᠨ ᠲᠣᠭᠤᠷᠢᠨ ᠳᠤ᠂ ᠬᠦᠴᠦᠯᠡᠬᠦ ᠭᠤᠣᠯᠳᠠᠯᠭ᠎ᠠ ᠶᠢ ᠣᠨᠣᠪᠴᠢᠲᠠᠢ ᠣᠯᠵᠤ᠂ ᠪᠣᠳᠠᠲᠠᠢ ᠠᠷᠭ᠎ᠠ | ᠬᠡᠮᠵᠢᠶ᠎ᠡ ᠶᠢ ᠲᠣᠭᠲᠠᠭᠠᠵᠤ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠢ ᠠᠳᠬᠤᠬᠤ ᠲᠠᠢ ᠠᠳᠠᠯᠢ ᠪᠠᠷ | ᠡᠳᠡᠭᠡᠷ ᠵᠦᠢᠯᠡᠰ ᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠭᠤᠣᠯᠳᠠᠯᠭ᠎ᠠ ᠲᠠᠢ ᠠᠵᠢᠯ ᠳᠤ ᠦᠷᠭᠦᠯᠵᠢᠯᠡᠨ | ᠬᠦᠴᠦᠯᠡᠵᠥ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ | ᠃ ᠠᠵᠤ ᠦᠢᠯᠡᠰ ᠤᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠢ | ᠥᠨᠳᠥᠷ ᠨᠡᠮᠡᠯᠲᠡ ᠦᠷᠳᠡᠭ ᠪᠦᠬᠦᠢ ᠴᠢᠭᠯᠡᠯ ᠲᠡᠰᠢ ᠬᠦᠭᠵᠢᠬᠦᠯᠵᠥ᠂ ᠴᠠᠬᠢᠭᠤᠷ ᠡᠯᠡᠰᠦᠨ ᠤ ᠠᠵᠤ ᠦᠢᠯᠡᠰ ᠤᠨ | ᠲᠣᠭᠲᠠᠭᠤᠨ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ︔ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠲᠠᠯ᠎ᠠ ᠪᠠᠷ ᠠᠷᠭ᠎ᠠ ᠵᠠᠮ ᠢ ᠰᠦᠪᠡᠭᠴᠢᠯᠡᠵᠦ᠂ ︽ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠡᠬᠢᠯᠡᠭᠦᠯᠦᠨ ᠬᠡᠷᠡᠭᠵᠢᠭᠦᠯᠵᠦ᠂ ᠠᠷᠭ᠎ᠠ | ᠪᠦᠬᠦᠨ ᠢ ᠰᠦᠪᠡᠭᠴᠢᠯᠡᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠦᠢᠯᠡᠰ ᠢ ᠬᠦᠴᠦᠷᠭᠡᠭᠵᠢᠬᠦᠯᠦᠨ᠎ᠡ︔ ᠠᠷᠠᠯᠵᠢᠶᠠᠴᠢᠨ ᠤᠷᠢᠬᠤ ᠦᠷ᠎ᠡ | ᠪᠦᠲᠦᠭᠡᠯ ᠢ ᠬᠥᠭᠵᠢᠯᠲᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠲᠦᠷᠭᠡᠳᠬᠡᠵᠦ᠂ ︽ᠶᠠᠪᠤᠴᠠ ᠶᠢ | ᠳᠠᠬᠢᠨ ᠡᠭᠦᠳᠬᠦ︾ ᠶᠢ ᠲᠦᠷᠭᠡᠳᠬᠡᠨ᠂ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠣᠶᠢᠯᠠᠭᠠᠭᠳᠠᠬᠤᠨ ᠢ ᠬᠤᠪᠢᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠎ᠡ︔ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠠᠵᠠ ᠲᠣᠬᠢᠶᠠᠯ ᠢ ᠡᠵᠡᠮᠳᠡᠵᠦ᠂ | ᠲᠦᠷᠦ ᠶᠢᠨ ᠪᠤᠳᠤᠯᠭ᠎ᠠ ᠶᠢᠨ ᠠᠰᠢᠭ ᠢ ᠴᠢᠩᠭᠠᠳᠬᠠᠵᠤ᠂ ᠲᠡᠦᠬᠡ ᠶᠢᠨ ᠳᠤᠲᠠᠭᠤᠳᠠᠯ ᠢ ᠨᠥᠬᠦᠪᠥᠷᠢᠯᠡᠵᠦ᠂ | ᠰᠢᠨ᠎ᠡ ᠪᠠᠷ ᠨᠡᠮᠡᠭᠳᠡᠬᠦ ᠬᠡᠷᠡᠭᠴᠡᠭᠡ ᠶᠢ ᠬᠠᠩᠭᠠᠨ᠎ᠠ︔ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ | ᠤᠷᠳᠤ ᠬᠤᠭᠤᠴᠠᠭ᠎ᠠ ᠪᠠᠷ ᠴᠢᠷᠮᠠᠶᠢᠵᠤ᠂ ᠠᠭᠠᠷ ᠮᠠᠨᠳᠠᠯ᠂ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠲᠠᠭᠠᠭᠤᠯᠤᠭᠴᠢ᠂ ᠦᠯᠢᠭᠡᠷ | ᠳᠠᠭᠤᠷᠢᠶᠠᠯ ᠣᠷᠣᠨ ᠪᠣᠯᠬᠤ ᠪᠠᠷ ᠴᠢᠷᠮᠠᠶᠢᠨ᠎ᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠨᠢᠭᠡ ᠵᠢᠯ ᠳᠤ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠲᠤᠮᠤ ᠶᠡᠭᠡ ᠥᠷᠢᠰᠥᠯᠳᠦᠭᠡᠨ ᠤ ᠡᠮᠦᠨ᠎ᠡ᠂ ᠡᠷᠬᠡᠪᠰᠢ ᠬᠥᠭᠵᠢᠯᠲᠡ ᠶᠢᠨ ᠲᠣᠭᠲᠠᠯ ᠬᠦᠴᠦᠨ ᠢᠶᠠᠨ | ᠪᠠᠲᠤᠯᠠᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠲᠡᠮᠡᠴᠡᠯ ᠤᠨ ᠣᠪᠣᠷ ᠪᠠᠶᠢᠳᠠᠯ ᠢᠶᠠᠨ ᠴᠢᠩᠳᠠᠯᠠᠵᠥ᠂ ︽ | ᠦᠷᠯᠦᠭ ᠪᠠᠭᠠᠲᠤᠷᠴᠤᠳ ᠤᠨ ᠮᠣᠷᠳᠠᠭᠰᠠᠨ ᠤᠷᠤᠨ︾ ᠳᠤ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ | ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ | ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢ ᠨᠢᠭᠡᠳᠬᠡᠵᠦ᠂ | ᠢᠳᠡᠪᠬᠢᠵᠢᠯ ᠢ ᠳᠠᠶᠢᠴᠢᠯᠠᠬᠤ ᠬᠡᠷᠡᠭᠲᠡᠶ︔ ᠠᠷᠠᠳᠴᠢᠯᠠᠯ ᠢ ᠬᠦᠨᠳᠦᠳᠬᠡᠵᠦ᠂ ᠪᠦᠲᠦᠭᠡᠯᠴᠢ ᠴᠢᠨᠠᠷ ᠢ ᠬᠥᠭᠵᠢᠭᠡᠬᠦ | ᠬᠡᠷᠡᠭᠲᠡᠢ︔ ᠬᠤᠰᠢᠭᠤᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠬᠡᠷᠡᠭ ᠶᠠᠪᠤᠳᠠᠯ ᠢ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠪᠣᠳᠠᠲᠠᠶ ᠠᠵᠢᠯ ᠪᠣᠯᠭᠠᠨ ᠬᠤᠪᠢᠷᠠᠭᠤᠯᠵᠤ᠂ ᠨᠢᠭᠡ ᠨᠢᠭᠡ ᠵᠦᠢᠯ ᠢᠶᠠᠷ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠠᠷᠤᠯᠲᠠ ᠥᠭᠴᠦ ᠬᠦᠴᠦᠯᠡᠨ ᠤᠷᠤᠭᠰᠢ ᠠᠬᠢᠭᠤᠯᠬᠤ ᠬᠡᠷᠡᠭᠲᠡᠶ᠃ | ᠪᠥᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠣᠳᠣᠬᠠᠨ ᠳᠤ ᠶᠠᠭ ᠵᠢᠯ ᠤᠨ ᠡᠴᠦᠰ ᠪᠣᠯᠵᠤ ᠪᠠᠶᠢᠨ᠎ᠠ᠂ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠬᠥᠯᠥᠰᠥᠨ ᠠᠵᠢᠯᠴᠢᠨ ᠤ | ᠴᠠᠯᠢᠩ ᠣᠯᠭᠤᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠠᠶᠤᠯᠭᠦᠶ ᠦᠢᠯᠡᠳᠪᠦᠷᠢᠯᠡᠯ ᠵᠡᠷᠭᠡ | ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠦᠨᠡᠨ | ᠪᠣᠳᠠᠲᠠᠶ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ | ᠪᠥᠬᠦᠳᠡ ᠬᠤᠷᠠᠯ ᠠᠴᠠ ᠤᠶᠢᠶᠠᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠢᠲᠡᠭᠡᠯ ᠵᠣᠷᠢᠭ ᠢᠶᠠᠨ ᠬᠥᠪᠴᠢᠯᠡᠵᠦ᠂ ᠲᠣᠭᠲᠠᠯ ᠬᠦᠴᠦᠨ ᠢᠶᠠᠨ | ᠪᠠᠲᠤᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ︽ ᠡᠬᠦᠷᠭᠡ ᠪᠤᠭᠤᠯᠳᠠ ᠪᠠᠨ ᠲᠡᠬᠢᠨ ᠲᠡᠭᠰᠢᠯᠡᠵᠥ ᠳᠠᠬᠢᠨ | ᠮᠣᠷᠳᠠᠬᠤ︾ ᠣᠮᠤᠭ ᠵᠣᠷᠢᠭ᠂ ︽ ᠰᠠᠨᠠᠬᠰᠠᠨ ᠳᠠᠭᠠᠨ ᠬᠦᠷᠬᠦ ᠦᠬᠡᠢ ᠪᠤᠯ ᠶᠠᠭᠠᠬᠢᠭᠰᠠᠨ ᠴᠤ ᠪᠤᠴᠠᠬᠤ ᠥᠬᠡᠶ︾ ᠂ | ︽ ᠵᠤᠷᠢᠬᠰᠠᠨ ᠳᠠᠭᠠᠨ ᠲᠤᠯᠬᠤ ᠦᠬᠡᠢ ᠶᠠᠭᠠᠬᠢᠨᠰᠠᠨ ᠴᠦ ᠡᠷᠬᠢᠬᠦ ᠥᠬᠡᠶ︾ ᠭᠡᠬᠦ ᠲᠠᠪᠠᠯᠳᠠ ᠵᠤᠷᠢᠭ ᠢᠶᠠᠷ ᠶᠠᠳᠠᠭᠤ | ᠬᠦᠴᠢᠷᠳᠡᠯᠲᠡᠶ ᠪᠠᠶᠢᠳᠠᠯ ᠢ ᠬᠤᠪᠢᠷᠠᠭᠤᠯᠬᠤ ᠶᠢ ᠳᠠᠬᠢᠨ ᠨᠢᠭᠡ ᠲᠦᠪᠰᠢᠨ ᠳᠤ ᠬᠦᠷᠭᠡᠨ᠂ ᠳᠠᠬᠢᠨ ᠠᠮᠵᠢᠯᠲᠠ ᠣᠯᠵᠤ | ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠶ ᠭᠡᠵᠡᠢ ᠃ | |