ᠤᠳᠠᠨᠳᠠᠯ᠎ᠠ ᠶᠢᠨ ᠪᠠᠲᠤᠴᠠᠭᠠᠨ ᠤ ᠤᠢ ᠰᠢᠭᠤᠢ ᠶᠢᠨ ᠴᠡᠴᠡᠷᠯᠢᠭ
ᠨᠡᠶᠢᠲᠡᠯᠡᠭᠰᠡᠨ ᠴᠠᠭ᠄
2024/1/12
   ᠤᠳᠠᠨᠳᠠᠯ᠎ᠠ ᠶᠢᠨ ᠪᠠᠲᠤᠴᠠᠭᠠᠨ ᠤ ᠤᠢ ᠰᠢᠭᠤᠢ ᠶᠢᠨ ᠴᠡᠴᠡᠷᠯᠢᠭ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠢᠷᠭᠠᠯᠠᠩ ᠪᠠᠯᠭᠠᠰᠤᠨ ᠳᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 35 ᠲᠦᠮᠡᠨ ᠮᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠣᠨ᠎ᠠ᠃ ᠦᠳᠠᠨᠲᠠᠯ᠎ᠠ ᠶᠢᠨ ᠪᠠᠲᠤᠴᠠᠭᠠᠨ ᠤ ᠤᠢ ᠰᠢᠭᠤᠢ ᠶᠢᠨ ᠴᠡᠴᠡᠷᠯᠢᠭ ᠲᠤ ᠠᠯᠬᠤᠨ ᠣᠷᠣᠬᠤ ᠳᠤ᠂ ᠠᠯᠲᠠᠨ ᠰᠢᠷᠭᠠᠯ ᠥᠩᠭᠡ ᠲᠠᠢ ᠴᠠᠷᠠᠰᠤ ᠪᠣᠯᠣᠨ ᠬᠥᠮᠥᠰ ᠤᠨ ᠰᠡᠳᠬᠢᠯ ᠢ ᠬᠥᠳᠡᠯᠭᠡᠮ᠎ᠡ ᠤᠯᠠᠭᠠᠨ ᠲᠠᠪᠤᠯᠵᠢᠨ ᠪᠠᠲᠤᠴᠠᠭᠠᠨ ᠤ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠰᠦᠭᠯᠡᠶᠢᠨ ᠰᠦᠨᠳᠡᠷᠯᠡᠵᠦ᠂ ᠰᠢᠷᠭᠠᠯ ᠦᠩᠭᠡ  ᠢᠯᠭᠠᠷᠠᠨ ᠬᠠᠷᠠᠭᠳᠠᠨ᠎ᠠ᠃ ᠣᠭᠲᠠᠷᠭᠤᠢ ᠶᠢᠨ ᠲᠤᠶᠠᠭ᠎ᠠ ᠳᠣᠣᠷ᠎ᠠ᠂ ᠡᠲᠡᠭᠡᠷ ᠨᠠᠮᠤᠷ ᠤᠨ ᠨᠠᠪᠴᠢ ᠨᠢ ᠨᠢᠳᠦ ᠭᠢᠯᠠᠰᠤᠮ᠎ᠠ ᠥᠩᠭᠡ ᠪᠤᠳᠤᠭ ᠢᠶᠠᠨ ᠰᠠᠴᠤᠷᠠᠭᠤᠯᠵᠤ᠂ ᠶᠠᠭ ᠯᠠ ᠲᠡᠭᠷᠢ ᠶᠢᠨ ᠣᠳᠣᠨ ᠮᠡᠴᠢᠳ ᠬᠥᠮᠥᠨ ᠤ ᠶᠢᠷᠲᠢᠨᠴᠦ ᠳᠤ ᠤᠨᠠᠵᠤ ᠢᠷᠡᠭᠰᠡᠨ ᠮᠡᠲᠦ ᠬᠠᠴᠢᠨ ᠭᠠᠶᠢᠬᠠᠯᠲᠠᠢ ᠪᠥᠭᠡᠳ ᠭᠤᠶᠢᠳᠠ ᠰᠠᠶᠢᠬᠠᠨ ᠲᠥᠷᠥᠭᠳᠡᠯ ᠥᠭᠭᠦᠨ᠎ᠡ᠃ ᠤᠶᠠᠬᠠᠨ ᠰᠠᠯᠬᠢ ᠨᠠᠮᠠᠭ᠎ᠠ ᠨᠠᠮᠠᠭ᠎ᠠ ᠶᠢ ᠢᠯᠪᠢᠵᠦ᠂ ᠮᠣᠳᠣᠨ ᠤ ᠨᠠᠪᠴᠢ ᠶᠢᠨ ᠬᠦᠩᠭᠢᠨᠡᠬᠦ ᠠᠶᠢᠵᠢᠮ ᠢ ᠳᠠᠭᠠᠵᠤ᠂ ᠡᠨᠡ ᠬᠦ ᠶᠢᠷᠲᠢᠨᠴᠦ ᠶᠢᠨ ᠭᠠᠳᠠᠨᠠᠬᠢ ᠲᠤᠭᠤᠷ ᠤᠨ ᠬᠦᠷᠢᠶᠡᠯᠡᠩ ᠳᠤ ᠨᠢᠭᠡᠨ ᠭᠤᠶᠢᠳᠠ ᠰᠠᠶᠢᠬᠠᠨ ᠪᠥᠵᠢᠭ ᠤᠨ ᠠᠶ᠎ᠠ ᠴᠤᠤᠷᠢᠶᠠᠳᠤᠬᠤ ᠮᠡᠲᠦ ᠰᠠᠨᠠᠭᠳᠠᠭᠤᠯᠤᠨ᠎ᠠ᠃
   ᠴᠡᠴᠡᠷᠯᠢᠭ ᠨᠡᠭᠡᠭᠡᠬᠦ ᠴᠠᠭ    9 ᠰᠠᠷ᠎ᠠ ᠶᠢᠨ ᠬᠤᠷᠢᠳ ᠠᠴᠠ 10 ᠰᠠᠷ᠎ᠠ ᠶᠢᠨ ᠬᠤᠷᠢᠳ ᠪᠤᠯᠳᠠᠯ᠎ᠠ    ᠡᠭᠦᠳᠡᠨ ᠪᠢᠯᠧᠲ ᠤᠨ ᠦᠨ᠎ᠡ 30 ᠲᠥᠭᠦᠷᠢᠭ\ ᠬᠥᠮᠥᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号