| ᠰᠤᠷᠪᠤᠯᠵᠢᠯᠠᠭᠴᠢ 27 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠦᠷᠦᠭᠦᠬᠡᠨ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠪᠠᠨ ᠲᠢᠩᠬᠢᠮ ᠬᠠᠮᠲᠤᠷᠠᠨ ᠮᠡᠳᠡᠭᠳᠡᠯ | ᠳᠠᠷᠤᠮᠠᠯᠯᠠᠨ ᠲᠠᠷᠬᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠬᠤᠯᠪᠣᠭᠳᠠᠯ ᠪᠥᠬᠦᠶ ᠠᠵᠢᠯ ᠢ ᠤᠯᠠᠮ ᠴᠢᠨᠠᠬᠰᠢᠳᠠ ᠵᠢᠷᠤᠮᠵᠢᠭᠤᠯᠬᠤ ᠪᠠᠷ ᠪᠣᠯᠪᠠ᠃ | ᠮᠡᠳᠡᠭᠳᠡᠯ ᠳᠤ ᠲᠠᠪᠤ ᠶᠢ ︽ᠴᠢᠩᠭ᠎ᠠ ᠬᠤᠷᠢᠬᠯᠠᠨ᠎ᠠ︾ ᠭᠡᠵᠦ ᠳᠤᠷᠠᠳᠴᠠᠶ᠄ ᠬᠡᠪᠴᠢᠶ᠎ᠡ ᠶᠢ ᠳᠤᠷ᠎ᠠ ᠪᠠᠷ ᠢᠶᠠᠨ | ᠥᠷᠭᠡᠳᠬᠡᠬᠦ ᠶᠢ ᠴᠢᠩᠭ᠎ᠠ ᠬᠤᠷᠢᠬᠯᠠᠵᠦ᠂ ᠰᠤᠷᠤᠭᠴᠢᠳ ᠢ ᠠᠯᠪᠠᠲᠠᠨ ᠣᠷᠣᠯᠴᠠᠭᠤᠯᠬᠤ ᠶᠢ ᠴᠢᠩᠭ᠎ᠠ ᠬᠤᠷᠢᠬᠯᠠᠵᠦ᠂ | ᠰᠤᠷᠤᠭᠴᠢᠳ ᠤᠨ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠬᠦ ᠶᠢ ᠴᠢᠩᠭ᠎ᠠ ᠬᠤᠷᠢᠬᠯᠠᠵᠦ᠂ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠡᠷ᠎ᠡ ᠪᠠᠷ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠶᠢ ᠴᠢᠩᠭ᠎ᠠ | ᠬᠤᠷᠢᠬᠯᠠᠵᠦ᠂ ᠨᠥᠬᠦᠴᠡᠯ ᠳᠤ ᠨᠡᠶᠢᠴᠡᠬᠦ ᠥᠬᠡᠶ ᠪᠠᠶᠢᠭᠤᠯᠤᠮᠵᠢ ᠪᠠ ᠬᠥᠮᠦᠰ ᠰᠤᠷᠭᠠᠭᠤᠯᠢ ᠳᠤ ᠣᠷᠣᠵᠤ | ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠶᠢ ᠴᠢᠩᠭ᠎ᠠ ᠬᠤᠷᠢᠬᠯᠠᠨ᠎ᠠ ᠬᠡᠪᠡ | ᠮᠡᠳᠡᠭᠳᠡᠯ ᠳᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠢᠴᠢᠶᠡᠯ ᠤᠨ ᠡᠳᠦᠷ ᠵᠢᠴᠢ | ᠤᠯᠤᠰ ᠠᠴᠠ ᠲᠣᠭᠲᠠᠭᠠᠭᠰᠠᠨ ᠬᠢᠴᠢᠶᠡᠯ ᠪᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠢ | ᠪᠡᠶᠡᠯᠡᠭᠦᠯᠦᠭᠰᠡᠨ ᠤ ᠲᠠᠷᠠᠭ᠎ᠠ ᠲᠣᠬᠢᠷᠠᠭᠤᠯᠬᠤ ᠬᠡᠷᠡᠭᠲᠡᠶ᠃ ᠰᠤᠷᠭᠠᠭᠤᠯᠢ ᠶᠢᠨ ᠰᠤᠷᠤᠭᠴᠢᠳ ᠲᠤ ᠬᠠᠨᠭ᠍ᠭᠠᠬᠤ ᠡᠷᠲᠡ | ᠬᠦᠷᠴᠦ ᠬᠠᠷᠠᠵᠤ ᠬᠠᠮᠢᠶᠠᠷᠬᠤ ᠪᠠ ᠲᠠᠪᠲᠠᠯᠭ᠎ᠠ ᠬᠢᠬᠦ᠂ ᠦᠳᠡ ᠶᠢᠨ ᠬᠤᠭᠤᠯᠠ ᠦᠳᠡ ᠶᠢᠨ ᠠᠮᠠᠷᠠᠯᠲᠠ ᠳᠤ ᠬᠠᠷᠠᠵᠤ | ᠬᠠᠮᠢᠶᠠᠷᠬᠤ᠂ ᠣᠷᠣᠶ ᠶᠢᠨ ᠳᠠᠪᠲᠠᠯᠭ᠎ᠠ ᠬᠢᠬᠦ ᠵᠡᠷᠭᠡ ᠦᠢᠯᠡᠴᠢᠯᠡᠭᠡ ᠶᠢ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ | ᠬᠡᠪᠴᠢᠶᠡᠨ ᠳᠤ ᠣᠷᠣᠭᠤᠯᠵᠤ ᠪᠣᠯᠬᠤ ᠥᠬᠡᠶ ᠭᠡᠵᠦ ᠲᠤᠳᠤᠷᠬᠠᠶᠢᠯᠠᠪᠠ | ᠮᠡᠳᠡᠭᠳᠡᠯ ᠳᠤ᠂ ᠰᠤᠷᠭᠠᠭᠤᠯᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠥᠷᠨᠢᠭᠦᠯᠬᠦ ᠳᠤ ᠬᠡᠷ ᠤᠨ ᠠᠬᠠᠮᠠᠳ ᠤᠨ | ᠰᠠᠨᠠᠯ ᠢ ᠰᠠᠶᠢᠳᠤᠷ ᠰᠣᠨᠣᠰᠴᠤ᠂ ᠰᠣᠷᠣᠭᠴᠢ ᠶᠢᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠦ᠂ | ᠰᠠᠨᠠᠭᠠᠴᠢᠯᠠᠭ᠎ᠠ ᠠᠴᠠ ᠪᠠᠨ ᠬᠡᠷ ᠤᠨ ᠠᠬᠠᠮᠠᠳ ᠲᠤ ᠦᠢᠯᠡᠴᠢᠯᠡᠬᠦ ᠠᠷᠭ᠎ᠠ ᠬᠡᠯᠪᠡᠷᠢ᠂ ᠦᠢᠯᠡᠴᠢᠯᠡᠬᠦ ᠠᠭᠤᠯᠭ᠎ᠠ᠂ | ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠵᠡᠷᠭᠡ ᠶᠢ ᠮᠡᠳᠡᠭᠳᠡᠵᠦ᠂ ᠰᠣᠷᠣᠭᠴᠢ ᠪᠣᠯᠤᠨ ᠬᠡᠷ ᠤᠨ ᠠᠬᠠᠮᠠᠳ | ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ᠂ ᠪᠡᠶ᠎ᠡ ᠪᠠᠨ ᠲᠠᠭᠠᠭᠠᠵᠤ ᠬᠢᠴᠢᠶᠡᠯ ᠰᠣᠩᠭᠤᠬᠤ ᠬᠡᠷᠡᠭᠲᠡᠶ ᠭᠡᠵᠦ | ᠱᠠᠭᠠᠷᠳᠠᠪᠠ᠃ | ᠮᠡᠳᠡᠭᠳᠡᠯ ᠳᠤ᠂ ᠭᠠᠵᠠᠷ ᠣᠷᠣᠨ ᠪᠠ ᠰᠤᠷᠭᠠᠭᠤᠯᠢ ᠶᠢᠨ ᠪᠠᠶᠢᠳᠠᠯ ᠳᠤᠨᠢ ᠲᠣᠬᠢᠷᠠᠭᠤᠯᠤᠨ᠂ ᠡᠯᠪᠡᠭ ᠪᠠᠶᠠᠯᠢᠭ | ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ᠂ | ᠤᠩᠰᠢᠯᠭ᠎ᠠ᠂ ᠰᠢᠨᠵᠢᠯᠡᠬᠦ ᠤᠬᠠᠭᠠᠨ᠂ ᠳᠤᠷ᠎ᠠ ᠰᠣᠨᠢᠷᠬᠠᠯ ᠤᠨ ᠳᠤᠭᠤᠶᠢᠯᠠᠩ ᠪᠠ ᠨᠡᠶᠢᠭᠡᠮ ᠤᠨ ᠪᠦᠯᠬᠦᠮ ᠤᠨ | ᠠᠵᠢᠯᠯᠠᠭ᠎ᠠ ᠵᠡᠷᠭᠡ ᠶᠢ ᠦᠷᠨᠢᠬᠦᠯᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ | ᠴᠠᠭ ᠢ ᠵᠣᠬᠢᠰᠲᠠᠶ ᠨᠡᠮᠡᠭᠳᠡᠭᠦᠯᠵᠦ᠂ ᠬᠡᠷᠡᠭᠴᠡᠭᠡ ᠲᠠᠢ ᠰᠤᠷᠤᠭᠴᠢᠳ ᠲᠤ ᠬᠠᠪᠰᠤᠷᠤᠨ ᠵᠢᠯᠣᠭᠤᠳᠴᠤ ᠮᠠᠲᠠᠭ ᠢ ᠨᠢ | ᠲᠠᠶᠢᠯᠬᠤ ᠪᠠ ᠰᠤᠷᠤᠯᠴᠠᠯᠭ᠎ᠠ ᠶᠢ ᠨᠢ ᠥᠷᠭᠡᠳᠬᠡᠬᠦ ᠵᠢᠯᠣᠭᠤᠳᠣᠯᠭ᠎ᠠ ᠬᠠᠩᠭᠠᠵᠤ᠂ ᠰᠤᠷᠤᠭᠴᠢᠳ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠠᠰᠢᠭᠯᠠᠨ | ᠰᠤᠷᠤᠭᠴᠢᠳ ᠢ ᠵᠣᠬᠢᠶᠠᠨ ᠪᠠᠶᠢᠭᠤᠯᠤᠨ ᠰᠡᠳᠦᠪ ᠤᠩᠰᠢᠭᠤᠯᠤᠨ ᠰᠢᠯᠭᠠᠯᠲᠠ ᠳᠤ ᠪᠡᠯᠡᠳᠬᠡᠬᠦ᠂ ᠰᠢᠨ᠎ᠡ ᠬᠢᠴᠢᠶᠡᠯ | ᠵᠢᠭᠠᠬᠤ ᠪᠤᠶᠤ ᠬᠠᠮᠲᠤ ᠪᠠᠷ ᠬᠢᠴᠢᠶᠡᠯ ᠨᠥᠬᠦᠵᠦ ᠪᠣᠯᠬᠤ ᠥᠬᠡᠶ ᠭᠡᠵᠦ ᠲᠤᠷᠠᠳᠪᠠ᠃ | ᠮᠡᠳᠡᠭᠳᠡᠯ ᠳᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠡᠷ᠎ᠡ ᠪᠠᠷ ᠰᠦᠢᠳᠭᠡᠯ ᠬᠤᠷᠢᠶᠠᠬᠤ ᠵᠦᠢᠯᠡᠰ ᠢ | ᠲᠤᠷ᠎ᠠ ᠪᠠᠷ ᠢᠶᠠᠨ ᠨᠡᠮᠡᠵᠦ᠂ ᠰᠦᠢᠳᠭᠡᠯ ᠬᠤᠷᠢᠶᠠᠬᠤ ᠬᠡᠪᠴᠢᠶ᠎ᠡ ᠶᠢ ᠥᠷᠭᠡᠳᠬᠡᠵᠦ ᠪᠣᠯᠬᠤ ᠥᠬᠡᠶ᠂ ᠰᠣᠷᠣᠭᠴᠢ ᠶᠢᠨ | ᠬᠡᠷ ᠤᠨ ᠠᠬᠠᠮᠠᠳ ᠤᠨ ᠬᠦᠰᠡᠯ ᠰᠠᠨᠠᠭ᠎ᠠ ᠠᠴᠠ ᠵᠥᠷᠢᠴᠡᠨ ᠠᠯᠪᠠᠲᠠᠨ ᠰᠦᠢᠳᠭᠡᠯ ᠬᠤᠷᠢᠶᠠᠬᠤ ᠪᠤᠶᠤ ᠤᠶᠠᠵᠤ | ᠪᠠᠶᠢᠭᠠᠳ ᠰᠦᠢᠳᠭᠡᠯ ᠬᠤᠷᠢᠶᠠᠵᠤ ᠪᠣᠯᠬᠤ ᠥᠬᠡᠶ᠂ ᠬᠡᠷ ᠤᠨ ᠠᠬᠠᠮᠠᠳ ᠤᠨ ᠵᠥᠪᠯᠡᠯ᠂ ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠵᠡᠷᠭᠡ ᠪᠠᠷ ᠲᠠᠮᠵᠢᠭᠤᠯᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠰᠦᠢᠳᠭᠡᠯ ᠬᠤᠷᠢᠶᠠᠵᠤ ᠪᠣᠯᠬᠤ | ᠥᠬᠡᠶ᠃ ᠣᠷᠣᠨ ᠨᠤᠲᠤᠭ ᠪᠣᠯᠤᠨ ᠰᠤᠷᠭᠠᠭᠤᠯᠢ ᠨᠤᠭᠤᠳ ᠨᠢ ᠲᠤᠰ ᠭᠠᠵᠠᠷ ᠣᠷᠣᠨ ᠤ ᠪᠠᠨ ᠲᠣᠭᠲᠠᠭᠠᠯ ᠶᠣᠰᠣᠭᠠᠷ | ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠢᠶ᠎ᠠ | ᠪᠦᠬᠦᠢ ᠰᠦᠢᠳᠭᠡᠯ ᠢ ᠬᠠᠰᠤᠵᠤ ᠬᠡᠯᠲᠦᠷᠢᠭᠦᠯᠬᠦ ᠬᠡᠷᠡᠭᠲᠡᠶ᠃ ᠰᠤᠷᠭᠠᠭᠤᠯᠢ ᠨᠢ ᠰᠦᠢᠳᠭᠡᠯ ᠬᠤᠷᠢᠶᠠᠬᠤ ᠶᠢ ᠢᠯᠡ | ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ | ᠮᠡᠳᠡᠭᠳᠡᠯ ᠳᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠶᠢ ᠰᠢᠯᠢᠨ ᠰᠣᠩᠭᠤᠵᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠤᠯᠤᠮᠵᠢ ᠶᠢᠨ | ᠨᠡᠷᠡᠰ᠂ ᠦᠢᠯᠡᠴᠢᠯᠡᠭᠡᠨ ᠤ ᠲᠥᠷᠥᠯ ᠵᠦᠢᠯ ᠵᠢᠴᠢ ᠣᠷᠣᠭᠤᠯᠤᠨ ᠠᠪᠴᠢᠷᠠᠬᠤ ᠰᠦᠢᠳᠭᠡᠯ ᠤᠨ ᠪᠠᠷᠢᠮᠵᠢᠶ᠎ᠠ ᠶᠢ | ᠲᠤᠬᠳᠠᠭᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠬᠥᠳᠡᠯᠦᠩᠭᠦᠶ | ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠤᠷᠭᠠᠭᠤᠯᠢ ᠶᠢᠨ ᠭᠠᠳᠠᠨ᠎ᠠ ᠠᠴᠠ ᠣᠷᠣᠭᠤᠯᠬᠤ | ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠲᠤᠷᠠᠳᠪᠠ᠃ | ᠮᠡᠳᠡᠭᠳᠡᠯ ᠢ ᠦᠨᠳᠦᠰᠦᠯᠡᠪᠡᠯ᠂ ᠡᠯ᠎ᠡ ᠭᠠᠵᠠᠷ ᠤᠨ ᠬᠢᠨ ᠣᠷᠣᠨ ᠪᠦᠰᠡ ᠶᠢᠨ ᠳᠣᠲᠣᠷᠠᠬᠢ ᠬᠢᠴᠢᠶᠡᠯ ᠤᠨ | ᠳᠠᠷᠠᠭᠠᠬᠢ ᠦᠢᠯᠡᠴᠢᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢᠨ ᠬᠠᠮᠲᠤ | 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠵᠢᠩᠬᠢᠨᠢ ᠪᠠᠷ | ᠬᠡᠷᠡᠭᠵᠢᠭᠦᠯᠬᠦ ᠪᠤᠯᠤᠨ᠎ᠠ᠃ | ᠢᠷᠡᠯᠳᠡ ᠠᠷᠠᠳ ᠤᠨ ᠰᠦᠯᠵᠢᠶ᠎ᠡ |